︽ᠰᠢᠷ᠎ᠠ ᠲᠠᠯ᠎ᠠ ᠶᠢᠨ ᠵᠤᠨ︾ ᠰᠢᠷᠢᠰ ᠣᠯᠠᠨ ᠲᠦᠮᠡᠨᠴᠢ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/7/23
      2024 ᠣᠨ ᠤ ︽ᠰᠢᠷ᠎ᠠ ᠲᠠᠯ᠎ᠠ ᠶᠢᠨ ᠵᠤᠨ︾ ᠰᠢᠷᠢᠰ ᠤᠯᠠᠨ ᠲᠦᠮᠡᠨᠴᠢ ᠤᠷᠠᠨ ᠰᠠᠶᠢᠬᠠᠨ ᠤ ᠲᠤᠭᠯᠠᠯᠳᠠ  ᠶᠢᠨ ᠮᠧᠶ ᠰᠢ ᠶᠠᠩ ᠨᠡᠶᠢᠭᠡᠮᠯᠢᠭ ᠤᠨ ᠲᠤᠰᠬᠠᠶ ᠲᠣᠭᠯᠠᠯᠲᠠ 7 ᠰᠠᠷ᠎ᠠ ᠶᠢᠨ 22 ᠤᠨ ᠤᠷᠤᠢ ᠬᠤᠪᠢᠯᠠᠢ ᠲᠠᠯᠠᠪᠠᠶ ᠳᠤ ᠶᠠᠪᠤᠭᠳᠠᠯ᠎ᠠ᠃    ᠲᠣᠭᠯᠠᠯᠲᠠ ᠨᠢ ︽ᠠᠨᠳᠠᠢ ᠪᠥᠵᠢᠭ︾ ᠢᠶᠠᠷ ᠬᠥᠰᠢᠭᠡ ᠪᠠᠨ ᠰᠡᠬᠦᠵᠦ᠂ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠮᠪᠠᠢ ᠪᠡᠯᠡᠳᠭᠡᠭᠰᠡᠨ ᠳᠠᠭᠤᠤ ᠪᠦᠵᠢᠭ ᠢᠶᠠᠨ ᠤᠯᠠᠨ ᠳᠤ ᠰᠤᠨᠢᠷᠬᠠᠭᠤᠯᠵᠤ᠂ ᠨᠠᠰᠤᠲᠠᠶᠢᠴᠤᠳ ᠤᠨ ᠦᠳᠡᠯᠦᠭᠡ ᠨᠠᠰᠤᠨ ᠤ ᠴᠤᠭ ᠵᠢᠪᠬᠤᠭ᠎ᠠ ᠶᠢ ᠬᠦᠢᠴᠡᠳ ᠬᠠᠷᠠᠭᠤᠯᠤᠨ᠂ ᠮᠧᠶ ᠰᠢ ᠶᠠᠩ ᠨᠡᠶᠢᠭᠡᠮᠯᠢᠭ ᠤᠨ ᠨᠠᠶᠢᠷᠠᠯ ᠳᠠᠭᠤᠤ ᠪᠠᠷ ᠦᠨᠳᠦᠷᠯᠡᠭᠰᠡᠨ ᠪᠠᠶᠢᠨ᠎ᠠ᠃    ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤᠷᠠᠨ ᠰᠠᠶᠢᠬᠠᠨ ᠤ ᠲᠣᠭᠯᠠᠯᠲᠠ ᠨᠢ ᠳᠡᠳᠡᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠂ ᠢᠳᠡᠪᠬᠢᠲᠡᠢ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠭᠰᠠᠨ ᠪᠦᠭᠡᠳ ᠤᠯᠠᠨ ᠲᠦᠮᠡᠨ ᠳᠤ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠣᠶᠢᠯᠠᠭᠠᠬᠤ ᠲᠣᠬᠢᠶᠠᠯ ᠬᠠᠩᠭᠠᠭᠰᠠᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号