ᠰᠢᠯᠤᠭᠤᠨ ᠬᠥᠬᠡ ᠬᠤᠰᠢᠭᠤ ᠰᠢᠯᠢ ᠶᠢᠨ ᠭᠤᠤᠯ ᠠᠶᠢᠮᠠᠭ ᠤᠨ 19 ᠳ᠋ᠦ᠋ᠭᠡᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠣᠯᠳᠠ ᠳᠤ ᠰᠢᠯᠢᠳᠡᠭ ᠬᠢᠷᠢ ᠪᠦᠲᠦᠮᠵᠢ ᠣᠯᠵᠠᠶ
ᠨᠡᠶᠢᠲᠡᠯᠡᠭᠰᠡᠨ ᠴᠠᠭ᠄
2024/7/19
             ︽ᠲᠠᠯ᠎ᠠ ᠨᠤᠲᠤᠭ ᠤᠨ ᠨᠠᠨᠳᠢᠨ ᠪᠣᠯᠵᠤᠭ᠎ᠠ᠂ ᠲᠠᠩᠰᠤᠭ ᠨᠠᠭᠠᠳᠣᠮ ᠤᠨ ᠪᠠᠶᠠᠷᠳᠣ ᠵᠣᠯᠭᠠᠯᠳᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠭᠤᠤᠯ ᠰᠡᠳᠦᠪᠲᠦ ᠰᠢᠷᠢᠰ ᠠᠵᠢᠯᠯᠠᠭ᠎ᠠ — ᠰᠢᠯᠢ ᠶᠢᠨ ᠭᠤᠤᠯ ᠠᠶᠢᠮᠠᠭ ᠤᠨ 19 ᠳ᠋ᠦ᠋ᠭᠡᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠣᠯᠳᠠ ᠠᠮᠵᠢᠯᠳᠠᠳᠠᠢ ᠦᠨᠳᠦᠷᠯᠡᠵᠦ᠂ ᠡᠯ᠎ᠡ‌ᠬᠤᠰᠢᠭᠤ ᠰᠢᠶᠠᠨ ᠬᠤᠲᠠ ( ᠲᠣᠭᠤᠷᠢᠭ )  ᠶᠢᠨ 278 ᠰᠠᠶᠢᠨ ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠵᠦ᠂ ᠨᠡᠶᠢᠳᠡ 66 ᠲᠦᠷᠦᠯ ᠵᠦᠢᠯ ᠤᠨ ᠱᠠᠩᠨᠠᠯ ᠣᠯᠭᠤᠨ᠂ ᠲᠤᠰ ᠬᠤᠭᠤᠴᠠᠭᠠᠨ ᠤ ᠤᠷᠤᠯᠳᠤᠭᠠᠨ ᠳᠤ ᠰᠢᠯᠤᠭᠤᠨ ᠬᠦᠬᠡ ᠬᠤᠰᠢᠭᠤ 5 ᠲᠦᠷᠦᠯ ᠤᠨ ᠱᠠᠩᠨᠠᠯ ᠭᠠᠷᠳᠠᠵᠤ᠂ ᠭᠠᠨᠵᠤᠭ᠎ᠠ ᠳᠦᠭᠦᠷᠡᠩ ᠪᠤᠴᠠᠵᠤ ᠢᠷᠡᠯ᠎ᠡ᠃       ᠠᠳᠠᠯᠢᠳᠬᠠᠨ ᠰᠢᠯᠭᠠᠷᠠᠭᠤᠯᠬᠤ ᠪᠠᠷ ᠳᠠᠮᠵᠢᠨ᠂ ᠮᠠᠨ ᠤ ᠬᠤᠰᠢᠭᠤᠨ ᠤ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭᠠᠨ ᠤ ᠬᠥᠭᠵᠢᠯᠲᠦ ᠵᠢᠨ‌‍ᠰᠠᠶᠢᠨ ᠡᠭᠦᠯᠳᠡᠷ ᠤᠨ ᠰᠢᠮᠧᠨ᠋ᠳᠡᠷ ᠲᠤᠭᠤᠯ ᠨᠢᠭᠡᠳᠦᠭᠡᠷ ᠳᠡᠰ ᠤᠨ ᠱᠠᠩᠨᠠᠯ᠂ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭᠠᠨ ᠤ ᠽᠦᠸᠧ ᠴᠢ ᠴᠧᠩ ᠤᠨ ᠬᠤᠸᠠ ᠰᠢ ᠲᠤᠭᠤᠯ ᠬᠤᠶᠠᠳᠤᠭᠠᠷ ᠳᠡᠰ ᠤᠨ ᠱᠠᠩᠨᠠᠯ᠂ ᠪᠣᠱᠣᠤᠳᠠᠢ ᠰᠣᠮᠣᠨ ᠤ ᠠᠮᠪᠠᠨ ᠰᠢᠷ᠎ᠠ ᠭᠠᠴᠠᠭᠠᠨ ᠤ ᠵᠧᠩ ᠵᠢᠶᠦ᠋ᠨ ᠤ ᠦᠬᠢᠨ‌‍ᠲ᠋ᠤᠭᠤᠯ ᠭᠤᠷᠪᠠᠳᠤᠭᠠᠷ ᠳᠡᠰ ᠤᠨ ᠱᠠᠩᠨᠠᠯ ᠬᠦᠷᠳᠡᠵᠦ᠂ ᠴᠠᠬᠠᠷ ᠬᠤᠨᠢᠨ ᠤ ᠰᠢᠯᠭᠠᠷᠠᠭᠤᠯᠣᠯᠳᠠ ᠳᠤ ᠲᠠᠪᠤ ᠨᠢᠬᠡ ᠮᠠᠯᠵᠢᠯ ᠤᠨ ᠲᠠᠯᠠᠪᠠᠶ ᠶᠢᠨ ᠪᠠᠶ ᠬᠠᠶ ᠵᠢᠶᠠᠩ ᠤᠨ ᠬᠤᠴᠠ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠱᠠᠩᠳᠤ ᠪᠠᠯᠭᠠᠰᠤᠨ ᠤ ᠠᠳᠤᠭᠤᠨ ᠬᠤᠳᠳᠤᠭ ᠭᠠᠴᠠᠭᠠᠨ ᠤ ᠽᠦᠸᠧ ᠴᠢ ᠴᠧᠩ ‍ᠤᠨ‌ᠬᠤᠨᠢ ᠭᠤᠷᠪᠠᠳᠤᠭᠠᠷ ᠳᠡᠰ  ᠤᠨ ᠱᠠᠩᠨᠠᠯ ᠬᠦᠷᠳᠡᠨ᠂ ᠮᠣᠩᠭᠤᠯ ᠮᠣᠷᠢᠨ ᠤ ᠰᠢᠯᠭᠠᠷᠠᠭᠤᠯᠤᠯᠲᠠ ᠳᠤ ᠪᠣᠱᠣᠣᠳᠠᠢ ᠰᠣᠮᠣᠨ ᠤ ᠨᠡᠬᠦᠳᠡᠬᠡᠢ ᠭᠠᠴᠠᠭᠠᠨ  ᠤ ᠨᠠᠮᠣᠷ᠎ᠠ ᠶᠢᠨ ᠮᠣᠷᠢ ᠬᠤᠶᠠᠳᠤᠭᠠᠷ ᠳᠡᠰ ᠤᠨ ᠱᠠᠩᠨᠠᠯ ᠬᠦᠷᠳᠡᠭᠰᠡᠨ ᠪᠠᠶᠢᠨ᠎ᠠ᠃      ᠲᠣᠰ ᠤᠳᠠᠭᠠᠨ ᠤ ᠦᠨᠢᠷ ᠰᠦᠷᠦᠭ ᠤᠨ ᠰᠢᠯᠭᠠᠷᠠᠭᠤᠯᠣᠯᠳᠠ ᠳᠤ ᠣᠷᠣᠯᠴᠠᠬᠤ ᠪᠠᠷ ᠳᠡᠮᠵᠢᠨ᠂ᠰᠢᠯᠤᠭᠤᠨ ᠬᠥᠬᠡ ᠬᠤᠰᠢᠭᠤᠨ ᠤ ᠰᠠᠶᠢᠨ ᠡᠭᠦᠯᠳᠡᠷ ᠤᠨ ᠮᠠᠯ ᠤᠨ ᠨᠡᠷ᠎ᠡ‌ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠰᠠᠶᠢᠨ ᠡᠭᠦᠯᠳᠡᠷ ᠤᠨ ᠮᠠᠯ ᠲᠡᠵᠢᠭᠡᠨ ᠦᠷᠡᠵᠢᠭᠦᠯᠬᠦ ᠢᠳᠡᠪᠬᠢᠵᠢᠯ ᠢ ᠲᠠᠶᠢᠴᠢᠯᠠᠬᠰᠡᠨ ᠤ ᠬᠠᠮᠲᠤ ᠮᠠᠯ ᠠᠵᠤ ᠠᠬᠤᠶ ᠶᠢᠨ ᠠᠵᠤ ᠦᠶᠯᠡᠰ ᠢ ᠪᠥᠬᠦ ᠲᠠᠯ᠎ᠠ  ᠪᠠᠷ ᠬᠥᠭᠵᠢᠭᠦᠯᠬᠦ ᠶᠢ ᠠᠬᠢᠭᠤᠯᠬᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号