ᠬᠤᠰᠢᠭᠤ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/7/19
        2024 ᠤᠨ ᠤ ︽ᠰᠢᠷ᠎ᠠ ᠲᠠᠯ᠎ᠠ ᠶᠢᠨ ᠵᠤᠨ︾ ᠤᠯᠠᠨ ᠲᠦᠮᠡᠨᠴᠢ ᠰᠢᠷᠢᠰ ᠤᠷᠠᠨ ᠰᠠᠶᠢᠬᠠᠨ ᠤ ᠲᠤᠭᠯᠠᠯᠳᠠ ᠶᠢᠨ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠯᠲᠠ 7 ᠰᠠᠷ᠎ᠠ ᠶᠢᠨ 10 ᠤ ᠣᠷᠣᠶ ᠬᠤᠪᠢᠯᠠᠶ ᠠᠭᠤᠳᠠᠮ ᠲᠠᠯᠠᠪᠠᠶ ᠳᠤ ᠶᠠᠪᠤᠭᠳᠠᠪᠠ᠃       ᠤᠷᠤᠢ ᠶᠢᠨ 7᠄ 30 ᠮᠢᠨᠦ᠋ᠲ ᠲᠤ᠂ ᠲᠣᠭᠯᠠᠯᠲᠠ ᠨᠢ ︽ᠮᠢᠨᠦ ᠨᠤᠲᠤᠭ︾ ᠭᠡᠬᠦ ᠨᠠᠶᠢᠷᠠᠯ ᠳᠠᠭᠤᠤ ᠪᠠᠷ ᠬᠥᠰᠢᠭᠡ ᠪᠠᠨ ᠰᠡᠭᠦᠵᠦ᠂ ᠡᠷᠡᠭᠲᠡᠶ ᠶᠢᠨ ᠭᠤᠴᠣᠯᠠᠯ ᠳᠠᠭᠤᠤ ︽ᠰᠡᠳᠬᠢᠯ ᠳᠠᠯᠠᠯᠤᠭᠰᠠᠨ ᠨᠤᠲᠤᠭ︾᠂ ᠨᠠᠶᠢᠷᠠᠯ ᠬᠥᠭᠵᠢᠮ ︽ᠱᠠᠩᠳᠤ ᠶᠢᠨ ᠠᠳᠤᠭᠤᠴᠢᠨ︾᠂ ᠳᠠᠭᠤᠤ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾᠂ ᠶᠠᠲᠤᠭ᠎ᠠ ᠶᠢᠨ ᠠᠶᠠᠯᠭᠤ ︽ᠠᠯᠳᠠᠩᠬᠤᠸ᠎ᠠ ᠴᠡᠴᠡᠭ︾ ᠨᠢ ᠰᠢᠯᠤᠭᠤᠨ ᠬᠥᠬᠡ ᠬᠤᠰᠢᠭᠤᠨ ᠤ ᠦᠨᠳᠦᠰᠦᠲᠡᠨ  ᠨᠦᠭᠦᠳ ᠤᠨ ᠠᠷᠠᠳ ᠲᠦᠮᠡᠨ ᠤ ᠨᠠᠮ ᠤᠨ ᠬᠡᠷᠡᠯ ᠰᠠᠴᠤᠷᠠᠩᠭᠤᠶ ᠲᠤᠶᠠᠭᠠᠯᠠᠯ ᠳᠣᠤᠷ᠎ᠠ᠂ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠬᠦᠢᠴᠡᠳ ᠬᠠᠷᠠᠭᠤᠯᠵᠤ᠂ ᠡᠷᠡᠭᠲᠡᠶ ᠡᠮᠡᠭᠲᠡᠶ ᠶᠢᠨ ᠬᠤᠤᠰᠯᠠᠯ ᠳᠠᠭᠤᠤ ︽ᠨᠠᠮ ᠤᠨ ᠲᠤᠭ︾᠂ ᠬᠥᠭᠡᠮᠡᠶ ︽ᠰᠤᠶᠤᠷᠬᠠᠯ︾ ᠨᠢ ᠪᠥᠬᠦ ᠲᠠᠯᠠᠪᠠᠶ ᠶᠢᠨ ᠦᠵᠡᠭᠴᠢᠳ ᠤᠨ ᠬᠦᠷᠢᠶᠡᠯᠡᠯ ᠢ ᠣᠯᠵᠤ᠂ ᠴᠢᠩ ᠰᠡᠳᠬᠢᠯ ᠤᠨ ᠪᠢᠰᠢᠷᠡᠯ ᠬᠦᠨᠳᠦᠳᠬᠡᠯ ᠪᠠ ᠨᠠᠮ ᠢᠶᠠᠨ ᠭᠡᠰᠡᠨ ᠬᠢᠵᠠᠭᠠᠯᠠᠰᠢ ᠥᠬᠡᠶ ᠬᠠᠯᠠᠭᠤᠨ ᠰᠡᠳᠬᠢᠯᠭᠡ ᠶᠢ ᠢᠯᠡᠳᠭᠡᠨ᠂ ︽ᠥᠪᠥᠷ ᠮᠣᠩᠭᠤᠯ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾ ᠭᠡᠬᠦ ᠴᠤᠭᠯᠢᠭ ᠠᠶᠠᠰ ᠤᠨ ᠳᠤᠮᠳᠠ ᠲᠤᠭᠯᠠᠯᠳᠠ ᠪᠠᠨ ᠦᠨᠳᠦᠷᠯᠡᠭᠦᠯᠦᠭᠰᠡᠨ ᠪᠠᠶᠢᠨ᠎ᠠ᠃ ᠲᠤᠰ ᠤᠳᠠᠭᠠᠨ ᠤ ᠲᠤᠭᠯᠠᠯᠳᠠ  ᠪᠠᠷ ᠬᠤᠰᠢᠭᠤ ᠤᠯᠠᠭᠠᠨᠮᠥ᠋ᠴᠢᠷ ᠣᠯᠠᠨ ᠲᠦᠮᠡᠨ ᠳᠤ ᠭᠤᠴᠤ ᠰᠠᠶᠢᠬᠠᠨ ᠲᠣᠭᠯᠠᠯᠲᠠ ᠪᠠᠨ ᠬᠦᠷᠭᠡᠭᠰᠡᠨ ᠢᠶᠠᠷ ᠪᠠᠷᠠᠬᠤ ᠥᠬᠡᠶ᠂ ᠨᠠᠮ ᠤᠨ ᠲᠠᠭᠤᠨ ᠢ ᠠᠷᠠᠳ ᠤᠯᠠᠨ ᠳᠤ ᠳᠠᠮᠵᠢᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ  ᠤᠨ ᠬᠡᠷᠡᠭᠴᠡᠭᠡ ᠶᠢ ᠬᠠᠩᠭᠠᠵᠤ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃      ︽ᠰᠢᠷ᠎ᠠ ᠲᠠᠯ᠎ᠠ ᠶᠢᠨ ᠵᠤᠨ︾ ᠤᠯᠠᠨ ᠲᠦᠮᠡᠨᠴᠢ ᠰᠢᠷᠢᠰ ᠤᠷᠠᠨ ᠰᠠᠶᠢᠬᠠᠨ ᠤ ᠲᠣᠭᠯᠠᠯᠲᠠ ᠨᠢ ᠴᠢᠨᠠᠷᠯᠢᠭ᠂ ᠰᠢᠨ᠎ᠡ ᠰᠡᠪᠡᠭᠦᠨ ᠲᠣᠭᠯᠠᠯᠲᠠ ᠪᠠᠷ ᠢᠶᠠᠨ ᠥᠷᠭᠡᠨ ᠣᠯᠠᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠯᠤᠭᠤᠨ ᠬᠥᠬᠡ ᠬᠤᠰᠢᠭᠤᠨ ᠤ ᠠᠷᠠᠳ ᠣᠯᠠᠨ ᠤ ᠪᠦᠯᠬᠦᠮᠳᠡᠯ ᠨᠢᠭᠲᠠᠷᠠᠯ ᠤᠨ ᠬᠦᠴᠦᠨ ᠢ ᠴᠢᠩᠭᠠᠳᠬᠠᠨ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠬᠦᠨᠵᠡᠭᠡᠶᠢᠷᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号