ᠡᠦ ᠭᠤᠸᠠᠩ ᠵᠢᠶᠠᠩ᠄ ᠨᠠᠮ ᠤᠨ ᠬᠡᠰᠢᠬᠦᠨ ᠤ ᠡᠭᠦᠷᠭᠡ ᠬᠠᠷᠢᠭᠤᠴᠠᠯᠭ᠎ᠠ ᠪᠠᠨ ᠢᠮᠠᠬᠳᠠ ᠦᠢᠯᠡᠳᠦᠯᠭᠡᠵᠢᠬᠦᠯᠦᠨ᠎ᠡ
ᠨᠡᠶᠢᠲᠡᠯᠡᠭᠰᠡᠨ ᠴᠠᠭ᠄
2024/7/10
      ᠡᠦ ᠭᠤᠸᠠᠩ ᠵᠢᠶᠠᠩ ᠪᠤᠯ ᠱᠠᠩᠳᠤ ᠶᠢᠨ ᠭᠤᠤᠯ ᠨᠡᠶᠢᠭᠡᠮ ᠲᠤᠭᠤᠷᠢᠭ ᠤᠨ ᠨᠠᠮ ᠤᠨ ᠬᠡᠰᠢᠬᠦᠨ᠂ ᠳᠡᠷᠡ 1952 ᠣᠨ ᠳᠤ ᠲᠦᠷᠦᠵᠦ᠂ 1974 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ ᠨᠢᠭᠡᠨ ︽ᠨᠠᠮ ᠳᠤ ᠤᠷᠤᠭᠰᠠᠨ 50 ᠵᠢᠯ ᠤᠨ ᠢᠷᠠᠭᠤ ᠠᠯᠳᠠᠷ︾ ᠢ ᠬᠦᠷᠳᠡᠭᠴᠢ ᠪᠤᠯᠤᠨ᠎ᠠ᠃      ᠦ᠋ ᠭᠤᠸᠠᠩ ᠵᠢᠶᠠᠩ ᠲᠠᠢ ᠠᠩᠬ᠎ᠠ ᠠᠭᠤᠯᠵᠠᠬᠤ ᠳᠤ ᠲᠡᠷᠡ ᠶᠠᠭ ᠨᠡᠶᠢᠭᠡᠮ ᠲᠣᠭᠤᠷᠢᠭ ᠲᠠᠭᠠᠨ ᠴᠡᠪᠡᠷᠯᠡᠭᠡ ᠬᠢᠵᠦ ᠪᠠᠶᠢᠯ᠎ᠠ᠃ ᠨᠡᠶᠢᠭᠡᠮ ᠲᠣᠭᠤᠷᠢᠭ ᠤᠨ ᠡᠭᠦᠳᠡᠨ ᠳᠠᠬᠢ ᠡᠯᠡᠰᠦ ᠰᠢᠷᠤᠢ ᠬᠤᠭ ᠨᠤᠪᠰᠢ ᠶᠢ ᠴᠡᠪᠡᠷᠯᠡᠵᠦ᠂ ᠠᠷᠢᠭᠤᠨ ᠴᠡᠪᠡᠷ ᠪᠠᠶᠢᠯᠭᠠᠬᠤ ᠨᠢ ᠲᠡᠭᠦᠨ ᠤ ᠡᠳᠦᠷ ᠲᠤᠳᠤᠮ ᠤᠨ ᠠᠵᠢᠯ ᠤᠨ ᠨᠢᠭᠡ ᠪᠣᠯᠵᠠᠢ᠃      ᠠᠪᠤ ᠶᠢᠨ ᠢᠶᠠᠨ ᠨᠦᠯᠦᠭᠡ ᠪᠠᠷ ᠡᠦ ᠭᠤᠸᠠᠩ ᠵᠢᠶᠠᠩ 1970 ᠣᠨ ᠤ 12 ᠰᠠᠷ᠎ᠠ ᠳᠤ ᠨᠠᠮ ᠤᠨ ᠵᠣᠬᠢᠶᠠᠨ ᠪᠠᠶᠢᠭᠤᠯᠤᠯᠲᠠ ᠲᠠᠢ ᠣᠶᠢᠷᠠᠳᠴᠤ᠂ 19 ᠨᠠᠰᠤᠲᠠᠢ ᠳᠠᠭᠠᠨ ᠴᠡᠷᠢᠭ ᠲᠤ ᠣᠷᠣᠵᠤ ᠴᠢᠯᠥᠭᠡᠯᠡᠬᠦ ᠴᠡᠷᠢᠭ ᠤᠨ ᠪᠠᠶᠢᠯᠳᠤᠭᠴᠢ ᠶᠢᠨ ᠠᠯᠪᠠ ᠬᠠᠭᠠᠨ᠂ 1977 ᠣᠨ ᠤ 3 ᠰᠠᠷ᠎ᠠ ᠳᠤ ᠴᠡᠷᠢᠭ ᠠᠴᠠ ᠬᠠᠯᠠᠭᠳᠠᠵᠠᠢ᠃ 7 ᠵᠢᠯ ᠤᠨ ᠴᠡᠷᠢᠭ ᠠᠩᠭᠢ ᠶᠢᠨ ᠠᠮᠢᠳᠤᠷᠠᠯ ᠨᠢ ᠳᠡᠭᠦᠨ ᠤ ᠡᠷᠡᠰ ᠬᠠᠲᠠᠭᠤ ᠵᠠᠩ ᠴᠢᠨᠠᠷ ᠢ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠤᠯᠠᠨ ᠵᠦᠶᠯ ᠤᠨ ᠢᠷᠠᠭᠤ ᠠᠯᠳᠠᠷ ᠢ ᠴᠤ ᠤᠳᠠᠭ᠎ᠠ ᠳᠠᠷᠠᠭᠠᠯᠠᠨ ᠬᠦᠷᠳᠡᠭᠰᠡᠨ ᠪᠠᠶᠢᠨ᠎ᠠ᠃ ᠴᠡᠷᠢᠭ  ᠲᠤ ᠤᠷᠤᠭᠰᠠᠨ ᠨᠢᠭᠡᠳᠦᠭᠡᠷ ᠵᠢᠯ ᠳᠡᠭᠡᠨ ᠳᠡᠳ᠋ ᠲᠠᠰᠤᠭ ᠤᠨ ᠳᠠᠷᠤᠭ᠎ᠠ ᠪᠠᠷ ᠰᠣᠩᠭᠤᠭᠳᠠᠵᠤ᠂ ᠭᠤᠷᠪᠠᠳᠤᠭᠠᠷ ᠵᠢᠯ  ᠳᠡᠭᠡᠨ ᠲᠠᠰᠤᠭ ᠤᠨ ᠳᠠᠷᠤᠭ᠎ᠠ ᠪᠠᠷ ᠰᠤᠩᠭᠤᠭᠳᠠᠨ᠂ ᠤᠷᠢᠳ ᠬᠤᠵᠢᠳ ᠣᠯᠠᠨ ᠤᠳᠠᠭᠠᠨ ᠤ ᠬᠤᠷᠢᠶᠠᠨ ᠤ ᠱᠠᠩᠨᠠᠯ᠂ ᠰᠤᠮᠤᠨ ᠤ ᠬᠥᠬᠢᠭᠦᠯᠦᠯ᠂ ᠯᠸᠢ ᠹᠧᠩ ᠠᠴᠠ ᠰᠤᠷᠤᠯᠴᠠᠭᠰᠠᠨ ᠰᠢᠯᠢᠳᠡᠭ ᠪᠠᠶᠢᠯᠳᠤᠭᠴᠢ ᠶᠢᠨ ᠴᠣᠯᠠ ᠶᠢ ᠬᠦᠷᠳᠡᠵᠦ ᠂ ᠬᠤᠪᠢᠰᠬᠠᠯ ᠤᠨ ᠤᠳᠤᠮᠰᠢᠯ ᠢ ᠰᠡᠳᠬᠢᠯ ᠤᠨ ᠭᠦᠨ ᠳᠡᠭᠡᠨ ᠬᠠᠳᠠᠩᠰᠢᠭᠤᠯᠤᠭᠰᠠᠨ ᠪᠠᠶᠢᠨ᠎ᠠ᠃      1989 ᠣᠨ ᠳᠤ᠂ ᠡᠦ ᠭᠤᠸᠠᠩ ᠵᠢᠶᠠᠩ ᠪᠦᠷᠢᠨ ᠪᠠᠷᠠᠭᠠᠲᠤ ᠺᠣᠮᠫᠠᠨᠢ ᠶᠢᠨ ᠬᠠᠪᠢᠷᠭ᠎ᠠ ᠳᠤ ᠰᠠᠭᠤᠭ᠎ᠠ ᠪᠥᠭᠡᠮ ᠢᠶᠠᠷ ᠬᠤᠳᠠᠯᠳᠤᠬᠤ ᠥᠷᠲᠡᠭᠡᠨ ᠤ ᠳᠠᠭᠠᠭᠠᠮᠠᠯ ᠤᠨ ᠠᠵᠢᠯ ᠢ ᠬᠠᠷᠢᠭᠤᠴᠠᠵᠤ᠂ ᠲᠤᠬᠠᠢ ᠶᠢᠨ ᠦᠶ᠎ᠡ ᠳᠤ ᠪᠥᠭᠡᠮ ᠢᠶᠠᠷ ᠬᠤᠳᠠᠯᠳᠤᠬᠤ ᠦᠷᠳᠡᠭᠡᠨ ᠤ ᠵᠢᠯ ᠤᠨ 120 ᠲᠦᠮᠡᠨ ᠲᠦᠭᠦᠷᠢᠭ ᠤᠨ ᠪᠤᠷᠤᠯᠠᠭᠤᠯᠭ᠎ᠠ ᠶᠢ ᠪᠠᠳᠤᠯᠠᠵᠤ ᠪᠠᠶᠢᠵᠠᠢ᠃ ᠲᠡᠷᠡ ᠢᠮᠠᠭᠲᠠ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠬᠡᠴᠢ ᠶᠢ ᠪᠠᠷᠢᠮᠳᠠᠯᠠᠵᠤ᠂ ᠰᠠᠭᠤᠭᠠᠯᠢ ᠠᠷᠠᠳ ᠤᠨ ᠵᠥᠪᠯᠡᠯ ᠳᠤ ᠣᠷᠣᠵᠤ ᠠᠵᠢᠯᠯᠠᠭᠰᠠᠨ ᠤ ᠲᠠᠷᠠᠭ᠎ᠠ ᠴᠥᠭᠡᠨ ᠪᠤᠰᠤ ᠤᠯᠠᠨ ᠲᠦᠮᠡᠨ ᠲᠠᠯᠠᠷᠬᠠᠯ ᠢᠶᠠᠨ ᠢᠯᠡᠳᠬᠡᠬᠦ ᠶᠢᠨ ᠲᠦᠯᠦᠭᠡ ᠥᠪᠡᠷ ᠤᠨ ᠳᠠᠷᠢᠭᠰᠠᠨ ᠨᠤᠭᠤᠭ᠎ᠠ ᠴᠠᠭ᠎ᠠ ᠪᠠᠨ ᠬᠦᠷᠭᠡᠭᠦ ᠳᠤ ᠬᠦᠯᠢᠶᠡᠨ ᠠᠪᠳᠠᠭ ᠦᠭᠡᠢ ᠪᠠᠶᠢᠪᠠ᠃ ᠦ᠋ ᠭᠤᠸᠠᠩ ᠵᠢᠶᠠᠩ ᠰᠤᠷᠪᠤᠯᠵᠢᠯᠠᠭᠴᠢ ᠳᠤ᠄ ︽ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠬᠦ ᠪᠣᠯ ᠮᠢᠨᠦ ᠨᠠᠰᠤᠨ ᠲᠤᠷᠰᠢᠳᠠ ᠪᠠᠨ ᠪᠠᠷᠢᠮᠲᠠᠯᠠᠬᠤ ᠵᠠᠷᠴᠢᠮ ᠮᠥᠨ᠂ ᠶᠠᠭᠠᠬᠢᠭᠰᠠᠨ ᠴᠤ ᠨᠠᠮ ᠳᠠᠭᠠᠨ ᠣᠰᠣᠯᠳᠠᠬᠤ᠂ ᠤᠯᠤᠰ ᠣᠷᠣᠨ ᠳᠠᠭᠠᠨ ᠣᠰᠣᠯᠳᠠᠬᠤ ᠶᠠᠪᠤᠳᠠᠯ ᠬᠢᠵᠦ ᠪᠣᠯᠬᠤ ᠦᠭᠡᠢ᠂ ᠠᠷᠢᠭᠤᠨ ᠴᠢᠬᠡᠴᠢ ᠪᠠᠷ ᠠᠵᠢᠯᠯᠠᠵᠤ᠂ ᠠᠷᠢᠭᠤᠨ ᠴᠢᠬᠡᠴᠢ ᠪᠠᠷ ᠬᠥᠮᠦᠨ ᠪᠣᠯᠬᠤ ᠬᠡᠷᠡᠭᠲᠡᠢ︾ ᠭᠡᠯ᠎ᠡ᠃      2001 ᠣᠨ ᠳᠤ᠂ ᠨᠠᠮ ᠤᠨ ᠡᠭᠦᠷ ᠠᠴᠠ ᠲᠡᠭᠦᠨ ᠢ ᠰᠠᠭᠤᠭᠠᠯᠢ ᠠᠷᠠᠳ ᠤᠨ ᠵᠥᠪᠯᠡᠯ ᠳᠤ ᠬᠤᠪᠢᠳᠠᠨ ᠠᠵᠢᠯᠯᠠᠭᠤᠯᠤᠭᠰᠠᠨ ᠢᠶᠠᠷ ᠤᠳᠤ ᠪᠤᠯᠳᠠᠯ᠎ᠠ 24 ᠵᠢᠯ ᠤᠨ ᠲᠤᠷᠰᠢ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ᠂ ᠥᠪᠡᠷ ᠤᠨ ᠬᠦᠰᠡᠯᠡᠩ ᠢᠲᠡᠭᠡᠯ ᠪᠢᠰᠢᠷᠡᠯ ᠢᠶᠠᠨ ᠵᠣᠷᠢᠭᠤᠯᠬᠤ ᠶᠢ ᠪᠠᠷᠢᠮᠳᠠᠯᠠᠨ ᠵᠢᠯ ᠳᠠᠷᠠᠭᠠᠯᠠᠨ ︽ᠲᠡᠷᠢᠭᠦᠨ ᠤ ᠠᠵᠢᠯᠳᠠᠨ︾ ᠢᠶᠠᠷ ᠦᠨᠡᠯᠡᠭᠳᠡᠭᠰᠡᠨ ᠪᠠᠶᠢᠨ᠎ᠠ᠃      ᠳᠡᠷᠡ ᠰᠠᠭᠤᠭᠠᠯᠢ ᠠᠷᠠᠳ ᠤᠨ ᠠᠰᠠᠷ ᠤᠨ ᠳᠤᠯᠠᠭᠠᠯᠠᠭ᠎ᠠ ᠶᠢ ᠰᠡᠯᠪᠢᠨ ᠵᠠᠰᠠᠬᠤ᠂ ᠲᠦᠭᠡᠭᠡᠯ ᠤᠰᠤᠨ ᠤ ᠲᠦᠭᠦᠭᠡᠷᠦᠮᠵᠢ ᠤᠭᠰᠠᠷᠠᠬᠤ᠂ ᠵᠡᠮᠳᠡᠭ ᠨᠠᠰᠤᠲᠠᠨ ᠢ ᠬᠠᠪᠰᠤᠷᠤᠨ ᠴᠠᠯᠢᠩ ᠤᠨ ᠭᠠᠷ ᠭᠦᠢᠴᠡᠳᠬᠡᠯ ᠬᠢᠵᠦ ᠥᠭᠬᠦ᠂ ᠭᠠᠭᠴᠠ ᠪᠡᠶ᠎ᠡ ᠨᠠᠰᠤᠲᠠᠨ ᠳᠤ ᠠᠮᠤ ᠪᠤᠳᠠᠭ᠎ᠠ ᠲᠤᠰᠤ ᠬᠠᠩᠭᠠᠬᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠬᠠᠮᠵᠢᠨ ᠣᠷᠭᠤᠳᠤᠤᠯ ᠶᠠᠯᠠᠳᠠᠨ ᠢ ᠪᠠᠷᠢᠪᠴᠢᠯᠠᠬᠤ ᠵᠡᠷᠭᠡ ᠮᠠᠰᠢ ᠤᠯᠠᠨ ᠠᠵᠢᠯ ᠳᠤ ᠰᠢᠭᠤᠷᠬᠠᠢ ᠤᠷᠤᠯᠴᠠᠨ᠂ ᠨᠡᠶᠢᠭᠡᠮ ᠨᠡᠶᠢᠳᠡ ᠳᠤ ᠥᠪᠡᠷ ᠤᠨ ᠦᠨ᠎ᠡ ᠦᠷᠳᠡᠭ ᠢᠶᠠᠨ ᠬᠠᠷᠠᠭᠤᠯᠵᠠᠢ᠃      ᠡᠦ ᠭᠤᠸᠠᠩ ᠵᠢᠶᠠᠩ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠪᠤᠯᠤᠭᠰᠠᠨ ᠤ ᠬᠤᠪᠢ ᠳᠤ ᠰᠠᠭᠤᠭᠠᠯᠢ ᠠᠷᠠᠳ ᠤᠨ ᠵᠥᠪᠯᠡᠯ ᠳᠤ ᠦᠨ᠎ᠡ ᠲᠦᠯᠦᠪᠦᠷᠢ ᠦᠭᠡᠢ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ  ᠳᠠᠭᠠᠨ ᠶᠡᠷᠦ ᠠᠴᠠ ᠬᠤᠶᠢᠷᠭᠤᠰᠢᠵᠦ ᠬᠠᠯᠠᠰᠢᠷᠠᠳᠠᠭ ᠦᠭᠡᠢ᠃ ᠲᠡᠷᠡ ᠬᠡᠯᠡᠬᠦ ᠳᠡᠭᠡᠨ᠄ ︽ᠬᠡᠷᠪᠡ ᠠᠯᠢᠪᠠ ᠠᠵᠢᠯ ᠢ ᠡᠳ᠋ ᠮᠦᠩᠭᠦ ᠪᠠᠷ ᠬᠡᠮᠵᠢᠬᠦ ᠳᠤ ᠬᠦᠷᠪᠡᠯ᠂ ᠨᠠᠮ ᠠᠷᠠᠳ ᠲᠦᠮᠡᠨ ᠳᠡᠭᠡᠨ ᠤᠰᠤᠯᠳᠠᠬᠤ ᠪᠤᠯᠤᠨ᠎ᠠ᠃ ᠨᠡᠶᠢᠭᠡᠮ ᠨᠡᠶᠢᠳᠡ  ᠳᠤ ᠥᠪᠡᠷ ᠤᠨ ᠬᠡᠰᠡᠨ ᠬᠤᠪᠢ ᠨᠡᠮᠡᠷᠢ ᠪᠠᠨ ᠡᠷᠭᠦᠵᠦ ᠯᠡ ᠪᠠᠶᠢᠪᠠᠯ ᠪᠢ ᠭᠡᠵᠢᠶᠡᠳᠡ ᠰᠡᠳᠬᠢᠯ ᠬᠠᠨᠤᠮᠵᠢᠳᠠᠢ ᠶᠠᠪᠤᠨ᠎ᠠ ︾ ᠭᠡᠵᠦ ᠪᠠᠶᠢᠯ᠎ᠠ᠃      ᠡᠦ ᠭᠤᠸᠠᠩ ᠵᠢᠶᠠᠩ ᠬᠦᠨᠳᠦ ᠡᠪᠡᠳᠴᠢᠨ ᠳᠤ ᠨᠡᠷᠪᠡᠭᠳᠡᠨ᠂ 7 ᠤᠳᠠᠭᠠᠨ ᠤ ᠮᠡᠰᠡ ᠵᠠᠰᠠᠯ ᠢ ᠦᠩᠭᠡᠷᠡᠭᠦᠯᠦᠨ ᠵᠠᠷᠤᠳᠠᠯ ᠮᠦᠩᠭᠦ ᠬᠦᠷᠦᠯᠴᠡᠭᠦ ᠦᠭᠡᠢ ᠪᠠᠶᠢᠬᠤ ᠳᠤ ᠪᠠᠶᠢᠭᠤᠯᠭ᠎ᠠ ᠶᠢᠨ ᠬᠢᠨ ᠨᠢ ᠬᠢᠮᠳᠠ ᠲᠦᠷᠢᠶᠡᠰᠦᠨ ᠭᠡᠷ ᠭᠤᠶᠤᠴᠢᠯᠠᠨ ᠤᠯᠭᠤᠭᠰᠠᠨ ᠳᠤ ᠳᠡᠷᠡ᠄ ︽ᠨᠠᠳᠠ ᠠᠴᠠ ᠬᠦᠴᠢᠷᠳᠡᠢ ᠬᠦᠮᠦᠨ ᠮᠠᠰᠢ ᠣᠯᠠᠨ ᠤᠴᠢᠷ ᠠᠴᠠ ᠳᠡᠳᠡᠭᠡᠷ ᠬᠦᠮᠦᠰ ᠲᠤ ᠤᠯᠭᠤᠵᠤ ᠦᠭᠭᠦ ᠶᠢ ᠬᠦᠰᠡᠵᠦ ᠪᠠᠶᠢᠨ᠎ᠠ︾ ᠭᠡᠳ ᠵᠥᠪᠰᠢᠶᠡᠷᠡᠭᠰᠡᠨ ᠦᠭᠡᠶ᠃ ᠲᠡᠷᠡ᠄ ︽ᠪᠢ ᠡᠨᠡ ᠵᠢᠯ 70 ᠨᠠᠰᠤ ᠶᠢ ᠳᠠᠪᠠᠵᠠᠢ᠂ ᠬᠤᠶᠢᠰᠢᠳᠠ ᠦᠷᠬᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠳᠠᠯᠠᠵᠤ᠂ ᠯᠧᠢ ᠹᠧᠩ ᠠᠴᠠ ᠰᠤᠷᠤᠯᠴᠠᠨ᠂ ᠠᠬᠠᠮᠠᠳ ᠬᠤᠪᠢᠰᠬᠠᠯᠴᠢᠳ ᠠᠴᠠ ᠰᠤᠷᠤᠯᠴᠠᠵᠤ᠂ ᠨᠡᠶᠢᠭᠡᠮ ᠨᠡᠶᠢᠳᠡ ᠳᠤ ᠬᠤᠪᠢ ᠨᠡᠮᠡᠷᠢ ᠦᠵᠡᠭᠦᠯᠦᠨ᠎ᠡ︾ ᠭᠡᠵᠦ ᠪᠠᠶᠢᠯ᠎ᠠ᠃      ᠡᠦ ᠭᠤᠸᠠᠩ ᠵᠢᠶᠠᠩ ᠠᠵᠢᠯ ᠠᠮᠢᠳᠤᠷᠠᠯ ᠤᠨ ᠳᠤᠮᠳᠠ ᠪᠠᠨ ᠨᠠᠮᠴᠢ ᠴᠢᠨᠠᠷ ᠤᠨ ᠵᠠᠷᠴᠢᠮ ᠢ ᠢᠮᠠᠭᠲᠠ ᠪᠠᠷᠢᠮᠳᠠᠯᠠᠨ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠤᠭᠰᠠᠭᠠᠷ ᠢᠷᠡᠵᠡᠢ᠃ ᠢᠷᠡᠭᠡᠳᠦᠢ ᠶᠢᠨ ᠬᠥᠭᠵᠢᠯᠲᠡ ᠶᠢᠨ ᠲᠤᠬᠠᠢ ᠵᠤᠭᠤᠭᠳᠠᠬᠤ ᠳᠤ ᠦ᠋ ᠭᠤᠸᠠᠩ ᠵᠢᠶᠠᠩ᠄ ︽ᠵᠠᠯᠠᠭᠤᠴᠤᠳ ᠮᠠᠨᠢ ᠨᠠᠮ ᠤᠨ ᠠᠴᠢ ᠳᠤ ᠳᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠰᠠᠶᠢᠲᠤᠷ ᠰᠤᠷᠤᠯᠴᠠᠵᠤ᠂ ᠤᠯᠤᠰ ᠬᠦᠷᠦᠨ ᠤ ᠲᠤᠯᠭᠠᠭᠤᠷᠢ ᠬᠦᠴᠦᠨ ᠪᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ ᠪᠠᠷ ᠴᠢᠷᠮᠠᠶᠢᠬᠤ ᠬᠡᠷᠡᠭᠲᠡᠢ︾ ᠭᠡᠵᠦ ᠠᠬᠢᠨ ᠳᠠᠬᠢᠨ ᠰᠠᠨᠠᠭᠤᠯᠵᠤ ᠪᠠᠶᠢᠯ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号