ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠥᠯᠢᠵᠢᠯᠳᠠ ᠶᠢ ᠠᠬᠢᠭᠤᠯᠵᠤ᠂ ᠨᠠᠮ  ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠣᠭᠲᠠᠭᠤᠨ  ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
         7 ᠰᠠᠷ᠎ᠠ ᠶᠢᠨ 11 ᠤ ᠡᠳᠦᠷ᠂ ᠰᠢᠯᠤᠭᠤᠨ ᠬᠥᠬᠡ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠥᠯᠢᠵᠢᠯᠳᠠ ᠶᠢ ᠠᠬᠢᠭᠤᠯᠬᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠢ ᠡᠷᠬᠢᠯᠡᠨ ᠶᠠᠷᠢᠶ᠎ᠠ ᠳᠠᠯᠪᠢᠵᠦ᠂ ᠬᠤᠰᠢᠭᠤ ᠤᠳᠤᠷᠢᠳᠤᠯᠭ᠎ᠠ ᠦᠨᠡᠨᠰᠠᠶᠢᠨ᠂ ᠶᠢᠨ ᠱᠠᠨ᠂ ᠠᠮᠵᠢᠯᠳᠤ᠂ ᠵᠠᠩ ᠵᠢᠶᠧ᠂ ᠼᠦᠢ ᠮᠢᠩ ᠬᠤᠸᠠ ᠵᠢᠴᠢ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠤᠷᠤᠯᠴᠠᠵᠠᠢ᠃        ᠬᠤᠷᠠᠯ ᠠᠴᠠ ᠡᠯ᠎ᠡ ᠰᠤᠮᠤ ᠪᠠᠯᠭᠠᠰᠤᠨ ︵ᠳᠠᠯᠠᠪᠠᠢ︶ ᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠣᠭᠲᠠᠭᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠠᠶᠤᠯᠭᠦᠶ ᠦᠶᠯᠡᠳᠪᠦᠷᠢᠯᠡᠯ ᠤᠨ ᠠᠵᠢᠯ ᠤᠨ ᠮᠡᠳᠡᠬᠦᠯᠦᠯᠳᠡ ᠶᠢ ᠰᠤᠨᠤᠰᠤᠨ᠂ ᠬᠠᠮᠢᠶ᠎ᠠ ᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃        ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠢ ᠪᠠᠳᠤᠯᠠᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠬᠤ ᠂ ᠪᠧᠶ ᠳ᠋ᠠᠶ ᠾᠧ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠵᠢᠴᠢ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ᠂ ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ᠤᠨ ᠨᠠᠶᠢᠷ ᠵᠡᠷᠭᠡ ᠴᠢᠬᠤᠯᠠ ᠴᠠᠭ ᠬᠤᠭᠤᠴᠠᠭᠠᠨ ᠤ ᠠᠮᠤᠷ ᠲᠦᠪᠰᠢᠨ ᠢ ᠪᠠᠳᠤᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠣᠭᠲᠠᠭᠤᠨ ᠢ ᠬᠠᠮᠠᠭᠠᠯᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠠᠶᠤᠯᠭᠦᠶ ᠦᠶᠯᠡᠳᠪᠦᠷᠢᠯᠡᠯ ᠢ ᠴᠢᠩᠭᠠᠳᠬᠠᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠢᠴᠡᠳ ᠲᠠᠨᠢᠨ᠂ ᠦᠵᠡᠯ ᠰᠠᠨᠠᠭ᠎ᠠ ᠪᠠᠨ ᠳᠡᠭᠡᠭᠰᠢᠯᠡᠭᠦᠯᠵᠦ᠂ ᠦᠢᠯᠡ ᠠᠵᠢᠯᠯᠠᠭ᠎ᠠ ᠪᠠᠨ ᠨᠢᠭᠡᠳᠦᠭᠦᠯᠦᠨ᠂ ᠠᠵᠢᠯ ᠢ ᠲᠤᠭᠤᠰᠢᠲᠠᠢ ᠠᠳᠬᠤᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠣᠪᠤᠷ ᠪᠠ ᠪᠣᠳᠠᠲᠠᠶ ᠶᠢ ᠡᠷᠬᠢᠮᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠᠷ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠳᠤᠯᠠᠬᠤ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃      ᠡᠯ᠎ᠡ ᠰᠤᠮᠤ ᠪᠠᠯᠭᠠᠰᠤ ︵ᠲᠠᠯᠠᠪᠠᠢ︶᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号