ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠠᠯ᠎ᠠ ᠪᠠᠷ ᠢᠯᠡᠷᠭᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/7/11
      ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠳᠤᠶᠢᠯᠪᠤᠷᠢᠳᠠᠢ ᠵᠠᠰᠠᠬᠤ ᠳᠠᠶᠢᠯᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠠᠶᠢᠵᠦ᠂ ᠪᠦᠬᠦ ᠲᠠᠯ᠎ᠠ ᠳᠤ ᠬᠤᠯᠪᠤᠭᠳᠠᠬᠤ ᠪᠠᠷ ᠪᠠᠷᠠᠬᠤ ᠦᠭᠡᠢ ᠨᠡᠩ ᠴᠤ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠠᠭᠤᠤ ᠦᠢᠯᠡᠰ ᠮᠥᠨ᠃ ᠳᠡᠷᠡ ᠨᠢ ᠦᠨᠳᠦᠰᠦᠲᠡᠨ  ᠨᠦᠭᠦᠳ ᠤᠨ ᠤᠯᠠᠨ ᠲᠦᠮᠡᠨ ᠤ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ ᠪᠠᠶᠢᠭ᠎ᠠ ᠶᠤᠮ᠃ ᠣᠶᠢᠷ᠎ᠠ  ᠶᠢᠨ ᠵᠢᠯ᠂ ᠰᠢᠯᠤᠭᠤᠨ ᠬᠥᠬᠡ ᠬᠤᠰᠢᠭᠤᠨ ᠤ ᠡᠯ᠎ᠡ ᠱᠠᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠲᠤᠬᠢᠶᠠᠯ ᠢ ᠠᠮᠵᠢᠨ ᠡᠯᠡᠰᠦ ᠶᠢ ᠰᠡᠷᠭᠡᠶᠢᠯᠡᠨ ᠵᠠᠰᠠᠬᠤ ᠡᠯ᠎ᠡ ᠵᠦᠶᠯ ᠤᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠯᠡᠰᠦᠷᠬᠡᠭ ᠭᠠᠵᠠᠷ ᠢ ᠵᠠᠰᠠᠬᠤ ᠪᠠ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠢᠯᠡᠷᠭᠡᠢ ᠦᠷ᠎ᠡ ᠪᠦᠲᠦᠮᠵᠢ ᠤᠯᠤᠭᠰᠠᠨ ᠪᠠᠶᠢᠨ᠎ᠠ᠃      ᠰᠤᠷᠪᠤᠯᠵᠢᠯᠠᠭᠴᠢ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠷᠭᠡᠵᠢᠯᠲᠡᠨ ᠢ ᠳᠠᠭᠠᠵᠤ ᠡᠨᠡ ᠵᠢᠯ ᠤᠨ ᠲᠥᠷᠥᠯ ᠵᠦᠶᠯ ᠤᠨ ᠵᠠᠰᠠᠯᠲᠠ ᠶᠢᠨ ᠣᠷᠣᠨ ᠪᠤᠯᠬᠤ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠲᠠᠪᠤᠳᠤᠭᠠᠷ ᠬᠤᠪᠢᠶᠠᠷᠢ ᠲᠠᠯᠠᠪᠠᠢ ᠶᠢᠨ ᠠᠯᠪᠠᠨ ᠵᠢᠷᠤᠮ ᠤᠨ ᠮᠣᠳᠣ ᠲᠠᠷᠢᠬᠤ ᠴᠡᠭ ᠲᠤ ᠬᠦᠷᠬᠦ ᠳᠤ ᠦᠩᠭᠡᠷᠡᠭᠰᠡᠨ ᠤ ᠳᠠᠷᠢᠭᠰᠠᠨ 4×4 ᠮᠧᠲᠷ ᠤᠨ ᠡᠯᠡᠰᠦᠨ ᠬᠠᠯᠬᠠᠪᠴᠢ ᠨᠢᠭᠡᠨᠳᠡ ᠨᠤᠭᠤᠭᠠᠷᠠᠨ᠂ ᠠᠮᠢᠯᠠᠯ ᠤᠨ ᠬᠦᠴᠦᠨ ᠢᠶᠠᠷ ᠪᠢᠯᠬᠠᠵᠤ ᠪᠠᠶᠢᠯ᠎ᠠ᠃    ᠰᠠᠩ ᠤᠨ ᠳᠠᠯᠠᠢ ᠪᠠᠯᠭᠠᠰᠤᠨ ᠤ ᠡᠷᠳᠡᠨᠢᠳᠠᠯᠠᠢ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶᠯ  ᠤᠨ ᠲᠣᠭᠤᠷᠢᠭ ᠲᠤ᠂ ᠨᠢᠭᠡ ᠭᠠᠷᠠᠭ ᠤᠨ ᠡᠮᠦᠨ᠎ᠡ ᠰᠠᠴᠤᠭᠰᠠᠨ ᠡᠪᠡᠰᠦᠨ ᠦᠷ᠎ᠡ ᠨᠢᠭᠡᠨᠳᠡ ᠨᠠᠬᠢᠶᠠᠯᠠᠨ ᠤᠷᠭᠤᠵᠤ᠂ ᠵᠠᠰᠠᠯᠳᠠ ᠶᠢᠨ ᠦᠷ᠎ᠡ ᠪᠦᠲᠦᠮᠵᠢ ᠢᠯᠡᠷᠬᠡᠶ ᠬᠠᠷᠠᠭᠳᠠᠨ᠎ᠠ᠃    ᠰᠠᠶᠢᠨᠬᠤᠳᠤᠭ ᠰᠤᠮᠤᠨ ᠤ ᠲᠥᠭᠦᠷᠢᠭ ᠭᠠᠴᠠᠭᠠᠨ ᠤ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠥᠷᠥᠯ ᠵᠦᠢᠯ  ᠤᠨ ᠲᠣᠭᠤᠷᠢᠭ ᠨᠢ 2×2 ᠲᠤᠤᠷᠴᠢᠯᠠᠭᠰᠠᠨ ᠡᠯᠡᠰᠦᠨ ᠬᠠᠯᠬᠠᠪᠴᠢ᠂ ᠲᠣᠣᠷ ᠬᠠᠰᠢᠯᠭ᠎ᠠ ᠪᠠᠷ ᠪᠢᠲᠡᠭᠦᠮᠵᠢᠯᠡᠨ ᠪᠤᠶᠢᠵᠢᠭᠤᠯᠵᠤ᠂ ᠤᠷᠭᠤᠮᠠᠯ ᠤᠨ ᠪᠦᠷᠬᠦᠴᠡ ᠶᠢ ᠨᠡᠮᠡᠭᠳᠡᠭᠦᠯᠦᠨ᠂ ᠡᠯᠡᠰᠦᠷᠬᠡᠭᠵᠢᠬᠦ ᠶᠢ ᠪᠦᠲᠦᠮᠵᠢᠲᠡᠢ ᠬᠤᠷᠢᠭᠯᠠᠵᠤ ᠪᠠᠶᠢᠨ᠎ᠠ᠃     ᠵᠢᠭᠠᠰᠤᠲᠠᠶ ᠰᠤᠮᠤᠨ ᠤ ᠪᠠᠶᠠᠨᠪᠤᠯᠠᠭ ᠪᠣᠯᠤᠨ ᠪᠤᠱᠤᠤᠳᠠᠶ ᠰᠤᠮᠤᠨ ᠤ ᠠᠮᠪᠠᠨ ᠰᠢᠷ᠎ᠠ ᠬᠤᠶᠠᠷ ᠲᠥᠷᠥᠯ ᠵᠦᠶᠯ  ᠤᠨ ᠲᠣᠭᠤᠷᠢᠭ ᠨᠢ ᠴᠥᠮ ᠨᠡᠭᠦᠳᠡᠯ ᠡᠯᠡᠰᠦᠷᠬᠡᠭ ᠭᠠᠵᠠᠷ ᠲᠤ ᠭᠤᠤᠯᠳᠠᠭᠤ ︽ᠬᠦᠷᠢᠶᠡᠯᠡᠵᠦ ᠪᠢᠲᠡᠭᠦᠮᠵᠢᠯᠡᠬᠦ + ᠡᠯᠡᠰᠦᠨ ᠬᠠᠯᠬᠠᠪᠴᠢ + ᠪᠣᠷᠲᠣᠭᠤᠷ ᠣᠷᠣᠭᠤᠯᠬᠤ + ᠨᠥᠬᠦᠵᠦ ᠳᠠᠷᠢᠬᠤ︾ ᠵᠠᠰᠠᠯᠲᠠ ᠶᠢᠨ ᠵᠠᠭᠪᠤᠷ ᠢ ᠬᠡᠷᠡᠭᠯᠡᠵᠦ᠂ ᠬᠠᠭᠠᠰ ᠨᠡᠬᠦᠳᠡᠯ ᠡᠯᠡᠰᠦᠷᠬᠡᠭ ᠣᠷᠣᠨ ᠳᠤ ︽ᠬᠦᠷᠢᠶᠡᠯᠡᠵᠦ ᠪᠢᠲᠡᠭᠦᠮᠵᠢᠯᠡᠬᠦ + ᠪᠣᠷᠲᠣᠭᠤᠷ ᠣᠷᠣᠭᠤᠯᠬᠤ︾ ᠵᠠᠭᠪᠤᠷ  ᠢ ᠭᠡᠷᠡᠭᠵᠢᠬᠦᠯᠵᠦ᠂ ᠲᠣᠭᠲᠠᠮᠠᠯ ᠡᠯᠡᠰᠦᠷᠬᠡᠭ ᠭᠠᠵᠠᠷ ᠲᠤ ︽ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ︾ ᠵᠠᠭᠪᠤᠷ  ᠢᠶᠠᠷ ᠲᠥᠷᠥᠯ ᠵᠦᠶᠯ ᠤᠨ ᠲᠣᠭᠤᠷᠢᠭ ᠢ ᠪᠥᠬᠦ ᠲᠠᠯ᠎ᠠ ᠪᠠᠷ ᠪᠢᠲᠡᠭᠦᠮᠵᠢᠯᠡᠨ ᠬᠠᠮᠠᠭᠠᠯᠠᠵᠠᠢ᠃ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠨᠡᠭᠦᠳᠡᠯ ᠡᠯᠡᠰᠦ ᠶᠢ ᠳᠤᠭᠳᠠᠪᠤᠷᠢᠵᠢᠭᠤᠯᠵᠤ᠂ ᠡᠯᠡᠰᠦᠷᠬᠡᠭ ᠭᠠᠵᠠᠷ  ᠤᠨ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠰᠡᠷᠭᠦᠭᠡᠵᠦ᠂ ᠡᠯᠡᠰᠦᠷᠬᠡᠭᠵᠢᠬᠦ ᠶᠢ ᠬᠤᠷᠢᠭᠯᠠᠵᠤ ᠴᠢᠳᠠᠵᠠᠢ᠃    ᠰᠢᠯᠤᠭᠤᠨ ᠬᠥᠬᠡ ᠬᠤᠰᠢᠭᠤᠨ ᠤ 2024 ᠣᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠡᠯ᠎ᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠢ 42.09 ᠲᠦᠮᠡᠨ ᠮᠤ᠋ ᠪᠠᠶᠢᠵᠤ᠂ ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ᠂ ᠭᠤᠤᠯᠳᠠᠯᠭ᠎ᠠ ᠶᠢ ᠳᠣᠪᠣᠶᠢᠯᠭᠠᠬᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠵᠠᠰᠠᠬᠤ ᠵᠠᠷᠴᠢᠮ ᠶᠣᠰᠣᠭᠠᠷ᠂ ᠲᠥᠷᠥᠯ ᠵᠦᠶᠯ ᠤᠨ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠰᠲ᠋ᠧᠮ ᠲᠠᠢ ᠵᠠᠰᠠᠬᠤ ᠠᠷᠭ᠎ᠠ ᠠᠪᠴᠠᠯ ᠪᠠ ᠪᠦᠲᠦᠭᠡᠨ ᠪᠠᠶᠢᠭᠤᠯᠬᠤ ᠲᠥᠰᠦᠯ ᠢ ᠲᠤᠭᠳᠠᠭᠠᠭᠰᠠᠨ ᠪᠠᠶᠢᠨ᠎ᠠ᠃ ᠣᠳᠣᠬᠠᠨ ᠳᠤ᠂ ᠮᠠᠨ ᠤ ᠬᠤᠰᠢᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ᠂ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠤᠨ ᠡᠯᠡᠰᠦ ᠶᠢ ᠵᠠᠰᠠᠬᠤ ᠢᠨᠵᠧᠨᠧᠷᠢᠩ᠂ ︽ᠥᠪᠥᠷ ᠮᠣᠩᠭᠤᠯ ᠡᡁᠧᠪᠸᠢ ᠶᠢᠨ ᠵᠠᠭᠠᠭ︾ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠳᠦᠷᠦᠯ ᠵᠦᠢᠯ ᠢ ᠡᠬᠢᠯᠡᠭᠦᠯᠵᠦ᠂ ᠴᠠᠭ ᠲᠤᠬᠢᠶᠠᠯ ᠢ ᠠᠮᠵᠢᠨ ᠢᠨᠵᠧᠨᠧᠷᠢᠩ ᠤᠨ ᠶᠠᠰᠤ ᠴᠢᠨᠠᠷ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠴᠢᠩᠭ᠎ᠠ ᠠᠳᠬᠤᠵᠤ᠂ ᠣᠲᠣ ᠪᠣᠯᠲᠠᠯ᠎ᠠ ᠪᠣᠳᠠ ᠮᠣᠳᠣ ᠶᠢ ᠳᠡᠭᠰᠢᠯᠡᠨ ᠪᠤᠶᠢᠵᠢᠭᠤᠯᠬᠤ᠂ ᠬᠥᠮᠦᠨ ᠤ ᠬᠦᠴᠦ ᠪᠠᠷ ᠡᠯᠡᠰᠦᠨ ᠬᠠᠯᠬᠠᠪᠴᠢ ᠳᠠᠷᠢᠬᠤ ᠵᠡᠷᠭᠡ ᠬᠠᠪᠤᠷ ᠤᠨ ᠤᠯᠠᠷᠢᠯ ᠤᠨ ᠡᠯᠡᠰᠦ  ᠶᠢ ᠵᠠᠰᠠᠬᠤ ᠬᠡᠰᠡᠭ ᠲᠥᠷᠥᠯ ᠵᠦᠶᠯ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠤᠯᠵᠠᠢ᠃      ᠰᠢᠯᠤᠭᠤᠨ ᠬᠥᠬᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠰᠤᠯᠤᠩᠭᠤᠸ᠎ᠠ᠄ ︽ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠡᠯ᠎ᠡ ᠲᠥᠷᠥᠯ ᠵᠦᠶᠯ ᠢ ᠰᠢᠰᠲ᠋ᠧᠮ ᠲᠠᠢ ᠬᠡᠷᠡᠭᠵᠢᠬᠦᠯᠬᠦ ᠶᠠᠪᠤᠴᠠ ᠳᠤ᠂ ᠪᠢᠳᠡ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠳᠣᠲᠣᠭᠠᠳᠤ ᠵᠢᠮ᠎ᠡ ᠶᠣᠰᠣ ᠶᠢ ᠵᠢᠷᠤᠮᠯᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠤᠩᠭᠤᠨ᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠶ ᠵᠣᠬᠢᠰᠲᠠᠶ ᠲᠤᠬᠢᠷᠠᠭᠤᠯᠤᠭᠰᠠᠨ ᠪᠠᠶᠢᠨ᠎ᠠ᠃ ᠡᠭᠦᠨ ᠤ ᠬᠠᠮᠲᠤ ᠡᠯ᠎ᠡ ᠰᠠᠯᠠᠭ᠎ᠠ ᠮᠥᠴᠢᠷ ᠤᠨ ᠵᠣᠬᠢᠴᠠᠩᠭᠤᠢ ᠨᠢᠭᠡᠳᠦᠯᠲᠡᠢ ᠪᠠᠶᠢᠬᠤ  ᠶᠢ ᠴᠢᠩᠭᠠᠳᠬᠠᠵᠤ᠂ ᠶᠡᠭᠡ ᠲᠠᠯ᠎ᠠ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠂ ᠤᠢ ᠰᠢᠭᠤᠢ ᠡᠪᠡᠰᠦᠨ ᠤ ᠤᠷᠭᠤᠮᠠᠯ ᠤᠨ ᠪᠦᠷᠬᠦᠴᠡ ᠶᠢ ᠨᠡᠮᠡᠭᠳᠡᠭᠦᠯᠵᠦ᠂ ᠡᠯᠡᠰᠦᠷᠬᠡᠭ ᠭᠠᠵᠠᠷ ᠢ ᠲᠠᠬᠢᠨ ᠨᠣᠭᠤᠭᠠᠷᠠᠭᠤᠯᠵᠤ᠂ ᠠᠮᠢ ᠠᠬᠤᠢ ᠶᠢᠨ ᠲᠡᠩᠴᠡᠭᠦᠷᠢ  ᠶᠢ ᠰᠡᠷᠭᠦᠭᠡᠨ᠎ᠡ︾ ᠭᠡᠯ᠎ᠡ᠃     ᠲᠠᠷᠠᠭᠠᠴᠢ ᠶᠢᠨ ᠠᠯᠬᠤᠮ ᠳᠤ᠂ ᠰᠢᠯᠤᠭᠤᠨ ᠬᠥᠬᠡ ᠬᠤᠰᠢᠭᠤ ᠡᠯᠡᠰᠦᠷᠬᠡᠭᠵᠢᠯ ᠢ ᠵᠠᠰᠠᠬᠤ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠨ ᠲᠡᠭᠦᠯᠳᠡᠷᠵᠢᠭᠦᠯᠵᠦ᠂ ᠡᠯᠡᠰᠦᠷᠬᠡᠭᠵᠢᠯ ᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ  ᠢ ᠳᠡᠭᠡᠭᠰᠢᠯᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠥᠷᠥᠯ ᠵᠦᠶᠯ ᠢ ᠲᠦᠷᠭᠡᠳᠭᠡᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠢᠨ᠎ᠡ ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠲᠤ ᠴᠣᠭᠴᠠᠯᠠᠬᠤ ᠪᠠᠷ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号