ᠰᠢ ᠶᠢᠨ ᠫᠢᠩ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/12
         ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠭᠢᠯᠭᠠᠨ ᠮᠡᠳᠡᠭᠡ 7 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ᠃ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠪᠧᠩᠭᠠᠯ ᠤᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃   
微信图片_20240621111529.jpg
    7 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠪᠧᠩᠭᠠᠯ ᠤᠯᠤᠰ ᠤᠨ ᠶᠡᠷᠦᠩᠬᠡᠢ ᠰᠠᠶᠢᠳ ᠬᠠᠰᠢᠨᠠ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ    ᠰᠢ ᠶᠢᠨ ᠫᠢᠩ᠂ ᠳᠤᠮᠳᠠᠳᠤ ᠤᠯᠤᠰ ᠪᠣᠯᠣᠨ ᠪᠧᠩᠭᠠᠯ ᠤᠯᠤᠰ ᠪᠣᠯ ᠬᠠᠷᠢᠯᠴᠠᠨ ᠣᠶᠢᠯᠠᠭᠠᠯᠴᠠᠵᠤ ᠬᠠᠷᠢᠯᠴᠠᠨ ᠶᠠᠪᠤᠯᠴᠠᠭᠰᠠᠨ ᠨᠥᠭᠦᠷᠰᠡᠭ ᠬᠥᠷᠰᠢ ᠪᠣᠯᠣᠨ᠎ᠠ᠂ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠮᠢᠩᠭᠠᠨ ᠵᠢᠯ ᠤᠨ ᠲᠡᠦᠬᠡ ᠲᠠᠢ ᠶᠤᠮ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠲᠡᠮᠵᠢᠵᠥ᠂ ᠡᠷᠬᠡ ᠲᠡᠭᠰᠢ ᠪᠠᠷ ᠬᠠᠨᠳᠤᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠤᠯᠤᠰ ᠪᠣᠯᠣᠨ ᠤᠯᠤᠰ ᠤᠨ ᠬᠤᠭᠤᠷᠣᠨᠳᠣᠭᠢ᠂ ᠢᠯᠠᠩᠭᠤᠶ᠎ᠠ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ︾ ᠤᠯᠤᠰ ᠤᠳ ᠤᠨ ᠬᠤᠭᠤᠷᠣᠨᠳᠣᠭᠢ ᠨᠥᠭᠦᠷᠰᠡᠭ ᠶᠠᠪᠤᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠪᠧᠩᠭᠠᠯ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠢ ᠳᠤᠮᠳᠠᠳᠤ ᠤᠯᠤᠰ ᠤᠨ ᠬᠢᠨ ᠨᠠᠨᠳᠢᠩᠨᠠᠵᠤ᠂ ᠳᠤᠷᠠᠲᠠᠶ᠎ᠠ ᠢᠷᠡᠬᠦ ᠵᠢᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠭᠦᠨᠴᠡ ᠪᠠ ᠥᠷᠭᠡᠴᠡ ᠶᠢ ᠥᠷᠭᠡᠳᠬᠡᠵᠦ᠂ ᠳᠤᠮᠳᠠᠳᠤ ᠪᠧᠩᠭᠠᠯ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ ᠪᠧᠩᠭᠠᠯ ᠤᠨ ᠬᠢᠨ ᠤ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠳᠡᠮᠵᠢᠵᠤ᠂ ᠶᠠᠮᠠᠷᠪᠠ ᠭᠠᠳᠠᠭᠠᠳᠤ ᠬᠦᠴᠦᠨ ᠤ ᠭᠠᠷ ᠲᠦᠷᠦᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠳᠤᠷᠠᠲᠠᠶ᠎ᠠ ᠪᠧᠩᠭᠠᠯ ᠤᠨ ᠬᠢᠨ ᠲᠠᠢ ᠨᠠᠮ ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ ᠪᠠ ᠬᠥᠭᠵᠢᠯᠲᠡ ᠶᠢᠨ ᠬᠦᠷᠢᠶᠡᠨ ᠤ ᠲᠦᠷᠦ ᠶᠢᠨ ᠪᠣᠳᠣᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠪᠧᠩᠭᠠᠯ ᠤᠨ ᠬᠢᠨ ᠲᠠᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠧᠩᠭᠠᠯ ᠤᠨ ᠤᠯᠤᠰ ᠤᠨ ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠳᠠᠷᠠᠭ᠎ᠠ ᠵᠢᠯ ᠤᠨ ︽ᠳᠤᠮᠳᠠᠳᠤ ᠪᠧᠩᠭᠠᠯ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠰᠠᠶᠢᠲᠤᠷ ᠡᠷᠭᠢᠯᠡᠵᠦ᠂ ᠬᠤᠶᠠᠷ ᠤᠯᠤᠰ ᠤᠨ ᠰᠣᠶᠣᠯ᠂ ᠵᠢᠭᠤᠯᠴᠢᠯᠠᠯ᠂ ᠵᠠᠭᠤᠴᠢᠯᠠᠭᠤᠷ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠪᠧᠩᠭᠠᠯ ᠤᠨ ᠬᠢᠨ ᠲᠠᠢ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠬᠠᠰᠢᠨᠠ᠂ ᠪᠧᠩᠭᠠᠯ ᠤᠨ ᠬᠢᠨ ᠳᠤᠮᠳᠠᠳᠤ ᠤᠯᠤᠰ ᠯᠤᠭ᠎ᠠ ᠭᠦᠨ ᠵᠤᠵᠠᠭᠠᠨ ᠨᠥᠬᠦᠷᠯᠡᠯ ᠪᠠᠶᠢᠭᠤᠯᠤᠭᠰᠠᠨ ᠳᠠᠭᠠᠨ ᠮᠠᠰᠢ ᠣᠮᠣᠭᠰᠢᠵᠤ ᠪᠠᠶᠢᠨ᠎ᠠ᠂ ᠳᠤᠮᠳᠠᠳᠤ ᠤᠯᠤᠰ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ ᠡᠳᠦᠷ ᠠᠴᠠ ᠡᠳᠦᠷ ᠰᠢᠨᠡᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠣᠯᠵᠤ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠭ᠎ᠠ ᠶᠢ ᠪᠢᠰᠢᠷᠡᠵᠦ ᠪᠠᠶᠢᠨ᠎ᠠ᠃ ᠪᠧᠩᠭᠠᠯ ᠤᠯᠤᠰ ᠦᠨᠳᠦᠰᠦᠲᠡᠨ ᠤ ᠴᠢᠯᠦᠭᠡᠯᠡᠯᠲᠡ ᠪᠣᠯᠣᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠥᠭᠵᠢᠯᠲᠡ ᠶᠢᠨ ᠦᠢᠯᠡᠰ ᠢ ᠠᠬᠢᠭᠤᠯᠬᠤ ᠪᠠᠷ ᠡᠷᠡᠰ ᠴᠢᠷᠮᠠᠶᠢᠵᠤ ᠪᠠᠶᠢᠨ᠎ᠠ᠂ ᠡᠨᠡ ᠬᠦ ᠠᠬᠢᠴᠠ ᠳᠤ ᠳᠤᠮᠳᠠᠳᠤ ᠤᠯᠤᠰ ᠤᠨ ᠪᠧᠩᠭᠠᠯ ᠳᠤ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠪᠧᠩᠭᠠᠯ ᠤᠨ ᠬᠢᠨ ᠳᠤᠮᠳᠠᠳᠤ ᠤᠯᠤᠰ ᠤᠨ ᠠᠮᠵᠢᠯᠲᠠ ᠲᠠᠢ ᠬᠥᠭᠵᠢᠭᠰᠡᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠵᠠᠯᠠᠭᠤᠴᠤᠳ᠂ ᠰᠣᠶᠣᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠲᠤᠰ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠶᠡᠭᠡ ᠪᠠᠷ ᠠᠬᠢᠭᠤᠯᠪᠠ᠂ ᠪᠧᠩᠭᠠᠯ ᠤᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠨ᠎ᠠ᠃ ᠪᠧᠩᠭᠠᠯ ᠤᠨ ᠡᠮᠦᠨᠡᠲᠦ ᠬᠡᠰᠡᠭ ᠤᠨ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠲᠥᠯᠥᠪᠯᠡᠭᠡ ᠳᠤ ᠳᠤᠮᠳᠠᠳᠤ ᠤᠯᠤᠰ ᠤᠨ ᠢᠳᠡᠪᠬᠢᠲᠡᠢ ᠣᠷᠣᠯᠴᠠᠵᠤ᠂ ᠪᠧᠩᠭᠠᠯ ᠤᠨ ︽2041 ᠬᠦᠰᠡᠯ ᠡᠷᠡᠮᠡᠯᠵᠡᠯ︾ ᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠪᠧᠩᠭᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠲᠠᠶᠢᠸᠠᠨ ᠤ ᠠᠰᠠᠭᠤᠳᠠᠯ ᠳᠡᠭᠡᠷᠡᠬᠢ ᠵᠣᠭᠰᠣᠯᠲᠠ ᠶᠢ ᠳᠡᠮᠵᠢᠵᠦ᠂ ᠭᠠᠳᠠᠭᠠᠳᠤ ᠶᠢᠨ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠪᠧᠩᠭᠠᠯ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠯᠠᠪᠲᠠᠢ ᠨᠡᠩ ᠶᠡᠭᠡ ᠬᠥᠭᠵᠢᠯᠲᠡ ᠲᠠᠢ ᠪᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号