ᠰᠢᠯᠤᠭᠤᠨ ᠬᠥᠬᠡ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠪᠥᠬᠡ ᠶᠢᠨ ᠪᠠᠷᠢᠯᠳᠣᠭᠠᠨ᠂ ᠰᠤᠷ ᠬᠠᠷᠪᠣᠯᠳᠠ ᠵᠢᠨ‌ᠤᠷᠤᠯᠳᠤᠭᠠᠨ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2024/7/19
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠣᠳᠤᠭ ‍ᠤᠨ‌ᠨᠠᠭᠠᠳᠤᠮ ᠤᠨ ᠶᠡᠭᠡ ᠬᠤᠷᠠᠯ ᠨᠢᠵ᠊ ᠵᠬᠡᠷ ᠶᠠᠪᠤᠠᠠᠳᠠᠯ᠎ᠠ᠃ 7 ᠰᠠᠷ᠎ᠠ ᠶᠢᠨ 14 ᠤ ᠡᠳᠦᠷ᠂ ᠪᠥᠬᠡ ᠶᠢᠨ ᠪᠠᠷᠢᠯᠳᠣᠭᠠᠨ᠂ ᠰᠤᠷ ᠬᠠᠷᠪᠣᠯᠳᠠ ᠶᠢᠨ ᠤᠷᠤᠯᠳᠤᠭᠠᠨ ᠡᠬᠢᠯᠡᠵᠦ᠂ ᠪᠥᠬᠦ ᠣᠷᠣᠨ ᠤ ᠡᠯ᠎ᠡ ᠭᠠᠵᠠᠷ ᠠᠴᠠ ᠬᠦᠷᠦᠯᠴᠡᠨ ᠢᠷᠡᠭᠰᠡᠨ512ᠬᠦᠴᠦᠳᠦ  ᠪᠦᠬᠡ‌ᠵᠢᠴᠢ 1000 ᠭᠠᠷᠤᠶ ᠬᠠᠷᠪᠣᠭᠠᠴᠢᠳ ᠤᠷᠤᠯᠳᠤᠭᠠᠨ ᠳᠤ ᠣᠷᠣᠯᠴᠠᠵᠤ᠂ᠡᠬᠦᠨ ᠳᠤ ᠰᠢᠯᠤᠭᠤᠨ ᠬᠥᠬᠡ ᠬᠤᠰᠢᠭᠤᠨ ᠤ 45 ᠪᠥᠬᠡᠴᠢᠨ ᠪᠠ 26 ᠬᠠᠷᠪᠤᠭᠠᠴᠢ ᠲᠣᠰ ᠤᠳᠠᠭᠠᠨ ᠤ ᠤᠷᠤᠯᠳᠤᠭᠠᠨ ᠳᠤ ᠤᠷᠤᠯᠴᠬᠠᠰᠠᠠ ᠪᠠᠶᠢᠨ᠎ᠠ᠃  ᠡᠷ᠎ᠡ ᠴᠢᠳᠠᠯ᠂ ᠡᠷᠬᠢᠮ ᠣᠬᠠᠭᠠᠨ ᠢᠶᠠᠨ ᠰᠢᠯᠭᠠᠠᠠᠰᠠᠨ ᠬᠤᠶᠠᠷ ᠡᠳᠦᠷ ᠬᠠᠭᠠᠰ ᠤᠨ ᠬᠤᠷᠴᠠ ᠰᠢᠷᠦᠭᠦᠨ ᠪᠠᠷᠢᠯᠳᠣᠭᠠᠨ ᠢᠶᠠᠷ᠂ ᠮᠠᠨ ᠤ ᠬᠤᠰᠢᠭᠤᠨ ᠤ ᠪᠥᠬᠡᠴᠢᠨ ᠴᠡᠯᠬᠡᠷ ᠲᠡᠭᠡᠳᠤ‌ᠨᠠᠢᠮᠠ ᠳ᠋ᠤ᠋‌‍ᠲ᠋ᠤᠳᠤᠷᠠᠵᠤ᠂ᠣᠶᠠᠩᠭ᠎ᠠ‌ᠠᠷᠪᠠᠨ‌ᠵᠢᠷᠭᠤᠭ᠎ᠠ ᠳᠤ ᠤᠷᠤᠭᠰᠠᠨ ᠪᠠᠶᠢᠨ᠎ᠠ᠃  ᠰᠤᠷ ᠬᠠᠷᠪᠣᠯᠳᠠ ᠵᠢᠨ‌ᠤᠷᠤᠯᠳᠤᠭᠠᠨ ᠳᠤ ᠮᠠᠨ ᠤ ᠬᠤᠰᠢᠭᠤᠨ ᠤ ᠬᠠᠰᠪᠤᠶᠠᠨ ᠲᠣᠮᠣᠴᠣᠣᠯ ᠤᠨ ᠰᠣᠷ ᠬᠠᠷᠪᠣᠯᠳᠠ  ᠶᠢᠨ ᠡᠷᠡᠭᠳᠡᠢ ᠶᠢᠨ ᠲᠣᠭᠤᠶᠢᠯᠠᠩ ᠤᠨ ᠡᠮᠦᠨ᠎ᠡ ᠠᠷᠪᠠᠨ ᠳᠥᠷᠪᠡᠨ ᠨᠡᠷ᠎ᠡ᠂ ᠰᠡᠴᠡᠨᠪᠠᠲᠤ᠂ ᠡᠩᠬᠡᠰᠠᠶᠢᠨ‌‍ᠲ᠋ᠣᠮᠣᠴᠣᠣᠯ  ᠤᠨ ᠰᠣᠷ ᠬᠠᠷᠪᠣᠯᠳᠠ ᠶᠢᠨ ᠡᠷᠡᠭᠳᠡᠢ ᠶᠢᠨ ᠲᠣᠭᠤᠶᠢᠯᠠᠩ ᠤᠨ ᠡᠮᠦᠨ᠎ᠡ ᠭᠤᠴᠢᠨ ᠬᠤᠶᠠᠷ ᠲᠤ᠂ ᠣᠶᠣᠩᠭᠤᠸ᠎ᠠ᠂ ᠠᠯᠲᠠᠨᠬᠤᠸᠠᠷ ᠲᠣᠮᠣᠴᠣᠣᠯ ᠤᠨ ᠰᠣᠷ ᠬᠠᠷᠪᠣᠯᠳᠠ ᠶᠢᠨ ᠡᠮᠡᠭᠳᠡᠢ ᠶᠢᠨ ᠲᠣᠭᠤᠶᠢᠯᠠᠩ‌‍ᠤᠨ ᠡᠮᠦᠨ᠎ᠡ ᠭᠤᠴᠢᠨ ᠬᠤᠶᠠᠷ ᠨᠡᠷ᠎ᠡ ᠲᠤ ᠵᠢᠠᠠᠰᠠᠭᠠᠠᠠᠳᠠᠵᠦ᠂ ᠰᠠᠷᠠᠨᠲᠤᠩᠭᠠᠯᠠᠭ ᠪᠠᠭᠠᠴᠤᠳ ᠤᠨ ᠰᠣᠷ ᠬᠠᠷᠪᠣᠯᠳᠠ ᠶᠢᠨ ᠣᠷᠣᠯᠳᠣᠭᠠᠨ ᠤ ᠡᠮᠡᠭᠳᠡᠢ ᠲᠣᠭᠤᠶᠢᠯᠠᠩ ᠤᠨ ᠬᠤᠶᠠᠳᠤᠭᠠᠷ ᠲᠤ᠂ ᠠᠶᠢᠵᠢᠮ ᠪᠠᠭᠠᠴᠤᠳ ᠤᠨ ᠰᠣᠷ ᠬᠠᠷᠪᠣᠯᠳᠠ ᠶᠢᠨ ᠣᠷᠣᠯᠳᠣᠭᠠᠨ ᠤ ᠡᠷᠡᠭᠳᠡᠢ ᠲᠣᠭᠤᠶᠢᠯᠠᠩ ᠤᠨ ᠡᠮᠦᠨ᠎ᠡ ᠠᠷᠪᠠᠨ‌ᠵᠢᠷᠭᠤᠭ᠎ᠠ ᠲᠤ ᠣᠷᠣᠠᠠᠰᠠᠨ ᠪᠠᠶᠢᠨ᠎ᠠ᠃   ᠲᠠᠯ᠎ᠠ ᠨᠣᠳᠤᠭ ᠤᠨ ᠨᠠᠭᠠᠳᠤᠮ ᠤᠨ ᠰᠣᠶᠣᠯ ᠤᠨ ᠦᠪᠡᠳᠡᠭᠰᠢ ᠴᠤᠭᠯᠠᠭᠠᠨ ᠨᠢ ᠵᠤᠭᠠᠴᠠᠭᠰᠠᠳ ᠲᠤ ᠤᠯᠠᠮᠵᠢᠯᠠᠯᠲᠤ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠢᠯᠤᠭᠤᠨ ᠬᠥᠬᠡ ᠬᠤᠰᠢᠭᠤᠨ ᠤ ᠲᠠᠮᠢᠷᠴᠢᠳ ᠲᠤ ᠬᠠᠷᠢᠯᠴᠠᠨ ᠰᠣᠯᠢᠯᠴᠠᠬᠤ ᠲᠠᠪᠴᠠᠩ ᠬᠠᠩᠭᠠᠵᠦ ᠦᠭᠭᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号