ᠮᠠᠩᠬᠠᠨ ᠨᠤᠳᠤᠭ ᠢᠶᠠᠨ ᠨᠣᠭᠤᠭᠠᠨ ᠪᠦᠷᠢᠳᠦ ᠪᠤᠯᠭᠠᠭᠰᠠᠨ 30 ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ
ᠨᠡᠶᠢᠲᠡᠯᠡᠭᠰᠡᠨ ᠴᠠᠭ᠄
2024/7/10
                                — ᠰᠢᠯᠤᠭᠤᠨ ᠬᠦᠭᠡ ᠬᠤᠰᠢᠭᠤᠨ ᠤ ᠨᠠᠷᠠᠳᠤ ᠰᠤᠮᠤᠨ ᠤ                ᠲᠤᠷᠵᠢᠰᠡᠷᠡᠩ ᠨᠠᠰᠤᠳᠠᠨ ᠢ ᠳᠡᠮᠳᠡᠭᠯᠡᠪᠡ      ᠰᠢᠯᠤᠭᠤᠨ ᠬᠦᠭᠡ ᠬᠤᠰᠢᠭᠤᠨ ᠤ ᠨᠠᠷᠠᠲᠤ ᠰᠤᠮᠤᠨ ᠤ ᠳᠠᠭᠤᠲᠤ ᠨᠠᠭᠤᠷ ᠭᠠᠴᠠᠭᠠᠨ ᠤ ᠵᠤᠰᠠᠯᠠᠩ ᠳᠤ  ᠪᠠᠶᠠᠨ ᠨᠠᠭᠤᠷ ᠭᠡᠵᠦ ᠨᠠᠭᠤᠷ ᠤᠰᠤ ᠲᠠᠢ ᠰᠠᠶᠢᠬᠠᠨ ᠭᠠᠵᠠᠷ ᠪᠤᠢ᠃ ᠬᠤᠷᠢᠨ ᠲᠠᠪᠤᠨ ᠵᠢᠯ ᠤᠨ ᠡᠮᠦᠨ᠎ᠡ᠂ ᠨᠠᠭᠤᠷ ᠤᠨ ᠡᠷᠭᠢᠨ ᠲᠣᠭᠤᠷᠢᠨ ᠳᠤ ᠨᠤᠷ᠎ᠠ ᠡᠯᠡᠰᠦ ᠪᠦᠷᠬᠦᠵᠦ᠂ ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠪᠠᠶᠢᠵᠠᠢ᠃ 1999 ᠣᠨ ᠤ ᠬᠠᠪᠤᠷ᠂ ᠲᠤᠷᠵᠢᠰᠡᠷᠡᠩ ᠨᠠᠰᠤᠲᠠᠨ ᠨᠤᠳᠤᠭ ᠤᠰᠤ ᠪᠠᠨ ᠦᠭᠡᠷᠡᠴᠢᠯᠡᠬᠦ ᠪᠠᠷ ᠰᠢᠢᠳᠴᠦ᠂ ᠡᠯᠡᠰᠦ  ᠶᠢ ᠵᠠᠰᠠᠬᠤ ᠬᠠᠲᠠᠭᠤᠵᠢᠯᠲᠠᠶ ᠠᠵᠢᠯ ᠢᠶᠠᠨ ᠡᠬᠢᠯᠡᠭᠦᠯᠦᠯ᠎ᠡ᠃     ᠳᠠᠯᠠ ᠶᠢᠨ ᠳᠠᠪᠠᠭ᠎ᠠ ᠶᠢ ᠳᠠᠪᠠᠭᠰᠠᠨ ᠲᠤᠷᠵᠢᠰᠡᠷᠡᠩ ᠨᠠᠰᠤᠳᠠᠨ ᠡᠨᠡ ᠡᠳᠦᠷ ᠭᠡᠷ ᠤᠨ ᠬᠥᠮᠦᠰ ᠤᠨ ᠢᠶᠠᠨ ᠪᠠᠷ᠎ᠠ ᠪᠣᠯᠣᠯᠭ᠎ᠠ ᠲᠠᠢ ᠪᠠᠷ ᠵᠤᠰᠠᠯᠠᠩ ᠳᠠᠭᠠᠨ ᠬᠦᠷᠴᠦ ᠢᠷᠡᠯ᠎ᠡ᠃ ᠳᠡᠷᠡ ᠰᠤᠷᠪᠤᠯᠵᠢᠯᠠᠭᠴᠢ ᠳᠤ ᠡᠯᠡᠰᠦ ᠶᠢ ᠵᠠᠰᠠᠭᠰᠠᠨ ᠥᠩᠭᠡᠷᠡᠯᠲᠡ ᠪᠠᠨ ᠶᠠᠷᠢᠬᠤ ᠳᠠᠭᠠᠨ ᠴᠢᠷᠠᠢ ᠳᠤᠨᠢ ᠥᠪᠡᠷ ᠤᠨ ᠡᠷᠭᠡ ᠦᠭᠡᠢ ᠤᠮᠤᠭ ᠪᠠᠭ᠋ᠠᠳᠤᠯᠲᠤ ᠪᠠᠶᠢᠳᠠᠯ ᠢᠯᠡᠷᠡᠵᠦ ᠪᠠᠶᠢᠯ᠎ᠠ᠃     25 ᠵᠢᠯ ᠤᠨ ᠡᠮᠦᠨ᠎ᠡ ᠠᠳᠡᠬᠢ ᠨᠢ ᠰᠢᠯᠤᠭᠤᠨ ᠬᠥᠬᠡ ᠬᠤᠰᠢᠭᠤᠨ ᠤ ᠨᠠᠷᠠᠲᠤ ᠰᠤᠮᠤᠨ ᠤ ᠳᠠᠭᠤᠲᠤ ᠨᠠᠭᠤᠷ ᠭᠠᠴᠠᠭᠠᠨ ᠤ ᠮᠠᠯᠴᠢᠳ ᠤᠨ ᠬᠠᠮᠲᠤ ᠶᠢᠨ ᠵᠤᠰᠠᠯᠠᠩ ᠪᠠᠶᠢᠵᠠᠶ᠃ ᠠᠭᠤᠷ ᠠᠮᠢᠰᠬᠤᠯ ᠤᠨ ᠬᠤᠪᠢᠷᠠᠯᠲᠠ᠂ ᠬᠡᠲᠦᠷᠡᠲᠡᠯ᠎ᠡ ᠮᠠᠯᠵᠢᠭᠰᠠᠨ ᠵᠡᠷᠭᠡ ᠬᠥᠮᠦᠨ ᠪᠠ ᠪᠠᠶᠢᠭᠠᠯᠢ ᠶᠢᠨ ᠨᠥᠯᠥᠭᠡ ᠠᠴᠠ ᠪᠣᠯᠵᠣ᠂ ᠠᠳᠡᠬᠢ ᠠᠮᠢ ᠠᠬᠤᠢ ᠠᠭᠠᠵᠢᠮ ᠢᠶᠠᠷ ᠮᠠᠭᠤᠳᠠᠵᠤ᠂ ᠬᠥᠷᠥᠰᠥ ᠰᠢᠷᠣᠶ ᠶᠢᠨ ᠢᠳᠡᠭᠳᠡᠯ ᠬᠡᠴᠡᠭᠦᠳᠡᠨ᠂ ᠬᠦᠨᠳᠦ ᠨᠣᠴᠢᠲᠠᠶ ᠡᠯᠡᠰᠦᠷᠬᠡᠭᠵᠢᠯ ᠢ ᠪᠣᠶ ᠪᠤᠯᠭᠠᠭᠰᠠᠨ ᠪᠠᠶᠢᠨ᠎ᠠ᠃ ᠦᠷ᠎ᠡ ᠬᠡᠦᠬᠡᠳ ᠲᠡᠭᠡᠨ ᠠᠭᠤᠯᠠ ᠤᠰᠤ ᠪᠠᠨ ᠬᠥᠬᠡᠮᠳᠦᠭ ᠨᠣᠭᠤᠭᠠᠨ ᠢᠶᠠᠷ ᠨᠢ ᠦᠪᠯᠡᠭᠦᠯᠦᠨ ᠦᠯᠡᠳᠡᠭᠡᠭᠦ ᠶᠢ ᠪᠤᠳᠤᠭᠰᠠᠨ ᠲᠤᠷᠵᠢᠰᠡᠷᠡᠩ ᠨᠠᠰᠤᠳᠠᠨ ᠬᠤᠰᠢᠭᠤ᠂ ᠰᠤᠮᠤᠨ ᠠᠴᠠ ᠲᠠᠷᠬᠠᠭᠠᠭᠰᠠᠨ 8000 ᠲᠥᠭᠦᠷᠢᠭ ᠤᠨ ᠡᠯᠡᠰᠦ ᠶᠢ ᠵᠠᠰᠠᠬᠤ ᠵᠢᠭᠡᠯᠡᠯᠭᠡ ᠶᠢ ᠠᠰᠢᠭᠯᠠᠨ ᠤᠷᠢᠳᠠᠪᠠᠷ 700 ᠮᠦ ᠭᠠᠵᠠᠷ ᠢ ᠡᠳᠡᠭᠡᠷᠡᠭᠦᠯᠦᠨ ᠵᠠᠰᠠᠵᠤ᠂ ᠲᠤᠰ ᠵᠢᠯ ᠤᠨ ᠬᠢᠨᠢ ᠨᠠᠮᠤᠷ ᠪᠣᠯᠬᠤ ᠳᠤ ᠦᠷ᠎ᠡ ᠠᠰᠢᠭ ᠮᠡᠳᠡᠭᠳᠡᠮ᠎ᠡ ᠪᠤᠯᠤᠭᠰᠠᠨ ᠪᠠᠶᠢᠨ᠎ᠠ᠃ ᠡᠨᠡ ᠨᠢ ᠲᠡᠭᠦᠨ ᠤ ᠡᠯᠡᠰᠦ ᠶᠢ ᠵᠠᠰᠠᠬᠤ ᠬᠦᠰᠡᠯ ᠵᠤᠷᠢᠭ ᠢ ᠡᠷᠴᠢᠯᠡᠭᠰᠡᠨ ᠢᠶᠠᠷ ᠪᠠᠷᠠᠬᠤ ᠦᠭᠡᠢ ᠬᠤᠰᠢᠭᠤ ᠵᠠᠰᠠᠭ  ᠤᠨ ᠣᠷᠳᠣᠨ ᠪᠣᠯᠤᠨ ᠤᠢ ᠰᠢᠭᠤᠢ ᠶᠢᠨ ᠲᠣᠪᠴᠢᠶ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠯᠡᠨ ᠳᠡᠮᠵᠢᠭᠰᠡᠨ ᠠᠴᠠ ᠳᠡᠮᠦᠷ ᠲᠤᠤᠷ ᠪᠤᠯᠤᠨ ᠨᠢᠯᠬ᠎ᠠ ᠮᠤᠳᠤᠨ ᠤ ᠲᠦᠷᠦᠯ ᠵᠦᠢᠯ ᠢ ᠡᠷᠡᠮᠵᠡᠯᠡᠨ ᠤᠯᠵᠤ᠂ ᠵᠠᠰᠠᠯᠲᠠ  ᠶᠢᠨ ᠲᠠᠯᠠᠪᠠᠢ ᠪᠠᠨ 2000 ᠮᠦ ᠪᠤᠯᠭᠠᠨ ᠦᠷᠭᠡᠳᠭᠡᠭᠰᠡᠨ ᠪᠠᠶᠢᠨ᠎ᠠ᠃     ᠲᠤᠷᠵᠢᠰᠡᠷᠡᠩ ᠨᠠᠰᠤᠳᠠᠨ ᠬᠡᠯᠡᠬᠦ ᠳᠡᠭᠡᠨ᠄ ︽ᠠᠳᠡ ᠤᠤᠯ ᠨᠢ ᠴᠠᠭᠠᠨ ᠡᠯᠡᠰᠦ ᠪᠠᠶᠢᠭᠰᠠᠨ᠂ ᠪᠤᠷᠭᠠᠰᠤ ᠮᠤᠳᠤ ᠲᠠᠷᠢᠵᠦ ᠦᠭᠡᠷᠡᠴᠢᠯᠡᠶ᠎ᠡ ᠭᠡᠳ ᠲᠤᠬᠠᠶ ᠶᠢᠨ ᠵᠢᠯ ᠪᠢ ᠭᠠᠭᠴᠠᠭᠠᠷ ᠮᠣᠷᠢᠨ ᠲᠡᠷᠭᠡ ᠪᠠᠷ ᠢᠷᠡᠵᠦ ᠮᠤᠳᠤ ᠳᠠᠷᠢᠳᠠᠭ ᠪᠠᠶᠢᠪᠠ᠃ ᠡᠨᠡ ᠬᠤᠭᠤᠴᠠᠭᠠᠨ ᠳᠤ ᠪᠡᠯᠡ ᠮᠥᠩᠭᠦ ᠪᠤᠯᠤᠨ ᠬᠥᠳᠡᠯᠮᠦᠷᠢ ᠬᠦᠴᠦ ᠲᠤᠳᠠᠭᠳᠠᠬᠤ ᠵᠡᠷᠭᠡ ᠬᠦᠴᠢᠷᠳᠡᠯ ᠦᠷᠬᠦᠯᠵᠢ ᠳᠤᠬᠢᠶᠠᠯᠳᠤᠳᠠᠭ ᠪᠠᠶᠢᠭᠰᠠᠨ︾ ᠭᠡᠯ᠎ᠡ᠃     ᠠᠷᠪᠠᠨ ᠵᠢᠯ ᠤᠨ ᠬᠢᠨᠢ ᠳᠠᠷᠠᠭ᠎ᠠ᠂ ᠨᠠᠰᠤᠲᠠᠨ ᠤ ᠤᠶᠢᠭ᠎ᠠ ᠦᠭᠡᠢ ᠬᠦᠳᠡᠯᠮᠦᠷᠢ ᠶᠢᠨ ᠬᠠᠷᠢᠭᠤ ᠳᠤ ᠳᠠᠭᠤᠳᠤ ᠨᠠᠭᠤᠷ ᠭᠠᠴᠠᠭᠠᠨ ᠤ ᠵᠤᠰᠠᠯᠠᠩ ᠤᠨ ᠮᠠᠩᠬᠠᠨ ᠳᠤ ᠰᠢᠷ᠎ᠠ ᠪᠤᠷᠭᠠᠰᠤ᠂ ᠴᠢᠴᠠᠷᠭᠠᠨ᠎ᠠ᠂ ᠤᠯᠢᠶᠠᠰᠤ᠂ ᠰᠢᠷᠠᠯᠵᠢ᠂ ᠬᠠᠶᠢᠯᠠᠰᠤᠨ ᠮᠣᠳᠣ᠂ ᠬᠠᠷᠭᠠᠨ᠎ᠠ ᠵᠡᠷᠭᠡ ᠤᠯᠠᠨ ᠶᠠᠩᠵᠤ ᠶᠢᠨ ᠤᠷᠭᠤᠮᠠᠯ ᠴᠡᠯᠡᠭᠡᠷᠡᠨ ᠨᠤᠭᠤᠭᠠᠷᠠᠵᠤ᠂ ᠬᠡᠳᠦᠨ ᠠᠷᠪᠠᠨ ᠵᠦᠢᠯ ᠤᠨ ᠤᠷᠭᠤᠮᠠᠯ ᠤᠨ ᠲᠦᠷᠦᠯ ᠨᠡᠮᠡᠭᠳᠡᠨ ᠳᠠᠩᠰᠤᠭ ᠰᠠᠶᠢᠬᠠᠨ ᠪᠠᠶᠢᠭᠠᠯᠢ ᠶᠢᠨ ᠦᠵᠡᠮᠵᠢ ᠪᠦᠷᠢᠳᠦᠯ᠎ᠡ᠃ 2013 ᠣᠨ ᠳᠤ ᠭᠠᠴᠠᠭᠠᠨ ᠤ ᠵᠤᠰᠠᠯᠠᠩ ᠤᠨ ᠭᠠᠵᠠᠷ ᠢ ᠳᠠᠬᠢᠨ ᠰᠢᠨ᠎ᠡ ᠪᠠᠷ ᠬᠤᠪᠢᠶᠠᠷᠢᠯᠠᠬᠤ ᠳᠤ ᠲᠤᠷᠵᠢᠰᠡᠷᠡᠩ ᠭᠤᠸᠠᠢ ᠡᠨᠡᠬᠦ 2000 ᠮᠥ ᠠᠴᠠ 680 ᠮᠥ ᠬᠤᠪᠢᠳᠠᠨ ᠤᠯᠵᠤ᠂ ᠤᠳᠤ ᠪᠤᠯᠳᠠᠯ᠎ᠠ ᠬᠠᠮᠠᠭᠠᠯᠠᠭᠰᠠᠭᠠᠷ ᠪᠤᠢ᠃    ᠲᠤᠷᠵᠢᠰᠡᠷᠡᠩ ᠨᠠᠰᠤᠲᠠᠨ᠄ ︽ᠦᠩᠭᠡᠷᠡᠭᠰᠡᠨ ᠳᠤ ᠬᠡᠳᠦᠶᠢᠪᠡᠷ ᠮᠠᠰᠢ ᠣᠯᠠᠨ ᠬᠦᠴᠢᠷ ᠪᠡᠷᠬᠡᠰᠢᠶᠡᠯ ᠢ ᠳᠤᠭᠤᠯᠤᠭᠰᠠᠨ ᠪᠣᠯᠪᠠᠴᠤ᠂ ᠣᠳᠣ ᠡᠨᠡᠬᠦ ᠢᠬᠴᠤ ᠰᠠᠬᠤᠯᠢᠭ ᠰᠢᠭᠤᠶ ᠶᠢ ᠣᠯᠵᠤ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠮᠢᠨᠦ 25 ᠵᠢᠯ ᠤᠨ ᠴᠢᠷᠮᠠᠶᠢᠯᠭ᠎ᠠ ᠲᠠᠯᠠᠭᠠᠷ ᠪᠣᠯᠤᠭᠰᠠᠨ ᠦᠭᠡᠢ︾ ᠭᠡᠵᠦ ᠲᠤᠭᠳᠤᠯᠤᠨ ᠶᠠᠷᠢᠵᠦ ᠪᠠᠶᠢᠯ᠎ᠠ᠃    ᠲᠤᠷᠵᠢᠰᠡᠷᠡᠩ ᠭᠤᠸᠠᠢ 45 ᠨᠠᠰᠤᠨ ᠠᠴᠠ ᠪᠠᠨ ᠨᠤᠲᠤᠭ ᠤᠰᠤ ᠪᠠᠨ ᠵᠠᠰᠠᠨ ᠨᠤᠭᠤᠭᠠᠷᠠᠭᠤᠯᠵᠤ᠂ ᠤᠷᠢᠳ ᠬᠤᠵᠢᠳ 30 ᠲᠦᠮᠡᠨ ᠲᠥᠭᠦᠷᠢᠭ ᠵᠠᠷᠤᠴᠠᠭᠤᠯᠤᠨ᠂ ᠤᠳᠤ ᠪᠤᠯᠬᠤ ᠳᠤ ᠮᠡᠳᠡᠭᠳᠡᠮ᠎ᠡ ᠠᠮᠵᠢᠯᠳᠠ ᠤᠯᠤᠭᠰᠠᠨ ᠪᠠᠶᠢᠨ᠎ᠠ᠃ ᠲᠡᠭᠦᠨ ᠤ ᠳᠠᠭᠠᠭᠤᠯᠭ᠎ᠠ ᠪᠠᠷ᠂ ᠨᠡᠩ ᠣᠯᠠᠨ ᠮᠠᠯᠴᠢᠳ ᠡᠯᠡᠰᠦ ᠶᠢ ᠵᠠᠰᠠᠬᠤ ᠡᠩᠨᠡᠭᠡ ᠳᠤ ᠨᠢᠭᠡᠳᠦᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠲᠠᠶᠢᠯᠠᠯᠳᠤᠭᠠᠨ ᠳᠤ ᠰᠢᠭᠤᠷᠬᠠᠶᠢᠯᠠᠵᠤ᠂ ᠨᠤᠳᠤᠭ ᠤᠰᠤᠨ ᠤ ᠪᠠᠨ ᠪᠦᠲᠦᠭᠡᠨ ᠪᠠᠶᠢᠭᠤᠯᠤᠯᠳᠠ ᠳᠤ ᠬᠤᠪᠢ ᠨᠡᠮᠡᠷᠢ ᠪᠠᠨ ᠡᠷᠭᠦᠵᠡᠭᠡᠨ᠎ᠡ᠃      ᠤᠨ ᠵᠢᠯ ᠤᠨ ᠤᠷᠴᠢᠯᠳᠠ ᠨᠠᠰᠤᠳᠠᠨ ᠤ ᠴᠢᠷᠠᠢ ᠳᠤ ᠢᠮ ᠳᠠᠮᠠᠭ᠎ᠠ ᠪᠠᠨ ᠦᠯᠡᠳᠡᠭᠡᠭᠰᠡᠨ ᠪᠤᠯᠪᠠᠴᠤ᠂ ᠳᠡᠭᠦᠨ  ᠤ ᠡᠯᠡᠰᠦ ᠶᠢ ᠵᠠᠰᠠᠬᠤ ᠡᠷᠴᠢ ᠵᠤᠷᠢᠭ 30 ᠵᠢᠯ ᠤᠨ ᠡᠮᠦᠨᠡᠬᠢ ᠲᠠᠢ ᠪᠠᠨ ᠠᠳᠠᠯᠢ ᠭᠠᠯ ᠬᠠᠯᠠᠭᠤᠨ ᠢᠶᠠᠷ ᠢᠶᠠᠨ ᠪᠠᠶᠢᠭᠰᠠᠭᠠᠷ ᠁ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号