ᠰᠢᠯᠤᠭᠤᠨ ᠬᠥᠬᠡ ᠬᠤᠰᠢᠭᠤᠨ ᠤ ᠬᠠᠷᠪᠤᠭᠠᠴᠢᠳ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ ᠤᠷᠤᠯᠴᠠᠬᠤ ᠪᠠᠷ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/7/19
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ  ᠤᠨ ᠨᠠᠭᠠᠳᠤᠮ 7 ᠳ᠋ᠤᠭᠠᠷ ᠰᠠᠷ᠎ᠠ ᠶᠢᠨ 14 ᠤ ᠡᠳᠦᠷ ᠡᠬᠢᠯᠡᠵᠦ᠂ ᠨᠠᠭᠠᠳᠤᠮ ᠤᠨ ᠰᠢᠷᠢᠰ ᠤᠷᠤᠯᠳᠤᠭᠠᠨ ᠤ ᠨᠢᠭᠡ ᠲᠦᠷᠦᠯ ᠪᠣᠯᠬᠤ ᠤᠯᠠᠮᠵᠢᠯᠠᠯᠲᠤ ᠰᠤᠷ ᠬᠠᠷᠪᠤᠯᠳᠠ 14 ᠤ ᠡᠳᠦᠷ ᠠᠴᠠ 16 ᠤ ᠡᠳᠦᠷ ᠪᠣᠯᠲᠠᠯ᠎ᠠ ᠶᠠᠪᠤᠭᠳᠠᠬᠤ ᠪᠠᠷ ᠪᠤᠢ᠃ ᠡᠭᠦᠨ ᠳᠤ᠂ ᠰᠢᠯᠤᠭᠤᠨ ᠬᠦᠬᠡ ᠬᠤᠰᠢᠭᠤᠨ ᠤ ︿ᠵᠢᠷᠭᠤᠭᠠᠲᠠᠢ﹀ ᠤᠯᠠᠮᠵᠢᠯᠠᠯᠲᠤ ᠰᠤᠷ ᠬᠠᠷᠪᠤᠯᠳᠠ ᠶᠢᠨ ᠨᠡᠶᠢᠭᠡᠮᠯᠢᠭ ᠤᠨ ᠬᠠᠷᠪᠤᠭᠠᠴᠢᠳ ᠲᠠᠯ᠎ᠠ ᠨᠤᠲᠤᠭ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠬᠤ ᠪᠠᠷ ᠪᠡᠯᠡᠳᠭᠡᠵᠦ ᠪᠠᠶᠢᠨ᠎ᠠ᠃      ᠰᠤᠷᠪᠤᠯᠵᠢᠯᠠᠭᠴᠢ᠂ ᠰᠢᠯᠤᠭᠤᠨ ᠬᠥᠬᠡ ᠬᠤᠰᠢᠭᠤᠨ ᠤ ᠵᠢᠷᠭᠤᠭᠠᠳᠠᠢ ᠤᠯᠠᠮᠵᠢᠯᠠᠯᠲᠤ ᠰᠤᠷ ᠬᠠᠷᠪᠤᠯᠳᠠ ᠶᠢᠨ ᠨᠡᠶᠢᠭᠡᠮᠯᠢᠭ ᠤᠨ ᠪᠣᠯᠪᠠᠰᠤᠷᠠᠯ ᠤᠨ ᠭᠠᠵᠠᠷ ᠲᠤ᠂ ᠤᠷᠤᠯᠳᠤᠭᠠᠨ ᠳᠤ ᠤᠷᠤᠯᠴᠠᠬᠤ ᠲᠠᠮᠢᠷᠴᠢᠳ ᠴᠠᠭ ᠢ ᠠᠮᠵᠢᠨ ᠰᠤᠷᠢᠶ᠎ᠠ ᠪᠣᠯᠪᠠᠰᠤᠷᠠᠯ ᠢᠶᠠᠨ ᠴᠢᠩᠭᠠᠳᠬᠠᠵᠤ ᠪᠠᠶᠢᠬᠤ ᠶᠢ ᠤᠯᠵᠤ ᠬᠠᠷᠠᠯ᠎ᠠ᠃      ᠰᠢᠯᠤᠭᠤᠨ ᠬᠥᠬᠡ ᠬᠤᠰᠢᠭᠤᠨ ᠤ ᠵᠢᠷᠭᠤᠭᠠᠳᠠᠢ ᠤᠯᠠᠮᠵᠢᠯᠠᠯᠲᠤ ᠰᠤᠷ ᠬᠠᠷᠪᠤᠯᠳᠠ ᠶᠢᠨ ᠨᠡᠶᠢᠭᠡᠮᠯᠢᠭ ᠤᠨ ᠲᠡᠷᠢᠭᠦᠯᠡᠭᠴᠢ᠂ ᠰᠢᠯᠢ ᠶᠢᠨ ᠭᠤᠤᠯ ᠠᠶᠢᠮᠠᠭ ᠤᠨ ᠰᠤᠷ ᠬᠠᠷᠪᠤᠯᠳᠠ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠪᠤᠯᠠᠭ ᠬᠡᠯᠡᠬᠦ ᠳᠡᠭᠡᠨ᠄ ︽ᠡᠨᠡ ᠤᠳᠠᠭᠠᠨ ᠤ ᠤᠷᠤᠯᠳᠤᠭᠠᠨ ᠳᠤ ᠮᠠᠨ ᠤ ᠰᠢᠯᠤᠭᠤᠨ ᠬᠥᠬᠡ ᠬᠤᠰᠢᠭᠤᠨ  ᠤ ᠰᠤᠷ ᠬᠠᠷᠪᠤᠯᠳᠠ ᠶᠢᠨ ᠨᠡᠶᠢᠭᠡᠮᠯᠢᠭ ᠠᠴᠠ ᠨᠡᠶᠢᠲᠡ 26 ᠬᠥᠮᠦᠨ ᠨᠡᠷ᠎ᠡ ᠮᠡᠳᠡᠬᠦᠯᠵᠦ᠂ ᠤᠢᠢᠷ᠎ᠠ ᠳᠤ ᠶᠠᠭ ᠴᠠᠭ ᠢ ᠠᠮᠵᠢᠨ ᠪᠣᠯᠪᠠᠰᠤᠷᠠᠵᠤ ᠪᠠᠶᠢᠨ᠎ᠠ᠃ ᠡᠭᠦᠨ ᠤ ᠬᠠᠮᠳᠤ ᠪᠠᠰᠠ ᠡᠯ᠎ᠡ ᠭᠠᠵᠠᠷ ᠤᠨ ᠨᠠᠭᠠᠳᠤᠮ ᠳᠤ ᠣᠷᠣᠯᠴᠠᠵᠤ᠂ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠵᠦ ᠪᠤᠢ︾ ᠭᠡᠯ᠎ᠡ᠃      ᠤᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ  ᠤ ᠲᠠᠯ᠎ᠠ ᠨᠤᠲᠤᠭ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠳᠤ ᠤᠷᠤᠯᠴᠠᠬᠤ ᠪᠠᠷ ᠪᠠᠶᠢᠭ᠎ᠠ ᠰᠢᠯᠤᠭᠤᠨ ᠬᠦᠭᠡ ᠬᠤᠰᠢᠭᠤᠨ ᠬᠠᠷᠪᠤᠭᠠᠴᠢᠳ ᠪᠠᠰᠠ ᠤᠶᠢᠷ᠎ᠠ ᠶᠢᠨ ᠬᠤᠭᠤᠴᠠᠭᠠᠨ ᠳᠤ ᠡᠯ᠎ᠡ ᠭᠠᠵᠠᠷ ᠶᠠᠪᠤᠭᠳᠠᠵᠤ ᠪᠠᠶᠢᠭ᠎ᠠ ᠨᠠᠶᠢᠷ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢᠶᠠᠷ ᠳᠠᠮᠵᠢᠭᠤᠯᠤᠨ ᠡᠯ᠎ᠡ ᠭᠠᠵᠠᠷ ᠤᠨ ᠬᠠᠷᠪᠤᠭᠠᠴᠢᠳ ᠲᠠᠢ ᠳᠤᠷᠰᠢᠯᠭ᠎ᠠ ᠰᠤᠯᠢᠯᠴᠠᠨ᠂ ᠥᠪᠡᠷ ᠢ ᠪᠠᠨ ᠳᠡᠭᠡᠭᠰᠢᠯᠡᠭᠦᠯᠵᠦ᠂ ᠤᠷᠤᠨ ᠤ ᠨᠠᠭᠠᠳᠤᠮ ᠳᠤ ᠰᠢᠯᠢᠳᠡᠭ ᠬᠢᠷᠢ ᠪᠦᠲᠦᠮᠵᠢ ᠭᠠᠷᠭᠠᠬᠤ ᠪᠠᠷ ᠴᠢᠷᠮᠠᠶᠢᠵᠤ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号