ᠰᠢᠯᠤᠭᠤᠨ ᠬᠥᠬᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠪᠯᠡᠨ ᠤᠯᠠᠮᠵᠢᠯᠠᠭᠴᠢ ᠤᠷᠤᠨ ᠤ ᠨᠠᠭᠠᠳᠤᠮ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠳᠤ ᠣᠷᠣᠯᠴᠠᠬᠤ ᠪᠠᠷ ᠪᠤᠢ
ᠨᠡᠶᠢᠲᠡᠯᠡᠭᠰᠡᠨ ᠴᠠᠭ᠄
2024/7/19
      ᠰᠢᠯᠤᠭᠤᠨ ᠬᠥᠬᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠦᠪᠯᠡᠨ ᠤᠯᠠᠮᠵᠢᠯᠠᠭᠴᠢᠳ ᠤᠳᠠᠯ ᠦ᠊ ᠭᠡᠢ ᠶᠠᠪᠤᠭᠳᠠᠬᠤ ᠪᠠᠷ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ  ᠶᠢᠨ ᠦᠷ᠎ᠡ ᠪᠦᠲᠦᠭᠡᠯ ᠤᠨ ᠦᠵᠡᠭᠦᠯᠭᠡ ᠳᠤ ᠣᠷᠣᠯᠴᠠᠬᠤ ᠪᠠᠷ ᠪᠤᠢ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ ᠤᠷᠤᠯᠴᠠᠬᠤ ᠪᠠᠷ᠂ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠬᠠᠷ ᠬᠤᠪᠴᠠᠰᠤ ᠵᠠᠰᠠᠯ ᠢ ᠦᠪᠯᠡᠨ ᠤᠯᠠᠮᠵᠢᠯᠠᠭᠴᠢ ᠤᠶᠤᠨᠭᠡᠷᠡᠯ ᠥᠪᠡᠷ ᠤᠨ ᠤᠷᠠᠯᠠᠭᠰᠠᠨ ᠴᠠᠬᠠᠷ ᠲᠣᠯᠣᠭᠠᠶ ᠶᠢᠨ ᠵᠠᠰᠠᠯ ᠢᠶᠠᠨ ᠭᠠᠷᠭᠠᠨ ᠲᠢᠭᠯᠡᠵᠦ᠂ ᠨᠠᠭᠠᠳᠤᠮ ᠤᠨ ᠠᠬᠤᠢ ᠳᠠᠯᠠᠪᠠᠢ ᠳᠤ ᠳᠡᠯᠭᠡᠨ ᠦᠵᠡᠭᠦᠯᠬᠦ ᠪᠠᠷ ᠪᠡᠯᠡᠳᠬᠡᠵᠦ ᠪᠠᠶᠢᠯ᠎ᠠ᠃ ᠤᠶᠤᠨᠭᠡᠷᠡᠯ 1980 ᠣᠨ ᠳᠤ ᠰᠢᠯᠤᠭᠤᠨ ᠬᠦᠬᠡ ᠬᠤᠰᠢᠭᠤᠨ ᠤ ᠦᠨᠳᠦᠰᠦᠲᠡᠨ ᠤ ᠬᠤᠪᠴᠠᠰᠤ ᠵᠠᠰᠠᠯ ᠤᠨ ᠦᠢᠯᠡᠳᠪᠦᠷᠢ ᠳᠤ ᠠᠵᠢᠯᠯᠠᠵᠤ᠂ ᠬᠤᠷᠢᠭᠠᠳ ᠵᠢᠯ ᠤᠨ ᠲᠤᠷᠰᠢ 30 ᠭᠠᠷᠤᠢ ᠴᠠᠬᠠᠷ ᠤᠯᠠᠮᠵᠢᠯᠠᠯᠲᠤ ᠬᠤᠪᠴᠠᠰᠤ ᠵᠠᠰᠠᠯ ᠤᠨ ᠤᠶᠤᠳᠠᠯᠴᠢᠨ ᠢ ᠬᠦᠮᠦᠵᠢᠬᠦᠯᠵᠡᠢ᠃ ᠶᠡᠷᠡᠭᠡᠳ ᠣᠨ ᠠᠴᠠ ᠡᠬᠢᠯᠡᠨ ᠤᠶᠤᠨᠭᠡᠷᠡᠯ ᠴᠠᠬᠠᠷ ᠤᠯᠠᠮᠵᠢᠯᠠᠯᠲᠤ ᠲᠣᠯᠣᠭᠠᠢ ᠶᠢᠨ ᠵᠠᠰᠠᠯ ᠢ ᠰᠤᠳᠤᠯᠵᠤ᠂ ᠤᠳᠤ ᠪᠤᠯᠬᠤ ᠳᠤ ᠨᠢᠭᠡᠨᠲᠡ ᠪᠦᠷᠢᠨ ᠪᠦᠲᠦᠨ ᠤᠷ᠎ᠠ ᠮᠡᠷᠭᠡᠵᠢᠯ ᠢ ᠡᠵᠡᠮᠰᠢᠭᠰᠡᠨ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠤᠯᠬᠤ ︽ᠮᠣᠩᠭᠤᠯ ᠦᠨᠳᠦᠰᠦᠲᠡᠨ ᠤ ᠦᠨᠳᠦᠰᠦᠨ ᠰᠡᠶᠢᠯᠦᠮᠡᠯ︾ ᠤᠨ ᠦᠪᠯᠡᠨ ᠤᠯᠠᠮᠵᠢᠯᠠᠭᠴᠢ ᠦᠷᠨᠢᠯᠳᠦ᠂ ᠲᠣᠰ ᠤᠳᠠᠭ᠎ᠠ ᠥᠪᠡᠷ  ᠤᠨ ᠰᠡᠶᠢᠯᠦᠭᠰᠡᠨ ᠦᠨᠳᠦᠰᠦᠨ ᠤᠷᠠᠯᠠᠯ ᠢᠶᠠᠷ ᠢᠶᠠᠨ ᠲᠠᠯ᠎ᠠ ᠨᠤᠲᠤᠭ ᠤᠨ ᠨᠠᠭᠠᠳᠤᠮ ᠤᠨ ᠦᠵᠡᠭᠦᠯᠭᠡ ᠳᠤ ᠤᠷᠤᠯᠴᠠᠬᠤ ᠪᠤᠯᠤᠨ᠎ᠠ᠃ ᠦᠷᠨᠢᠯᠳᠦ ᠤᠶᠢᠷ᠎ᠠ ᠶᠢᠨ ᠡᠳᠦᠷ ᠦᠨᠳᠦᠰᠦᠨ ᠰᠡᠶᠢᠯᠦᠮᠡᠯ ᠤᠨ ᠪᠦᠲᠦᠭᠡᠯ ᠤᠨ ᠳᠡᠯᠭᠡᠨ ᠦᠵᠡᠭᠦᠯᠭᠡ ᠶᠢᠨ ᠣᠷᠳᠣᠨ ᠳᠠᠭᠠᠨ ᠤᠷᠤᠨ ᠤ ᠨᠠᠭᠠᠳᠤᠮ ᠳᠤ ᠳᠡᠯᠭᠡᠨ ᠦᠵᠡᠬᠦᠯᠬᠦ ᠪᠦᠲᠦᠭᠡᠯ ᠢᠶᠠᠨ ᠤᠷᠠᠯᠠᠵᠤ ᠪᠠᠶᠢᠯ᠎ᠠ᠃      ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ︽ᠮᠣᠩᠭᠤᠯ ᠦᠨᠳᠦᠰᠦᠲᠡᠨ ᠤ ᠦᠨᠳᠦᠰᠦᠨ ᠰᠡᠶᠢᠯᠦᠮᠡᠯ︾ ᠤᠨ ᠦᠪᠯᠡᠨ ᠤᠯᠠᠮᠵᠢᠯᠠᠭᠴᠢ ᠦᠷᠨᠢᠯᠳᠦ᠄ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ ᠥᠪᠡᠷ ᠤᠨ ᠪᠦᠲᠦᠭᠡᠯ ᠢᠶᠠᠨ ᠠᠪᠴᠤ ᠤᠷᠤᠯᠴᠠᠬᠤ ᠪᠤᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠃ ᠡᠨᠡ ᠤᠳᠠᠭ᠎ᠠ ᠡᠬᠡ ᠶᠢᠨ ᠰᠡᠳᠬᠢᠯᠭᠡ ᠶᠢ ᠬᠠᠷᠠᠭᠤᠯᠤᠭᠰᠠᠨ ᠪᠦᠲᠦᠭᠡᠯ ᠢᠶᠠᠨ ᠬᠤᠯᠠ ᠤᠶᠢᠷ᠎ᠠ ᠶᠢᠨ ᠵᠤᠴᠢᠳ ᠲᠤ ᠰᠤᠨᠢᠷᠬᠠᠭᠤᠯᠬᠤ ᠪᠤᠯᠤᠨ᠎ᠠ︾ ᠭᠡᠯ᠎ᠡ᠃     ᠣᠶᠢᠯᠠᠭᠠᠭᠰᠠᠨ ᠢᠶᠠᠷ᠂ ᠲᠣᠰ ᠤᠳᠠᠭ᠎ᠠ ᠮᠠᠨ ᠤ ᠬᠤᠰᠢᠭᠤ ᠨᠡᠶᠢᠲᠡ 16 ᠪᠣᠳᠠᠰ ᠤᠨ ᠪᠤᠰᠤ ᠰᠣᠶᠣᠯ ᠤᠨ ᠥᠪ ᠤᠨ ᠦᠪᠯᠡᠨ ᠤᠯᠠᠮᠵᠢᠯᠠᠭᠴᠢ ᠶᠢ ᠵᠣᠬᠢᠶᠠᠨ ᠪᠠᠶᠢᠭᠤᠯᠤᠨ ᠤᠷᠤᠨ ᠤ ᠨᠠᠭᠠᠳᠤᠮ ᠳᠤ ᠤᠷᠤᠯᠴᠠᠭᠤᠯᠬᠤ ᠪᠠᠷ ᠪᠠᠶᠢᠵᠦ᠂ ᠨᠡᠶᠢᠲᠡ 7 ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ᠂ 60 ᠭᠠᠷᠤᠶ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠪᠣᠳᠠᠰ ᠢ ᠳᠡᠯᠭᠡᠨ ᠦᠵᠡᠬᠦᠯᠬᠦ ᠪᠤᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号