ᠪᠦᠭᠡᠪᠢᠯᠢᠭ ᠤᠨ ᠬᠠᠷ᠎ᠠ ᠠᠵᠢᠨᠠᠢ ᠱᠠᠩ ᠲᠤᠰᠤᠯ᠎ᠠ
ᠨᠡᠶᠢᠲᠡᠯᠡᠭᠰᠡᠨ ᠴᠠᠭ᠄
2024/7/10
          2024 ᠣᠨ ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠢᠶᠳᠪᠦᠷᠢᠲᠦ ᠤᠷᠤᠯᠳᠤᠭᠠᠨ ᠳᠤ ᠰᠢᠯᠤᠭᠤᠨ ᠬᠥᠬᠡ ᠬᠤᠰᠢᠭᠤᠨ ᠤ ᠵᠢᠭᠠᠰᠤᠲᠠᠶ ᠰᠤᠮᠤᠨ ᠤ ᠠᠯᠳᠠᠨ ᠰᠢᠷᠡᠭᠡᠲᠦ ᠭᠠᠴᠠᠭᠠᠨ ᠤ ᠮᠠᠯᠴᠢᠨ᠂ ᠤᠶᠠᠭᠠᠴᠢ ᠪᠥᠬᠡᠪᠢᠯᠢᠭ ᠤᠨ ᠬᠠᠷ᠎ᠠ ᠠᠵᠢᠨᠠᠶ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠬᠤᠶᠠᠳᠤᠭᠠᠷ ᠲᠤ ᠢᠷᠡᠵᠦ᠂ ᠤᠰᠤ ᠨᠤᠳᠤᠭ ᠤᠨ ᠠᠯᠳᠠᠷ ᠢ ᠡᠷᠭᠦᠨ᠂ ᠤᠶᠠᠭᠰᠠᠨ ᠡᠵᠡᠨ ᠢᠶᠠᠨ ᠪᠠᠶᠠᠰᠬᠠᠯ᠎ᠠ᠃     7 ᠰᠠᠷ᠎ᠠ ᠶᠢᠨ 4 ᠤ ᠡᠳᠦᠷ᠂ ᠵᠢᠭᠠᠰᠤᠲᠠᠶ ᠰᠤᠮᠤᠨ ᠤ ᠬᠠᠮᠢᠶ᠎ᠠ ᠪᠥᠬᠦᠶ ᠤᠳᠤᠷᠢᠳᠤᠯᠭ᠎ᠠ᠂ ᠰᠢᠷᠡᠭᠡᠳᠦ ᠭᠠᠴᠠᠭᠠᠨ ᠤ ᠮᠠᠯᠴᠢᠳ ᠤᠬᠳᠤᠯᠭ᠎ᠠ ᠶᠢᠨ ᠶᠤᠰᠤᠯᠠᠯ ᠶᠠᠪᠤᠭᠳᠠᠭᠤᠯᠵᠤ᠂ ᠬᠠᠰᠢᠷ ᠤᠶᠠᠭᠠᠴᠢ᠂ ᠬᠤᠷᠳᠤᠨ ᠬᠦᠯᠦᠭ  ᠢᠶᠠᠨ ᠬᠤᠶᠢᠰᠢᠳᠠ ᠤᠯᠠᠨ ᠤᠯᠠᠨ ᠤᠷᠤᠯᠳᠤᠭᠠᠨ ᠤ ᠲᠠᠯᠠᠪᠤᠷ ᠲᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠰᠠᠶᠢᠨ ᠬᠢᠷᠢ ᠪᠦᠲᠦᠮᠵᠢ ᠤᠯᠬᠤ ᠶᠢ ᠬᠦᠰᠡᠭᠰᠡᠨ ᠪᠠᠶᠢᠨ᠎ᠠ᠃     ᠪᠥᠬᠡᠪᠢᠯᠢᠭ ᠠᠷᠪᠠᠭᠠᠳ ᠨᠠᠰᠤᠨ ᠠᠴᠠ ᠪᠠᠨ ᠠᠳᠤᠭᠤ ᠮᠠᠯ ᠲᠠᠢ ᠤᠶᠢᠷᠠᠳᠤᠨ᠂ ᠤᠳᠤ ᠪᠤᠯᠬᠤ ᠳᠤ ᠬᠤᠷᠢ ᠭᠠᠷᠤᠶ ᠵᠢᠯ ᠤᠷᠤᠯᠳᠤᠭᠠᠨ ᠤ ᠮᠤᠷᠢ ᠠᠷᠠᠴᠢᠯᠠᠭᠰᠠᠨ ᠲᠤᠷᠰᠢᠯᠭ᠎ᠠ ᠲᠠᠢ ᠪᠠᠶᠢᠵᠤ᠂ ᠶᠡᠭᠡ ᠪᠠᠭ᠎ᠠ ᠭᠤᠴᠢ ᠭᠠᠷᠤᠶ ᠤᠳᠠᠭᠠᠨ ᠤ ᠤᠷᠤᠯᠳᠤᠭᠠᠨ ᠳᠤ ᠬᠦᠯᠦᠭ ᠤᠨ ᠢᠶᠠᠨ ᠰᠢᠨᠳᠠᠰᠤ ᠶᠢ ᠰᠤᠷᠢᠵᠦ ᠥᠩᠭᠡᠷᠡᠵᠡᠶ᠃ ᠡᠨᠡ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠬᠠᠷ᠎ᠠ ᠠᠵᠢᠨᠠᠶ ᠶᠢ ᠰᠢᠳᠦᠯᠡᠩ ᠠᠴᠠ ᠨᠢ ᠡᠬᠢᠯᠡᠨ ᠤᠷᠤᠯᠳᠤᠭᠠᠨ ᠳᠤ ᠤᠷᠤᠯᠴᠠᠭᠤᠯᠵᠤ᠂ ᠤᠷᠢᠳ ᠬᠤᠵᠢᠳ 20 ᠭᠠᠷᠤᠶ ᠱᠠᠩᠨᠠᠯ ᠬᠦᠷᠳᠡᠭᠰᠡᠨ ᠥᠩᠭᠡᠷᠡᠯᠲᠡ ᠲᠠᠢ᠃     ᠪᠥᠬᠡᠪᠢᠯᠢᠭ ᠬᠡᠯᠡᠬᠦ ᠳᠡᠭᠡᠨ᠄ ︽ᠤᠷᠤᠯᠳᠤᠭᠠᠨ ᠤ ᠮᠤᠷᠢᠳ ᠪᠦᠷ ᠪᠦᠷ ᠥᠪᠡᠷ ᠤᠨ ᠵᠠᠩ ᠠᠷᠠᠨᠰᠢᠨ ᠪᠠ ᠤᠨᠴᠠᠯᠢᠭ ᠲᠠᠢ ᠪᠠᠶᠢᠳᠠᠭ ᠪᠣᠯᠬᠤᠷ ᠰᠤᠷᠭᠠᠬᠤ ᠠᠷᠭ᠎ᠠ ᠬᠡᠯᠪᠡᠷᠢ ᠨᠢ ᠴᠦ ᠠᠳᠠᠯᠢ ᠥᠬᠡᠶ ᠪᠠᠶᠢᠳᠠᠭ᠃ ᠴᠠᠭ ᠢ ᠨᠢ ᠵᠣᠬᠢᠰᠲᠠᠶ ᠲᠣᠬᠢᠷᠠᠭᠤᠯᠵᠤ᠂ ᠵᠠᠷᠢᠮ ᠳᠠᠭᠠᠨ ᠨᠢᠭᠡ ᠡᠳᠦᠷ ᠰᠤᠶᠢᠪᠠᠯ ᠨᠢᠭᠡ ᠡᠳᠦᠷ ᠠᠮᠠᠷᠠᠭᠤᠯᠵᠤ᠂ ᠡᠪᠡᠰᠦ ᠤᠰᠤᠨ  ᠠᠴᠠ ᠨᠢ ᠡᠬᠢᠯᠡᠭᠡᠳ ᠪᠦᠷ ᠨᠠᠷᠢᠯᠢᠭ ᠲᠤᠬᠢᠷᠠᠭᠤᠯᠬᠤ ᠴᠢᠬᠤᠯᠠ ᠲᠠᠢ︾ ᠭᠡᠯ᠎ᠡ᠃      ᠵᠢᠭᠠᠰᠤᠲᠠᠢ ᠰᠤᠮᠤ ᠬᠤᠶᠢᠰᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠢᠶᠠᠷ ᠠᠵᠠ ᠲᠣᠬᠢᠶᠠᠯ ᠪᠤᠯᠭᠠᠨ᠂ ᠠᠳᠤᠭᠤᠨ ᠤ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠦᠢᠯᠡᠰ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠵᠤ᠂ ᠦᠷᠬᠦᠯᠵᠢᠯᠡᠨ ᠥᠷᠨᠢᠭᠦᠨ ᠬᠥᠭᠵᠢᠭᠦᠯᠬᠦ ᠪᠠᠷ ᠴᠢᠷᠮᠠᠶᠢᠵᠦ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号