ᠰᠢᠯᠤᠭᠤᠨ ᠬᠥᠬᠡ ᠬᠤᠰᠢᠭᠤ ᠲᠠᠪᠤᠳᠤᠭᠠᠷ ᠬᠤᠭᠤᠴᠠᠭᠠᠨ ᠤ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠬᠢᠨᠠᠨ ᠰᠢᠯᠭᠠᠷᠠᠭᠤᠯᠤᠯᠳᠠ ᠳᠤ ᠰᠢᠯᠢᠳᠡᠭ ᠪᠦᠲᠦᠮᠵᠢ ᠣᠯᠪᠠ
ᠨᠡᠶᠢᠲᠡᠯᠡᠭᠰᠡᠨ ᠴᠠᠭ᠄
2024/7/23
       ᠲᠠᠪᠤᠳᠤᠭᠠᠷ ᠬᠤᠭᠤᠴᠠᠭᠠᠨ ᠤ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠪᠦᠲᠦᠭᠡᠭᠳᠡᠭᠦᠨ ᠢ ᠬᠢᠨᠠᠨ ᠰᠢᠯᠭᠠᠷᠠᠭᠤᠯᠬᠤ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ  ᠤ ᠰᠣᠶᠣᠯ ᠤᠨ ᠨᠠᠶᠢᠷ 7 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠱᠠᠩᠳᠤ ᠪᠠᠯᠭᠠᠰᠤᠨ ᠳᠤ ᠶᠠᠪᠤᠭᠳᠠᠵᠤ᠂ ᠰᠢᠯᠤᠭᠤᠨ ᠬᠥᠬᠡ ᠬᠤᠰᠢᠭᠤᠨ ᠤ ᠰᠦ ᠶᠢᠨ ᠦᠶᠯᠡᠰ ᠤᠨ ᠨᠡᠶᠢᠭᠡᠮᠯᠢᠭ ᠠᠴᠠ ᠨᠡᠶᠢᠲᠡ 16 ᠬᠤᠪᠢ ᠬᠦᠮᠦᠨ ᠪᠤᠶᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠯᠭᠠᠷᠠᠭᠤᠯᠤᠯᠲᠠ ᠳᠤ ᠤᠷᠤᠯᠴᠠᠭᠤᠯᠵᠤ ᠰᠢᠯᠢᠳᠡᠭ ᠬᠢᠷᠢ ᠪᠦᠲᠦᠮᠵᠢ ᠤᠯᠤᠭᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠤᠷᠤᠯᠴᠠᠭᠰᠠᠳ ᠲᠤ ᠬᠠᠷᠢᠯᠴᠠᠨ ᠰᠤᠷᠤᠯᠴᠠᠵᠤ ᠳᠤᠷᠰᠢᠯᠭ᠎ᠠ ᠰᠤᠯᠢᠯᠴᠠᠬᠤ ᠲᠠᠪᠴᠠᠩ ᠬᠠᠩᠭᠠᠵᠤ᠂ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠣᠶᠣᠯ ᠢ ᠤᠯᠠᠮᠵᠢᠯᠠᠨ᠂ ᠰᠢᠯᠢ ᠶᠢᠨ ᠭᠤᠤᠯ  ᠤᠨ ᠴᠠᠭᠠᠨ ᠢᠳᠡᠭᠡᠨ ᠤ ᠣᠷᠣᠨ ᠪᠦᠰᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ︽ᠰᠢᠯᠢ ᠶᠢᠨ ᠭᠤᠤᠯ  ᠤᠨ ᠴᠠᠭᠠᠨ ᠢᠳᠡᠭᠡᠨ︾ ᠤ ᠲᠥᠷᠥᠯ ᠲᠡᠮᠳᠡᠭ ᠤᠨ ᠨᠡᠷ᠎ᠡ ᠠᠯᠳᠠᠷᠰᠢᠯ ᠢ ᠤᠯᠠᠮ ᠬᠦᠨᠵᠡᠭᠡᠶᠢᠷᠡᠭᠦᠯᠦᠭᠰᠡᠨ ᠪᠠᠶᠢᠨ᠎ᠠ᠃
微信图片_20240723163211.jpg
微信图片_20240723163216.jpg
微信图片_20240723163226.jpg
 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号