ᠰᠢᠯᠤᠭᠤᠨ ᠬᠦᠭᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠢ ᠳᠡᠭᠡᠭᠰᠢᠯᠡᠭᠦᠯᠬᠦ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/19
         7 ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ  ᠤᠨ ᠤᠯᠤᠰ ᠲᠥᠷᠥ ᠶᠢᠨ ᠬᠡᠪ ᠴᠢᠨᠠᠷ ᠢ ᠳᠡᠭᠡᠭᠰᠢᠯᠡᠭᠦᠯᠬᠦ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠡᠷᠬᠢᠯᠡᠯ᠎ᠡ᠃ ᠪᠤᠯᠪᠠᠰᠤᠷᠠᠯ ᠢᠶᠠᠷ᠂ ᠨᠠᠨᠺᠠᠢ ᠶᠡᠭᠡ ᠰᠤᠷᠭᠠᠭᠤᠯᠢ ᠶᠢᠨ ᠭᠦᠨ ᠤᠬᠠᠭᠠᠨ ᠤ ᠳ᠋ᠣᠺᠲ᠋ᠣᠷ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠬᠤᠤ ᠶᠦᠩ ᠫᠢᠩ ᠢ ᠤᠷᠢᠵᠤ ᠬᠢᠴᠢᠶᠡᠯᠯᠡᠭᠦᠯᠦᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠹᠧᠩ ᠵᠢᠶᠠᠨ ᠵᠢᠶᠦ᠋ᠨ ᠬᠤᠷᠠᠯ ᠢ ᠡᠷᠬᠢᠯᠡᠵᠡᠢ᠃     ᠬᠤᠤ ᠶᠦᠩ ᠫᠢᠩ ᠫᠷᠤᠹᠧᠰᠰᠤᠷ ︽ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ︾ ᠢᠶᠠᠷ ᠰᠡᠳᠦᠪᠯᠡᠨ᠂ ᠶᠡᠷᠦᠩᠬᠡᠶ ᠱᠦᠵᠢ ᠰᠢ ᠶᠢᠨ ᠫᠢᠩ ᠤᠨ ᠤᠳᠠᠭ᠎ᠠ ᠪᠦᠷᠢ ᠶᠢᠨ ᠴᠢᠬᠤᠯᠠ ᠶᠡᠭᠡ ᠬᠤᠷᠠᠯ᠂ ᠴᠢᠬᠤᠯᠠ ᠲᠠᠯᠠᠪᠤᠷ ᠲᠠᠬᠢ ᠶᠠᠷᠢᠶᠠᠨ ᠤ ᠠᠭᠤᠤ ᠶᠡᠭᠡ ᠲᠡᠮᠡᠴᠡᠯ ᠤᠨ ᠲᠤᠬᠠᠶ ᠴᠢᠬᠤᠯᠠ ᠥᠭᠦᠯᠡᠯᠲᠡ ᠠᠴᠠ ᠭᠠᠷᠳᠠᠵᠤ᠂ ︽ᠠᠭᠤᠤ ᠶᠡᠭᠡ ᠲᠡᠮᠡᠴᠡᠯ ᠤᠨ ᠴᠠᠭ ᠦᠶ᠎ᠡ ᠶᠢᠨ ᠠᠬᠤᠶ ᠪᠠᠶᠢᠳᠠᠯ᠂ ᠦᠨᠳᠦᠰᠦᠨ ᠠᠭᠤᠯᠤᠭᠳᠠᠬᠤᠨ᠂ ᠲᠡᠦᠬᠡᠨ ᠣᠨᠴᠠᠯᠢᠭ᠂ ᠵᠦᠶ ᠵᠣᠬᠢᠰᠲᠠᠶ ᠵᠠᠭᠠᠭ ᠬᠢᠵᠠᠭᠠᠷ᠂ ᠦᠶᠯᠡᠳᠦᠯᠭᠡ ᠶᠢᠨ ᠱᠠᠭᠠᠷᠳᠠᠯᠭ᠎ᠠ︾ ᠵᠡᠷᠭᠡ ᠲᠠᠪᠤᠨ ᠲᠠᠯ᠎ᠠ ᠠᠴᠠ ᠭᠦᠨᠵᠡᠭᠡᠶ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠬᠦ ᠴᠠᠭ ᠦᠶ᠎ᠡ ᠶᠢᠨ ᠠᠭᠤᠯᠤᠭᠳᠠᠬᠤᠨ ᠪᠠ ᠦᠶᠯᠡᠳᠦᠯᠭᠡ ᠶᠢᠨ ᠠᠷᠭ᠎ᠠ ᠵᠠᠮ  ᠢ ᠳᠤᠳᠤᠷᠬᠠᠶᠢᠯᠠᠭᠰᠠᠨ ᠪᠠᠶᠢᠨ᠎ᠠ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠨᠠᠮ ᠤᠨ ᠰᠠᠬᠢᠯᠭ᠎ᠠ ᠪᠠᠲᠤ ᠶᠢ ᠰᠠᠶᠢᠳᠤᠷ ᠰᠤᠷᠤᠯᠴᠠᠵᠤ᠂ ᠦᠵᠡᠯ ᠪᠤᠳᠤᠯ ᠢᠶᠠᠨ ᠨᠢᠭᠡᠳᠭᠡᠨ᠂ ᠨᠠᠮ ᠤᠨ ᠰᠠᠬᠢᠯᠭ᠎ᠠ ᠪᠠᠲᠤ ᠶᠢ ᠪᠠᠳᠤ ᠴᠡᠭᠡᠵᠢᠯᠡᠨ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠪᠣᠯᠪᠠᠰᠤᠷᠠᠯ ᠤᠨ ᠭᠤᠤᠯ ᠰᠡᠳᠦᠪ ᠳᠤᠳᠤᠷᠬᠠᠢ᠂ ᠠᠭᠤᠯᠭ᠎ᠠ ᠪᠠᠶᠠᠯᠢᠭ ᠪᠠᠶᠢᠵᠤ᠂ ᠨᠠᠮ ᠤᠨ ᠭᠡᠰᠢᠭᠦᠨ ᠺᠠᠳ᠋ᠷᠴᠤᠳ  ᠤᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠲᠡᠮᠡᠴᠡᠯ ᠤᠨ ᠴᠢᠳᠠᠪᠤᠷᠢ ᠶᠢ ᠨᠡᠮᠡᠭᠳᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠬᠤ ᠳᠤ ᠴᠢᠬᠤᠯᠠ ᠵᠢᠯᠣᠭᠤᠳᠬᠤ ᠦᠢᠯᠡᠳᠦᠯ ᠦᠵᠡᠭᠦᠯᠦᠭᠰᠡᠨ ᠪᠠᠶᠢᠨ᠎ᠠ᠃     ᠪᠤᠯᠪᠠᠰᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠲᠤᠰ ᠤᠳᠠᠭᠠᠨ ᠤ ᠬᠢᠴᠢᠶᠡᠯᠯᠡᠭᠡ ᠪᠠᠷ ᠠᠵᠠ ᠲᠣᠬᠢᠶᠠᠯ ᠪᠣᠯᠭᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠢᠶᠠᠷ ᠵᠠᠮᠨᠠᠬᠤ᠂ ᠳᠤᠮᠳᠠ ᠳᠡᠰ ᠲᠤ ᠤᠷᠤᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠨᠠᠶᠢᠳᠠᠪᠤᠷᠢᠵᠢᠭᠤᠯᠵᠤ᠂ ᠲᠡᠮᠡᠴᠡᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠨ᠂ ᠲᠡᠮᠡᠴᠡᠯ ᠤᠨ ᠵᠢᠮ᠎ᠡ ᠶᠣᠰᠣ ᠶᠢ ᠡᠵᠡᠮᠳᠡᠵᠦ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠳᠣᠬᠢᠴᠢᠯᠠᠭᠰᠠᠨ ᠰᠢᠯᠤᠭᠤᠨ ᠬᠦᠬᠡ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号