ᠰᠢᠯᠤᠭᠤᠨ ᠬᠥᠬᠡ ᠬᠤᠰᠢᠭᠤᠨ ᠤ ᠵᠢᠭᠤᠯᠴᠢᠯᠠᠯ ᠬᠥᠭᠵᠢᠶᠡᠨᠲᠡᠢ ᠪᠠᠶᠢᠨ᠎ᠠ
ᠨᠡᠶᠢᠲᠡᠯᠡᠭᠰᠡᠨ ᠴᠠᠭ᠄
2024/7/19
         ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠳ᠋ᠤ᠋‌ᠡᠯ᠎ᠡ ᠭᠠᠵᠠᠷ  ᠤᠨ ᠵᠤᠭᠠᠴᠠᠭᠰᠠᠳ ᠠᠵᠢᠯᠲᠠᠨ ᠤ ᠳᠠᠭᠠᠭᠤᠯᠭ᠎ᠠ ᠳᠣᠤᠷ᠎ᠠ ᠪᠢᠯᠧᠲ ᠬᠤᠳᠠᠯᠳᠤᠨ ᠠᠪᠴᠤ ᠲᠤᠭᠤᠷᠢᠨ ᠵᠤᠭᠠᠴᠠᠨ᠎ᠠ᠃     ᠬᠡᠶᠢᠪᠤᠩ ᠭᠤᠤᠯ ᠤᠨ ᠵᠤᠭᠠᠴᠠᠯ ᠤᠨ ᠭᠠᠵᠠᠷ ᠲᠤ ᠬᠥᠷᠬᠦ  ᠳᠤ ᠵᠠᠷᠢᠮ ᠨᠢ ᠮᠣᠷᠢ ᠤᠨᠤᠵᠤ᠂ ᠵᠠᠷᠢᠮ ᠨᠢ ᠡᠯᠡᠰᠦᠨ ᠳᠤ ᠭᠤᠯᠭᠤᠵᠦ᠂ ᠪᠠᠰᠠ ᠵᠠᠷᠢᠮ ᠨᠢ ᠲᠤᠩᠭᠠᠯᠠᠭ ᠰᠠᠶᠢᠬᠠᠨ ᠨᠠᠭᠤᠷ ᠭᠤᠣᠯ ᠳᠤ ᠲᠣᠭᠯᠠᠵᠤ᠂ ᠪᠠᠶᠠᠷ ᠬᠦᠷ  ᠢᠶᠠᠷ ᠴᠠᠯᠬᠢᠵᠣ ᠪᠠᠶᠢᠯ᠎ᠠ᠃ ᠵᠢᠭᠤᠯᠴᠢᠳ ᠪᠠᠰᠠ ᠲᠠᠯ᠎ᠠ ᠨᠣᠳᠤᠭ ᠤᠨ ᠰᠢᠨ᠎ᠡ ᠰᠣᠷᠭᠤᠭ ᠴᠢᠨᠠᠭᠰᠠᠨ ᠮᠢᠬ᠎ᠠ᠂ ᠰᠦ ᠲᠠᠢ ᠴᠠᠶ ᠵᠢᠴᠢ ᠴᠡᠭᠡ᠂ ᠡᠯ᠎ᠡ ᠵᠦᠶᠯ ᠤᠨ ᠴᠠᠭᠠᠨ ᠢᠳᠡᠭᠡ᠂ ᠭᠤᠯᠢᠷ ᠢᠳᠡᠭᠡᠨ ᠵᠡᠷᠭᠡ ᠶᠢ ᠠᠮᠳᠠᠯᠠᠨ᠂ ᠥᠪᠡᠷᠮᠢᠴᠡ ᠣᠨᠴᠠᠯᠢᠭ ᠲᠠᠢ ᠲᠠᠯ᠎ᠠ ᠨᠤᠲᠤᠭ ᠤᠨ ᠵᠠᠩ ᠦᠶᠯᠡ ᠶᠢ ᠪᠡᠶᠡᠴᠢᠯᠡᠨ ᠣᠶᠢᠯᠠᠭᠠᠵᠤ ᠪᠠᠶᠢᠯ᠎ᠠ᠃      ᠵᠤᠭᠠᠴᠬᠠᠴᠢ ᠶᠠᠨ ᠠᠪᠤᠭᠠᠢ ᠰᠤᠷᠪᠤᠯᠵᠢᠯᠠᠭᠴᠢ ᠳᠤ᠄ ︽ᠪᠢᠳᠡ ᠪᠡᠭᠡᠵᠢᠩ ᠡᠴᠡ‌ᠢᠷᠡᠭᠰᠡᠨ ᠶᠤᠮ᠂ ᠠᠮᠠᠷᠠᠯᠲᠠ  ᠪᠠᠷ ᠬᠡᠦᠬᠡᠳ ᠤᠳ ᠢᠶᠠᠨ ᠳᠠᠭᠠᠭᠤᠯᠤᠨ ᠢᠷᠡᠵᠦ ᠨᠠᠭᠠᠳᠣᠭᠤᠯᠵᠦ ᠪᠠᠶᠢᠨ᠎ᠠ᠂ ᠲᠠᠯ᠎ᠠ ᠨᠤᠲᠤᠭ ᠮᠠᠰᠢ ᠠᠭᠤᠳᠠᠮ᠂ ᠠᠭᠤᠷ ᠠᠮᠢᠰᠬᠤᠯ ᠴᠤ ᠮᠠᠰᠢ ᠭᠤᠶᠣ ᠪᠠᠶᠢᠨ᠎ᠠ︾ ᠬᠡᠯ᠎ᠡ᠃      ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠠᠴᠠ ᠭᠠᠳᠠᠨ᠎ᠠ᠂ ᠰᠢᠯᠤᠭᠤᠨ ᠬᠦᠬᠡ ᠬᠤᠰᠢᠭᠤᠨ ᠤ ᠱᠠᠩᠳᠤ ᠨᠠᠭᠤᠷ ᠤᠨ ᠠᠮᠠᠷᠠᠯᠲᠠ ᠶᠢᠨ ᠣᠷᠣᠨ᠂ ᠭᠤᠭᠤᠰᠤᠲᠠᠢ ᠶᠢᠨ ᠭᠤᠤᠯ᠂ ᠮᠠᠯᠴᠢᠨ ᠠᠶᠢᠯ ᠂ ᠲᠤᠬᠢᠯᠢᠭ ᠲᠠᠪᠠᠳᠠᠢ ᠠᠮᠠᠷᠠᠯᠳᠠ ᠶᠢᠨ ᠭᠠᠵᠠᠷ ᠴᠤ ᠵᠠᠯᠭᠠᠭᠠᠪᠠᠷ ᠡᠵᠡᠩᠨᠡᠯᠲᠡ ᠪᠠᠨ ᠡᠬᠢᠯᠡᠬᠦᠯᠵᠦ᠂ ᠵᠤᠭᠠᠴᠠᠭᠰᠠᠳ  ᠲᠤ ᠲᠠᠯ᠎ᠠ ᠨᠤᠲᠤᠭ ᠤᠨ ᠭᠤᠶᠣ ᠦᠵᠡᠮᠵᠢ ᠶᠢ ᠰᠣᠨᠢᠷᠬᠠᠭᠤᠯᠬᠤ ᠶᠢᠨ ᠬᠠᠮᠲᠤ ᠲᠣᠰ ᠭᠠᠵᠠᠷ ᠤᠨ ᠠᠷᠠᠳ ᠤᠨ ᠵᠠᠩ ᠦᠶᠯᠡ ᠶᠢ ᠣᠯᠠᠨ᠎ᠠ ᠥᠢᠯᠭᠠᠭᠤᠯᠣᠨ ᠬᠠᠷᠠᠭᠤᠯᠵᠣ ᠪᠠᠶᠢᠨ᠎ᠠ᠃     ᠵᠢᠭᠤᠯᠴᠢᠯᠠᠯ ᠤᠨ ᠬᠥᠭᠵᠢᠶᠡᠨᠲᠦ ᠤᠯᠠᠷᠢᠯ ᠢ ᠤᠭᠲᠤᠬᠤ ᠶᠢᠨ ᠲᠣᠯᠠᠳᠠ᠂ ᠰᠢᠯᠤᠭᠤᠨ ᠬᠥᠬᠡ ᠬᠤᠰᠢᠭᠤᠨ ᠤ ᠡᠯ᠎ᠡ ᠦᠵᠡᠮᠵᠢ ᠶᠢᠨ ᠣᠷᠣᠨ ᠵᠢᠭᠤᠯᠴᠢᠯᠠᠯ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠪᠥᠷᠢᠨᠰᠢᠬᠦᠯᠣᠨ ᠴᠢᠩᠭᠠᠳᠬᠠᠵᠤ᠂ ᠦᠵᠡᠮᠵᠢ ᠶᠢᠨ ᠣᠷᠣᠨ ᠤ ᠦᠶᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠵᠤᠭᠠᠴᠠᠭᠰᠠᠳ ᠲᠤ ᠲᠠᠭᠠᠯᠠᠮᠵᠢᠲᠠᠶ᠂ ᠠᠮᠤᠷ ᠲᠦᠪᠰᠢᠨ ᠵᠢᠭᠤᠯᠴᠢᠯᠠᠯ ᠤᠨ ᠣᠷᠣᠨ ᠵᠠᠢ ᠣᠯᠭᠤᠬᠤ ᠶᠢ ᠦᠨᠡᠨ ᠬᠦ ᠪᠠᠳᠣᠯᠠᠵᠦ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠭᠴᠢᠳ ᠤᠨ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠨᠡᠮᠡᠭᠳᠡᠵᠦ᠂ ᠡᠯ᠎ᠡ ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠷᠣᠯᠭ᠎ᠠ ᠴᠤ ᠨᠢᠳᠤᠨᠤᠨ ᠤ ᠬᠢ ᠠᠴᠠ ᠢᠯᠡᠳᠲᠡ ᠲᠡᠭᠡᠭᠰᠢᠯᠡᠭᠰᠡᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号