ᠲᠤᠯᠤᠨ ᠨᠠᠭᠤᠷ ᠰᠢᠶᠠᠨ ᠤ ᠤᠯᠠᠭᠠᠨᠮᠥ᠋ᠴᠢᠷ ᠤᠨ ᠲᠤᠰᠬᠠᠢ ᠲᠠᠯᠠᠪᠠᠢ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/7/11
           ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 9 ᠤ ᠤᠷᠤᠢ ᠲᠤᠯᠤᠨ ᠨᠠᠭᠤᠷ ᠰᠢᠶᠠᠨ ᠤ ᠤᠯᠠᠭᠠᠨᠮᠥ᠋ᠴᠢᠷ ᠤᠨ ︽ᠠᠷᠠᠳ ᠲᠦᠮᠡᠨ ᠤ ᠳᠤᠮᠳᠠ ᠬᠦᠨᠵᠡᠭᠡᠶᠢᠷᠡᠬᠦ︾ 2024 ᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ  ᠶᠢᠨ ᠰᠤᠯᠢᠯᠴᠠᠭᠠᠨ ᠤ ᠲᠣᠭᠯᠠᠯᠲᠠ ᠬᠤᠪᠢᠯᠠᠢ ᠠᠭᠤᠳᠠᠮ ᠲᠠᠯᠠᠪᠠᠢ ᠳᠤ ᠶᠠᠪᠤᠭᠳᠠᠯ᠎ᠠ᠃        ᠲᠣᠭᠯᠠᠯᠲᠠ ᠨᠢ ᠬᠠᠮᠳᠤ ᠶᠢᠨ ᠪᠦᠵᠢᠭ ᠢᠶᠠᠷ ᠬᠥᠰᠢᠭᠡ ᠪᠠᠨ ᠰᠡᠬᠦᠵᠦ᠂ ᠤᠯᠠᠨ ᠲᠦᠮᠡᠨ ᠳᠤ ︽ᠬᠦᠰᠡᠨ ᠬᠦᠯᠢᠶᠡᠨ᠎ᠡ︾ ︽ᠲᠠᠯ᠎ᠠ ᠨᠤᠳᠤᠭ ᠠᠴᠠ ᠪᠡᠭᠡᠵᠢᠩ ᠢ ᠪᠠᠷᠠᠯᠠᠬᠤᠶ᠎ᠠ︾ ︽ᠲᠤᠯᠤᠨ ᠨᠠᠭᠤᠷ ᠤᠨ ᠪᠤᠯᠵᠤᠭ᠎ᠠ︾ ︽ᠲᠠᠯ᠎ᠠ ᠨᠤᠳᠤᠭ ᠤᠨ ᠳᠠᠭᠤᠤ︾ ︽ᠠᠷᠳᠠᠭ ᠬᠦᠯᠦᠭ︾ ᠵᠡᠷᠭᠡ ᠳᠠᠭᠤᠤ ᠪᠦᠵᠢᠭ᠂ ᠬᠦᠭᠵᠢᠮ ᠤᠨ ᠲᠤᠭᠯᠠᠯᠳᠠ ᠪᠠᠨ ᠰᠤᠨᠢᠷᠬᠠᠭᠤᠯᠤᠯ᠎ᠠ᠃        ᠲᠤᠯᠤᠨ ᠨᠠᠭᠤᠷ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠤᠨ ᠭᠤᠴᠤ ᠰᠠᠶᠢᠬᠠᠨ ᠲᠤᠭᠯᠠᠯᠳᠠ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠳᠠᠰᠢᠯᠳᠠ ᠶᠢ ᠬᠦᠯᠢᠶᠡᠵᠦ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号