ᠰᠢᠯᠤᠭᠤᠨ ᠬᠥᠬᠡ ᠬᠤᠰᠢᠭᠤᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠲᠠᠯ᠎ᠠ ᠨᠤᠲᠤᠭ ᠤᠨ ᠨᠠᠭᠠᠳᠤᠮ ᠳᠤ ᠣᠨᠴᠠᠯᠢᠬᠳᠠᠨ᠎ᠠ
ᠨᠡᠶᠢᠲᠡᠯᠡᠭᠰᠡᠨ ᠴᠠᠭ᠄
2024/7/19
       7 ᠳ᠋ᠤᠭᠠᠷ ᠰᠠᠷ᠎ᠠ ᠶᠢᠨ 14 ᠤ ᠡᠳᠦᠷ᠂ ︽ᠲᠠᠯ᠎ᠠ ᠨᠤᠲᠤᠭ ᠤᠨ ᠨᠠᠨᠳᠢᠨ ᠪᠣᠯᠵᠤᠭ᠎ᠠ᠂  ᠲᠠᠩᠰᠤᠭ ᠨᠠᠭᠠᠳᠣᠮ  ᠤᠨ ᠪᠠᠶᠠᠷᠳᠦ ᠵᠣᠯᠭᠠᠯᠳᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠬᠤᠲᠠ ᠳᠤ ᠦᠪᠡᠳᠡᠭᠰᠢ ᠡᠬᠢᠯᠡᠵᠦ᠂ ᠰᠢᠯᠤᠭᠤᠨ ᠬᠥᠬᠡ ᠬᠤᠰᠢᠭᠤᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠬᠦᠯᠭᠡ ᠨᠢ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ ᠠᠩᠬᠠᠷᠤᠯ ᠢ ᠲᠠᠳ᠋ᠬᠠᠰᠠᠨ ᠪᠠᠶᠢᠨ᠎ᠠ᠃    ᠰᠢᠯᠤᠭᠤᠨ ᠬᠥᠬᠡ ᠬᠤᠰᠢᠭᠤᠨ ᠤ ᠦᠵᠡᠭᠦᠯᠭᠡ ᠶᠢᠨ ᠲᠣᠭᠤᠷᠢᠭ ᠲᠤ᠂ ᠭᠤᠶᠣ ᠰᠠᠶᠢᠬᠠᠨ ᠴᠢᠮᠡᠭᠯᠡᠯ ᠲᠠᠢ ᠮᠣᠩᠭᠤᠯ ᠬᠡᠷ ᠨᠢ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠣᠨᠴᠠᠯᠢᠭ ᠢ ᠳᠡᠯᠭᠡᠨ ᠦᠵᠡᠭᠦᠯᠬᠦ ᠴᠢᠬᠤᠯᠠ ᠴᠤᠩᠬᠤᠪᠴᠢ ᠪᠣᠯᠵᠣ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ  ᠶᠢᠨ ᠪᠦᠲᠦᠭᠡᠭᠳᠡᠬᠦᠨ ᠨᠢ ᠰᠢᠯᠤᠭᠤᠨ ᠬᠥᠬᠡ ᠬᠤᠰᠢᠭᠤᠨ ᠤ ᠠᠷᠠᠳ ᠲᠦᠮᠡᠨ ᠤ ᠣᠶᠤᠨ ᠤᠬᠠᠭᠠᠨ ᠪᠠ ᠪᠦᠲᠦᠭᠡᠯᠴᠢ ᠴᠢᠳᠠᠪᠤᠷᠢ ᠶᠢ ᠬᠠᠷᠠᠭᠤᠯᠵᠠᠢ᠃   ᠡᠭᠦᠨ ᠠᠴᠠ ᠭᠠᠳᠠᠨ᠎ᠠ᠂ ᠠᠯᠳᠠᠩᠬᠤᠸ᠎ᠠ ᠴᠡᠴᠡᠭ ᠤᠨ ᠬᠡ ᠤᠭᠠᠯᠵᠠ ᠲᠠᠢ ᠴᠠᠶ ᠶᠢᠨ ᠰᠠᠪᠠ ᠬᠡᠷᠡᠭᠰᠡᠯ᠂ ᠡᠯ᠎ᠡ ᠵᠦᠶᠯ ᠤᠨ ᠦᠵᠡᠮᠥᠷᠢ ᠶᠢᠨ ᠬᠡᠷᠡᠭᠰᠡᠯ᠂ ᠢᠰᠡᠭᠡᠶ ᠬᠡᠷ᠂ ᠡᠩᠭᠡᠷ ᠤᠨ ᠵᠡᠬᠦᠯᠳᠡ᠂ ᠪᠠᠭᠤᠪᠴᠢ ᠵᠡᠷᠭᠡ ᠠᠷᠪᠠ ᠭᠠᠷᠤᠶ ᠵᠦᠶᠯ ᠤᠨ ᠪᠦᠲᠦᠭᠡᠭᠳᠡᠬᠦᠨ ᠢ ᠨᠠᠷᠢᠯᠢᠭ ᠰᠠᠶᠢᠬᠠᠨ ᠵᠢᠷᠤᠵᠤ ᠲᠥᠯᠥᠪᠯᠡᠭᠰᠡᠨ ᠢᠶᠠᠷ ᠪᠠᠷᠠᠬᠤ ᠥᠬᠡᠶ᠂ ᠰᠢᠯᠤᠭᠤᠨ ᠬᠥᠬᠡ ᠬᠤᠰᠢᠭᠤᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠣᠷᠣᠨ ᠨᠤᠲᠤᠭ ᠤᠨ ᠣᠨᠴᠠᠯᠢᠭ ᠠᠭᠤᠯᠣᠠᠠᠳ᠋ᠬᠠᠰᠠᠨ ᠭᠤᠴᠣ ᠰᠠᠶᠢᠬᠠᠨ ᠪᠦᠳᠦᠬᠡᠭᠳᠡᠬᠦᠨ ᠨᠢ ᠦᠷᠬᠡᠨ ᠣᠯᠠᠨ ᠵᠣᠭᠠᠴᠬᠠᠰᠠᠳ ᠤᠨ ᠠᠩᠬᠠᠷᠤᠯ ᠢ ᠲᠠᠲᠠᠵᠤ᠂ ᠦᠨᠳᠦᠷ ᠦᠨᠡᠯᠡᠯᠳᠡ ᠶᠢ ᠣᠯᠣᠯ᠎ᠠ᠃   ᠰᠢᠯᠤᠭᠤᠨ ᠬᠥᠬᠡ ᠬᠤᠰᠢᠭᠤ ᠲᠠᠯ᠎ᠠ ᠨᠤᠲᠤᠭ ᠤᠨ ᠨᠠᠭᠠᠳᠤᠮ ᠤᠨ ᠲᠠᠪᠴᠠᠩ  ᠢᠶᠠᠷ᠂ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠷᠡᠭᠦᠯᠵᠦ᠂ ᠡᠯ᠎ᠡ ᠲᠥᠷᠥᠯ ᠤᠨ ᠭᠠᠷ ᠤᠷᠠᠯᠠᠯ ᠤᠨ ᠪᠦᠲᠦᠭᠡᠭᠳᠡᠬᠦᠨ ᠢ ᠤᠬᠠᠭᠤᠯᠬᠤ ᠪᠠ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠵᠤᠭᠠᠴᠠᠭᠰᠠᠳ ᠲᠤ ᠰᠢᠯᠤᠭᠤᠨ ᠬᠥᠬᠡ ᠬᠤᠰᠢᠭᠤᠨ ᠤ ᠦᠨᠳᠦᠰᠦᠲᠡᠨ ᠤ ᠰᠣᠶᠣᠯ ᠤᠨ ᠷᠢᠳᠢ ᠰᠢᠳᠢ ᠪᠠ ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ ᠣᠶᠢᠯᠠᠭᠠᠭᠤᠯᠵᠦ᠂ ᠰᠢᠯᠤᠭᠤᠨ ᠬᠥᠬᠡ ᠬᠤᠰᠢᠭᠤᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃   
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号