ᠰᠢᠯᠤᠭᠤᠨ ᠬᠥᠬᠡ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ ᠣᠷᠣᠯᠴᠠᠪᠠ
ᠨᠡᠶᠢᠲᠡᠯᠡᠭᠰᠡᠨ ᠴᠠᠭ᠄
2024/7/19
        7 ᠳ᠋ᠤᠭᠠᠷ ᠰᠠᠷ᠎ᠠ ᠶᠢᠨ 14 ᠤ ᠡᠳᠦᠷ᠂ ︽ᠲᠠᠯ᠎ᠠ ᠨᠤᠲᠤᠭ ᠤᠨ ᠨᠠᠨᠳᠢᠨ ᠪᠤᠯᠵᠤᠭ᠎ᠠ᠂ ᠳᠠᠩᠰᠤᠭ ᠨᠠᠭᠠᠳᠤᠮ ᠤᠨ ᠪᠠᠶᠠᠷᠳᠤ ᠵᠤᠯᠭᠠᠯᠳᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠬᠤᠲᠠ ᠳᠤ ᠡᠬᠢᠯᠡᠵᠦ᠂ ᠰᠢᠯᠤᠭᠤᠨ ᠬᠥᠬᠡ ᠬᠤᠰᠢᠭᠤ ᠲᠠᠯ᠎ᠠ ᠨᠤᠲᠤᠭ ᠤᠨ ᠨᠠᠭᠠᠳᠤᠮ ᠳᠤ ᠢᠳᠡᠪᠬᠢᠯᠡᠨ ᠤᠷᠤᠯᠴᠠᠯ᠎ᠠ᠃       ᠨᠠᠭᠠᠳᠤᠮ ᠤᠨ ᠵᠠᠩ ᠦᠢᠯᠡ ᠶᠢᠨ ᠬᠦᠷᠢᠶᠡᠯᠡᠩ ᠤᠨ ᠮᠣᠩᠭᠤᠯ ᠭᠡᠷ ᠲᠠᠬᠢ ︽ᠰᠢᠯᠤᠭᠤᠨ ᠬᠦᠭᠡ ᠠᠴᠠ ᠲᠠᠯ᠎ᠠ ᠨᠤᠲᠤᠭ ᠢ ᠤᠶᠢᠯᠠᠭᠠᠬᠤᠢ︾ ᠭᠡᠬᠦ ᠦᠵᠡᠭᠦᠯᠭᠡ ᠶᠢᠨ ᠲᠣᠭᠤᠷᠢᠭ ᠲᠤ᠂ ᠰᠢᠯᠤᠭᠤᠨ ᠬᠥᠬᠡ ᠬᠤᠰᠢᠭᠤᠨ ᠤ ᠰᠢᠷᠠᠭᠰᠠᠨ ᠮᠢᠬ᠎ᠠ᠂ ᠪᠤᠷᠴᠠ᠂ ᠬᠤᠨᠢᠨ ᠮᠢᠬᠠᠨ ᠤ ᠱᠣᠷᠣᠯᠠᠭ᠂ ᠬᠤᠨᠢᠨ ᠤ ᠰᠢᠷᠠᠭᠰᠠᠨ ᠬᠠᠪᠢᠷᠭ᠎ᠠ ᠵᠡᠷᠭᠡ ᠠᠮᠳᠠᠳᠤ ᠢᠳᠡᠭᠡᠨ ᠢ ᠳᠡᠯᠭᠡᠨ ᠦᠵᠡᠭᠦᠯᠵᠦ᠂ ᠵᠤᠭᠠᠴᠠᠭᠰᠠᠳ ᠲᠤ ᠵᠢᠩᠬᠢᠨᠢ ᠲᠠᠯ᠎ᠠ ᠨᠤᠲᠤᠭ ᠤᠨ ᠢᠳᠡᠭᠡᠨ ᠢ ᠠᠮᠳᠠᠯᠠᠭᠤᠯᠤᠭᠰᠠᠨ ᠢᠶᠠᠷ ᠪᠠᠷᠠᠬᠤ ᠥᠬᠡᠶ ᠨᠠᠩ ᠴᠤ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠤᠶᠢᠯᠠᠭᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠲᠤᠭᠤ ᠠᠬᠤᠢ ᠳᠠᠯᠠᠪᠠᠢ ᠳᠤ ᠬᠤᠷᠤᠳ ᠬᠢᠵᠦ᠂ ᠬᠦᠮᠦᠰ ᠲᠤ ᠴᠠᠭᠠᠨ ᠢᠳᠡᠭᠡ ᠪᠤᠯᠪᠠᠰᠤᠷᠠᠭᠤᠯᠬᠤ ᠶᠠᠪᠤᠴᠠ ᠶᠢ ᠦᠵᠡᠭᠦᠯᠦᠭᠰᠡᠨ ᠪᠦᠭᠡᠳ ᠪᠠᠶᠢᠭᠠᠯᠢᠯᠢᠭ ᠦᠨᠦᠷ ᠠᠮᠳᠠᠳᠤ ᠰᠢᠯᠢ ᠶᠢᠨ ᠭᠤᠤᠯ ᠤᠨ ᠪᠢᠰᠢᠯᠠᠭ ᠢ ᠠᠮᠲᠠᠯᠠᠭᠤᠯᠵᠠᠶ᠃ ᠡᠭᠦᠨ ᠠᠴᠠ ᠭᠠᠳᠠᠨ᠎ᠠ ᠪᠠᠰᠠ ᠠᠯᠳᠠᠩᠬᠤᠸ᠎ᠠ ᠴᠡᠴᠡᠭ ᠤᠨ ᠰᠣᠶᠣᠯ ᠤᠨ ᠡᠭᠦᠳᠦᠯᠲᠡ  ᠶᠢᠨ ᠪᠦᠲᠦᠭᠡᠭᠳᠡᠬᠦᠨ᠂ ᠴᠠᠭᠠᠨ ᠢᠳᠡᠭᠡ᠂ ᠴᠠᠬᠠᠷ ᠬᠤᠪᠴᠠᠰᠤ ᠵᠠᠰᠠᠯ᠂ ᠮᠣᠩᠭᠤᠯ ᠦᠨᠳᠦᠰᠦᠲᠡᠨ ᠤ ᠪᠤᠷᠭᠠᠰᠤᠨ ᠭᠦᠷᠦᠮᠡᠯ᠂ ᠮᠥᠩᠭᠦᠨ ᠡᠳ᠋ᠯᠡᠯ᠂ ᠮᠣᠩᠭᠤᠯ ᠦᠨᠳᠦᠰᠦᠲᠡᠨ ᠤ ᠦᠨᠳᠦᠰᠦᠨ ᠰᠡᠶᠢᠯᠦᠮᠡᠯ᠂ ᠶᠠᠰᠤᠨ ᠰᠡᠶᠢᠯᠦᠮᠡᠯ ᠵᠡᠷᠭᠡ  ᠶᠢ ᠳᠡᠯᠭᠡᠨ ᠦᠵᠡᠭᠦᠯᠦᠭᠰᠡᠨ ᠪᠠᠶᠢᠨ᠎ᠠ᠃       ᠲᠤᠰ ᠤᠳᠠᠭᠠᠨ ᠤ ᠨᠠᠭᠠᠳᠤᠮ ᠤᠨ ᠡᠬᠢᠯᠡᠯᠳᠡ ᠶᠢᠨ ᠶᠤᠰᠤᠯᠠᠯ ᠳᠤ ᠰᠢᠯᠤᠭᠤᠨ ᠬᠦᠬᠡ ᠬᠤᠰᠢᠭᠤᠨ ᠤ 50 ᠪᠥᠬᠡᠴᠢᠨ᠂ 40 ᠬᠠᠷᠪᠤᠭᠠᠴᠢ ᠪᠠ 10 ᠪᠢᠴᠢᠬᠠᠨ ᠲᠣᠭᠯᠠᠭᠴᠢ ᠤᠷᠤᠯᠴᠠᠭᠰᠠᠨ ᠠᠴᠠ ᠭᠠᠳᠠᠨ᠎ᠠ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠲᠣᠭᠯᠠᠯᠲᠠ ᠳᠤ ᠭᠤᠷᠪᠠ ᠤᠳᠠᠭ᠎ᠠ ᠲᠣᠭᠯᠠᠯᠲᠠ ᠭᠠᠷᠭᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号