2024 ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ‍ᠤᠨ‌ᠨᠠᠶᠢᠷ ᠤᠨ ᠪᠡᠯᠡᠳᠬᠡᠯ ᠠᠵᠢᠯ ᠶᠠᠭᠠᠷᠠᠯᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/7/19
      7 ᠳ᠋ᠤᠭᠠᠷ ᠰᠠᠷ᠎ᠠ ᠶᠢᠨ 17 ᠤ ᠡᠳᠦᠷ᠂ ᠣᠯᠠᠨ ᠤ ᠠᠩᠬᠠᠷᠤᠯ ᠢ ᠲᠠᠲᠠᠭᠰᠠᠨ ︿︿ᠤᠮᠠᠷᠠᠳᠤ ᠬᠢᠯᠢ ᠪᠠᠨ ᠴᠡᠴᠡᠭᠯᠡᠬᠦᠯᠵᠦ ᠰᠢᠯᠤᠭᠤᠨ ᠬᠥᠬᠡ ᠳᠤ ᠪᠤᠯᠵᠤᠶ᠎ᠠ﹀﹀ 2024 ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ᠤᠨ ᠨᠠᠶᠢᠷ ᠤᠨ ᠪᠡᠯᠡᠳᠬᠡᠯ ᠠᠵᠢᠯ ᠶᠠᠭᠠᠷᠠᠯᠳᠠᠢ ᠶᠠᠪᠤᠠᠠᠳᠠᠵᠦ ᠪᠠᠶᠢᠨ᠎ᠠ᠃  ᠰᠤᠷᠪᠤᠯᠵᠢᠯᠠᠭᠴᠢ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠳᠤ ᠬᠦᠷᠴᠦ᠂ ᠡᠬᠢᠯᠡᠯᠲᠡ ᠶᠢᠨ ᠶᠣᠰᠣᠯᠠᠯ ᠤᠨ ᠲᠠᠶᠢᠰᠠ ᠤ ᠵᠠᠰᠠᠯ ᠵᠢᠴᠢ ᠪᠤᠰᠤᠳ ᠲᠥᠷᠥᠯ ᠤᠨ ᠠᠵᠢᠯ ᠢ ᠶᠠᠭ ᠶᠠᠭᠠᠷᠠᠯᠲᠠᠶ ᠶᠠᠪᠤᠠᠠᠳᠠᠭᠤᠯᠵᠤ ᠪᠠᠶᠢᠬᠤ ᠶᠢ ᠣᠯᠵᠤ ᠬᠠᠷᠠᠯ᠎ᠠ᠃  ᠣᠳᠣᠬᠠᠨ ᠳᠤ᠂ ᠠᠯᠳᠠᠩᠬᠤᠸ᠎ᠠ ᠴᠡᠴᠡᠭ ᠨᠢᠭᠡᠨᠲᠡ ᠪᠠᠳᠠᠷᠠᠨ ᠲᠡᠯᠬᠡᠷᠡᠵᠣ᠂ ᠲᠤᠰᠬᠠᠶ ᠬᠥᠮᠦᠰ ᠡᠴᠠ‌‍ᠰᠠᠶᠢᠳᠣᠷ ᠬᠠᠮᠠᠭᠠᠯᠠᠨ᠂ ᠴᠡᠴᠡᠭᠡᠰ ᠤᠨ ᠬᠠᠮᠤᠭ ᠤᠨ ᠭᠤᠶᠣᠮᠰᠤᠭ ᠰᠠᠶᠢᠬᠠᠨ ᠳᠦᠷᠢ ᠪᠠᠶᠢᠳᠠᠯ ᠢᠶᠠᠷ ᠵᠤᠭᠠᠴᠠᠭᠰᠠᠳ ᠢ ᠤᠭᠲᠤᠬᠤ ᠶᠢ ᠦᠨᠡᠨ ᠬᠦ ᠪᠠᠲᠤᠯᠠᠵᠤ ᠪᠠᠶᠢᠨ᠎ᠠ᠃ ᠬᠥᠳᠡᠯᠭᠡᠭᠡᠨ ᠤ ᠲᠠᠯᠠᠪᠤᠷ ᠢ ᠪᠠᠶᠢᠷᠢᠯᠠᠭᠤᠯᠬᠤ ᠠᠵᠢᠯ ᠴᠤ ᠬᠥᠭᠵᠢᠶᠡᠨᠲᠡᠢ ᠶᠠᠪᠤᠭᠳᠠᠵᠤ᠂ ᠠᠭᠤᠵᠢᠭᠤ ᠲᠡᠷᠭᠡᠨ ᠵᠣᠭᠰᠣᠭᠠᠯ᠂ ᠴᠡᠪᠡᠷ ᠲᠡᠭᠰᠢ ᠶᠠᠪᠣᠭᠠᠨ ᠤ ᠵᠠᠮ ᠵᠢᠴᠢ ᠲᠠᠭᠠᠯᠠᠮᠵᠢᠲᠠᠢ ᠠᠮᠠᠷᠠᠬᠤ ᠣᠷᠣᠨ ᠵᠡᠷᠭᠡ ᠰᠠᠭᠤᠷᠢ ᠲᠥᠬᠦᠭᠡᠷᠦᠮᠵᠢ ᠠᠯᠬᠤᠮ ᠠᠯᠬᠤᠮ ᠢᠶᠠᠷ ᠲᠡᠭᠦᠯᠳᠡᠷᠵᠢᠵᠦ ᠪᠣᠢ᠃ ᠨᠥᠭᠦᠭᠡ ᠲᠠᠯ᠎ᠠ ᠪᠠᠷ᠂ ᠲᠤᠰᠬᠠᠶ ᠮᠡᠷᠭᠡᠵᠢᠯ ᠤᠨ ᠠᠵᠢᠯᠳᠠᠳ ᠨᠠᠶᠢᠷ ᠤᠨ ᠰᠢᠭᠤᠳ ᠨᠡᠪᠲᠡᠷᠡᠭᠦᠯᠭᠡ ᠶᠢᠨ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ᠂ ᠡᠯ᠎ᠡ ᠵᠦᠶᠯ ᠤᠨ ᠪᠣᠯᠵᠣᠯᠲᠤ ᠲᠤᠭ᠎ᠠ ᠶᠢ ᠬᠢᠨᠠᠨ ᠬᠠᠷᠭᠤᠭᠤᠯᠵᠤ᠂ ᠰᠢᠭᠤᠳ ᠨᠡᠪᠲᠡᠷᠡᠭᠦᠯᠭᠡ ᠶᠢᠨ ᠤᠷᠤᠭᠰᠢᠲᠠᠶ ᠶᠠᠪᠤᠭᠳᠠᠬᠤ ᠶᠢ ᠪᠠᠳᠣᠯᠠᠨ᠂ ᠨᠠᠩ ᠣᠯᠠᠨ ᠬᠦᠮᠦᠰ ᠳᠤ ᠡᠬᠢᠯᠡᠯᠲᠡ ᠶᠢᠨ ᠶᠣᠰᠣᠯᠠᠯ ᠤᠨ ᠨᠢᠵᠡᠬᠡᠷ ᠰᠠᠶᠢᠬᠠᠨ ᠢ ᠴᠠᠭ ᠲᠤᠬᠠᠶ ᠳᠤᠨᠢ ᠬᠦᠷᠬᠡᠬᠦ ᠪᠠᠷ ᠪᠡᠯᠡᠳᠬᠡᠵᠦ ᠪᠣᠢ᠃  ᠣᠶᠢᠯᠠᠭᠠᠭᠰᠠᠨ ᠢᠶᠠᠷ᠂ ᠣᠳᠣᠬᠠᠨ ᠳᠤ ᠠᠵᠢᠯᠯᠠᠭᠠᠨ ᠤ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠶᠠᠭᠠᠷᠠᠯᠲᠠᠶ ᠶᠠᠪᠤᠭᠳᠠᠵᠤ᠂ ᠬᠤᠷᠠᠯ ᠤᠨ ᠲᠠᠯᠠᠪᠠᠶ ᠶᠢᠨ ᠴᠠᠬᠢᠯᠭᠠᠨ ᠬᠦᠴᠦᠨ ᠤ ᠪᠠᠲᠤᠯᠠᠭ᠎ᠠ ᠶᠢᠨ ᠢᠨᠵᠧᠨᠧᠷᠢᠩ ᠵᠢᠴᠢ ᠡᠯ᠎ᠡ ᠵᠦᠶᠯ ᠤᠨ ᠲᠦᠷ ᠴᠠᠭ ᠤᠨ ᠲᠥᠬᠦᠭᠡᠷᠦᠮᠵᠢ ᠶᠢ 7 ᠰᠠᠷ᠎ᠠ ᠶᠢᠨ 18 ᠤ ᠡᠳᠦᠷ ᠲᠤᠷᠰᠢᠨ ᠬᠡᠷᠡᠭᠯᠡᠬᠦ ᠶᠢ ᠳᠠᠭᠤᠰᠬᠠᠬᠤ ᠪᠣᠯᠤᠨ᠎ᠠ᠃  ᠰᠢᠯᠤᠭᠤᠨ ᠬᠥᠬᠡ ᠬᠤᠰᠢᠭᠤᠨ ᠤ ᠬᠤᠪᠢᠯᠠᠶ ᠠᠭᠤᠳᠠᠮ ᠲᠠᠯᠠᠪᠠᠶ ᠳᠡᠭᠡᠷ᠎ᠡ᠂ ᠦᠨᠳᠦᠰᠦᠲᠡᠨ ᠤ ᠣᠨᠴᠠᠯᠢᠭ ᠪᠥᠬᠦᠶ ᠮᠣᠩᠭᠤᠯ ᠬᠡᠷ ᠢ ᠨᠢᠭᠡᠨᠲᠡ ᠪᠠᠷᠢᠵᠤ ᠲᠠᠭᠤᠰᠬᠠᠨ᠂ ᠮᠣᠩᠭᠤᠯ ᠬᠡᠷ ᠲᠤ᠂ ᠠᠵᠢᠯᠲᠠᠳ ᠳᠡᠯᠭᠡᠨ ᠦᠵᠡᠭᠦᠯᠬᠦ ᠣᠷᠣᠨ ᠵᠠᠢ ᠶᠢ ᠨᠠᠷᠢᠨ ᠨᠢᠮᠪᠠᠶ ᠪᠠᠶᠢᠷᠢᠯᠠᠭᠤᠯᠵᠤ᠂ ︽ᠰᠢᠯᠢ ᠶᠢᠨ ᠭᠤᠤᠯ ᠤᠨ ᠴᠠᠭᠠᠨ ᠢᠳᠡᠭᠡ︾ ᠶᠢ ᠰᠢᠯᠭᠠᠨ ᠥᠨᠡᠯᠡᠬᠦ ᠰᠢᠷᠢᠰ ᠠᠵᠢᠯᠯᠠᠭ᠎ᠠ ᠶᠢᠨ ᠪᠡᠯᠡᠳᠬᠡᠯ ᠠᠵᠢᠯ ᠢ ᠬᠢᠵᠦ᠂ ᠵᠠᠷᠢᠮ ᠮᠣᠩᠭᠤᠯ ᠭᠡᠷ ᠲᠤ ᠤᠯᠠᠮᠵᠢᠯᠠᠯᠲᠤ ᠪᠢᠰᠢᠯᠠᠭ᠂ ᠥᠷᠥᠮ᠎ᠠ᠂ ᠬᠤᠷᠤᠳ ᠵᠡᠷᠭᠡ ᠴᠠᠭᠠᠨ ᠢᠳᠡᠭᠡ ᠶᠢ ᠲᠡᠯᠬᠡᠨ ᠦᠵᠡᠬᠦᠯᠬᠦ ᠪᠣᠯᠣᠨ᠎ᠠ᠃  ᠰᠢᠯᠤᠭᠤᠨ ᠬᠥᠬᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠲᠤᠯᠭᠠᠭᠤᠷᠢ᠄ ︽ᠪᠢᠳᠡ ᠭᠤᠷᠪᠠᠨ ᠡᠳᠦᠷ ᠤᠨ ᠴᠠᠭ ᠢ ᠠᠰᠢᠭᠯᠠᠨ 16 ᠮᠣᠩᠭᠤᠯ ᠭᠡᠷ ᠪᠠᠷᠢᠭᠰᠠᠨ ᠪᠥᠭᠡᠳ ᠮᠣᠩᠭᠤᠯ ᠭᠡᠷ ᠲᠤ ᠤᠰᠤ ᠴᠠᠬᠢᠯᠭᠠᠨ ᠨᠡᠪᠲᠡᠷᠡᠭᠦᠯᠵᠦ᠂ ᠬᠥᠯᠳᠡᠭᠡᠭᠦᠷ᠂ ᠰᠢᠷᠡᠭᠡ ᠰᠠᠨᠳᠠᠯᠢ ᠪᠥᠬᠦᠨ ᠢ ᠪᠡᠯᠡᠳᠬᠡᠨ᠂ ᠪᠦᠬᠦ ᠠᠶᠢᠮᠠᠭ ᠤᠨ 10 ᠬᠤᠰᠢᠭᠤ ᠰᠢᠶᠠᠨ ᠵᠢᠴᠢ ᠮᠠᠨ ᠤ ᠬᠤᠰᠢᠭᠤᠨ ᠤ 9 ᠰᠤᠮᠤ ᠪᠠᠯᠭᠠᠰᠤᠨ ᠤ ᠰᠢᠯᠢᠳᠡᠭ ᠴᠠᠭᠠᠨ ᠢᠳᠡᠭᠡᠨ ᠤ ᠳᠡᠯᠭᠡᠨ ᠦᠵᠡᠬᠦᠯᠭᠡ ᠶᠢ ᠤᠭᠲᠤᠬᠤ ᠳᠤ ᠳᠥᠭᠦᠮ ᠨᠥᠬᠦᠴᠡᠯ ᠬᠠᠩᠭᠠᠵᠦ ᠪᠣᠢ︾ ᠬᠡᠯ᠎ᠡ᠃ ᠤᠮᠠᠷᠠᠳᠤ ᠬᠢᠯᠢ ᠪᠠᠨ ᠴᠡᠴᠡᠭᠯᠡᠬᠦᠯᠵᠦ ᠰᠢᠯᠤᠭᠤᠨ ᠬᠥᠬᠡ ᠳᠤ ᠪᠤᠯᠵᠤᠶ᠎ᠠ  ᠡᠨᠡ ᠵᠢᠯ᠂ ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ᠤᠨ ᠨᠠᠶᠢᠷ ᠨᠢ ︽ᠤᠮᠠᠷᠠᠳᠤ ᠬᠢᠯᠢ ᠪᠠᠨ ᠴᠡᠴᠡᠭᠯᠡᠬᠦᠯᠵᠦ ᠰᠢᠯᠤᠭᠤᠨ ᠬᠥᠬᠡ ᠳᠤ ᠪᠤᠯᠵᠤᠶ᠎ᠠ︾ ᠬᠡᠬᠦ ᠭᠤᠤᠯ ᠰᠡᠳᠦᠪ ᠢᠶᠠᠷ᠂ ᠠᠵᠢᠯᠯᠠᠭ᠎ᠠ ᠶᠢᠨ ᠬᠤᠭᠤᠴᠠᠭᠠᠨ  ᠳᠤ᠂ ᠣᠯᠠᠨ ᠵᠦᠶᠯ ᠤᠨ ᠪᠠᠶᠠᠯᠢᠭ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠡᠷᠭᠢᠯᠡᠬᠦ ᠪᠣᠯᠤᠨ᠎ᠠ᠃ ᠡᠭᠦᠨ ᠳᠤ ᠤᠯᠠᠮᠵᠢᠯᠠᠯᠲᠤ ᠪᠥᠬᠡ ᠶᠢᠨ ᠪᠠᠷᠢᠯᠳᠤᠭᠠᠨ᠂ ᠤᠯᠠᠮᠵᠢᠯᠠᠯᠲᠤ ᠰᠤᠷ ᠬᠠᠷᠪᠤᠯᠲᠠ ᠵᠡᠷᠭᠡ ᠦᠨᠳᠦᠰᠦᠲᠡᠨ ᠤ ᠪᠡᠶ᠎ᠡ ᠲᠠᠮᠢᠷ ᠤᠨ ᠤᠷᠤᠯᠳᠤᠭᠠᠨ ᠪᠠᠶᠢᠵᠦ᠂ ᠡᠭᠦᠨ ᠤ ᠬᠠᠮᠲᠤ ᠪᠠᠰᠠ ᠬᠤᠯᠠᠨ ᠰᠢᠷᠭ᠎ᠠ ᠲᠠᠭ᠎ᠠ ᠶᠢᠨ ᠦᠬᠡᠷ ᠤᠨ ᠮᠢᠬᠠᠨ ᠤ ᠠᠮᠲᠠᠲᠤ ᠢᠳᠡᠭᠡᠨ ᠤ ᠨᠠᠶᠢᠷ᠂ ᠲᠠᠪᠤᠳᠤᠭᠠᠷ ᠬᠤᠭᠤᠴᠠᠭᠠᠨ ᠤ ︽ᠰᠢᠯᠢ ᠶᠢᠨ ᠭᠤᠣᠯ ᠤᠨ ᠴᠠᠭᠠᠨ ᠢᠳᠡᠬᠡᠨ︾ ᠤ ᠪᠦᠲᠦᠭᠡᠭᠳᠡᠬᠦᠨ ᠢ ᠰᠢᠯᠭᠠᠨ ᠦᠨᠡᠯᠡᠬᠦ ᠠᠵᠢᠯᠯᠠᠭ᠎ᠠ ᠵᠡᠷᠭᠡ ᠤᠨᠴᠠᠯᠢᠬᠳᠤ ᠠᠮᠲᠠᠲᠤ ᠢᠳᠡᠭᠡᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠵᠤᠭᠠᠴᠠᠭᠰᠠᠳ ᠲᠤ ᠲᠤᠬᠠᠢ ᠶᠢᠨ ᠭᠠᠵᠠᠷ ᠤᠨ ᠠᠮᠲᠠᠲᠤ ᠢᠳᠡᠭᠡᠨ‌ᠢ ᠠᠮᠳᠠᠯᠠᠭᠤᠯᠬᠤ ᠠᠴᠠ ᠭᠠᠳᠠᠨ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠶ᠎ᠡ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ᠂ ︽ᠠᠯᠳᠠᠩᠬᠤᠸ᠎ᠠ ᠶᠢᠨ ᠵᠤᠨ︾ ᠰᠢᠷᠢᠰ ᠤᠷᠠᠨ ᠰᠠᠶᠢᠬᠠᠨ ᠤ ᠲᠣᠭᠯᠠᠯᠲᠠ ᠥᠷᠬᠦᠯᠵᠢᠯᠡᠵᠣ᠂ ᠬᠤᠳᠠ ᠶᠢᠨ ᠠᠷᠠᠳ ᠪᠣᠯᠤᠨ ᠵᠢᠭᠤᠯᠴᠢᠯᠠᠭᠰᠠᠳ ᠲᠤ ᠬᠥᠷᠬᠡᠬᠦ ᠪᠣᠯᠣᠨ᠎ᠠ᠃  ︽2024 ᠰᠢᠯᠤᠭᠤᠨ ᠬᠥᠬᠡ ᠬᠤᠰᠢᠭᠤᠨ ᠤ ᠠᠯᠳᠠᠩᠬᠤᠸ᠎ᠠ ᠴᠡᠴᠡᠭ ᠤᠨ ᠨᠠᠶᠢᠷ︾ ᠨᠢ ᠮᠠᠨ ᠤ ᠬᠤᠰᠢᠭᠤᠨ ᠤ ᠨᠢᠭᠡᠨ ᠠᠰᠣᠷᠣ ᠭᠤᠶᠣ ᠨᠡᠷ᠎ᠡ ᠶᠢᠨ ᠬᠠᠭᠤᠳᠠᠰᠤ ᠪᠣᠯᠤᠭᠰᠠᠨ ᠤ ᠬᠤᠪᠢ ᠳᠤ᠂ ᠪᠠᠶᠠᠯᠢᠭ ᠰᠠᠶᠢᠬᠠᠨ ᠠᠵᠢᠯᠯᠠᠭ᠎ᠠ ᠪᠠ ᠬᠠᠷᠠᠭ᠎ᠠ ᠪᠤᠯᠢᠶᠠᠮ᠎ᠠ ᠪᠠᠶᠢᠭᠠᠯᠢ ᠶᠢᠨ ᠥᠩᠭᠡ ᠦᠵᠡᠮᠵᠢ ᠪᠠᠷ ᠰᠢᠯᠤᠭᠤᠨ ᠬᠥᠬᠡ ᠬᠤᠰᠢᠭᠤᠨ ᠤ ᠥᠪᠡᠷᠮᠢᠴᠡ ᠵᠠᠩ ᠦᠶᠯᠡ ᠶᠢᠨ ᠰᠣᠶᠣᠯ ᠪᠠ ᠤᠯᠠᠮᠵᠢᠯᠠᠯᠲᠤ ᠵᠠᠩ ᠦᠶᠯᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠦ ᠪᠠᠶᠢᠨ᠎ᠠ᠃ ᠣᠳᠣᠬᠠᠨ ᠪᠣᠯᠲᠠᠯ᠎ᠠ᠂ ᠠᠵᠢᠯᠯᠠᠭ᠎ᠠ ᠨᠢᠭᠡᠪᠦᠷᠢ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠴᠥᠮ ᠡᠮᠬᠢ ᠴᠡᠭᠴᠡ ᠲᠠᠢ ᠶᠠᠪᠤᠭᠳᠠᠵᠤ᠂ ᠡᠮᠦᠨ᠎ᠡ ᠹᠷᠣᠨᠲ ᠤᠨ ᠠᠵᠢᠯᠲᠠᠳ ᠨᠠᠶᠢᠷ ᠤᠨ ᠠᠮᠵᠢᠯᠲᠠ ᠲᠠᠢ ᠶᠠᠪᠣᠬᠳᠠᠬᠤ ᠶᠢᠨ ᠲᠥᠯᠥᠭᠡ ᠶᠠᠳᠠᠷᠠᠭ᠎ᠠ ᠵᠥᠳᠡᠷᠡᠭᠡ ᠶᠢ ᠬᠠᠶᠢᠭᠤᠷᠣᠯ ᠥᠬᠡᠢ ᠴᠢᠷᠮᠠᠶᠢᠨ ᠠᠵᠢᠯᠯᠠᠵᠠᠭᠠᠨ᠂ ᠭᠦᠶᠴᠡᠳ ᠪᠡᠯᠡᠳᠬᠡᠯ ᠬᠢᠵᠦ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号