ᠯᠢ ᠪᠥᠸᠧ ᠹᠧᠩ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/23
     7 ᠳ᠋ᠤᠭᠠᠷ ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠣᠶᠣᠯ ᠤᠨ ᠲᠥᠪ᠂ ᠰᠧᠯᠠᠩᠴᠧᠩ ᠳᠠᠬᠢ ᠡᠷᠲᠡᠨ ᠤ ᠬᠤᠲᠠ ᠶᠢᠨ ᠪᠠᠭᠤᠷᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠬᠦᠷᠴᠦ ᠳᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠯᠢ ᠪᠥᠸᠧ ᠹᠧᠩ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠵᠤ᠂ ᠳᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠬᠤ ᠬᠢᠷᠢ ᠲᠦᠪᠰᠢᠨ ᠢᠶᠠᠨ ᠪᠦᠬᠦ ᠲᠠᠯ᠎ᠠ  ᠪᠠᠷ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠤᠯᠠᠮ ᠴᠢᠩᠭᠠᠳᠬᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢ ᠨᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠬᠦᠯᠬᠦ︾ ᠬᠠᠮᠠᠭᠠᠯᠠᠯᠲᠠ ᠶᠢᠨ ᠴᠢᠭᠯᠡᠯᠲᠡ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠷᠳᠡᠭ᠂ ᠰᠢᠨᠵᠢᠯᠡᠬᠦ ᠤᠬᠠᠭᠠᠨᠴᠢ ᠦᠷᠳᠡᠭ  ᠢ ᠭᠦᠨᠵᠡᠭᠡᠢ ᠠᠭᠤᠳᠠᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃    ᠯᠢ ᠪᠥᠸᠧ ᠹᠧᠩ ᠪᠠᠰᠠ ᠬᠤᠰᠢᠭᠤ ᠨᠣᠮ ᠤᠨ ᠰᠠᠩ ᠤᠨ ᠤᠩᠰᠢᠯᠭ᠎ᠠ ᠶᠢᠨ ᠲᠠᠰᠤᠭ᠂ ᠣᠷᠣᠨ ᠨᠤᠲᠤᠭ ᠤᠨ ᠲᠤᠯᠭᠤᠷ ᠪᠢᠴᠢᠭ ᠤᠨ ᠲᠠᠰᠤᠭ ᠲᠤ ᠬᠦᠷᠴᠦ ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠵᠢᠷᠤᠭ ᠤᠨ ᠲᠤᠭ᠎ᠠ ᠬᠡᠮᠵᠢᠶ᠎ᠡ᠂ ᠨᠤᠮ ᠵᠢᠭᠡᠯᠡᠬᠦ ᠰᠢᠰᠲ᠋ᠧᠮ ᠤᠨ ᠪᠠᠶᠢᠳᠠᠯ᠂ ᠲᠣᠭᠠᠴᠢᠯᠠᠭᠰᠠᠨ ᠦᠶᠯᠡᠴᠢᠯᠡᠭᠡ ᠵᠡᠷᠭᠡ ᠠᠵᠢᠯ ᠢ ᠨᠠᠷᠢᠨ ᠤᠶᠢᠯᠠᠭᠠᠭᠰᠠᠨ ᠤ ᠳᠠᠷᠠᠭ᠎ᠠ᠂ ᠣᠲᠣ ᠶᠢᠨ ᠰᠠᠭᠤᠷᠢᠨ ᠳᠡᠭᠡᠷ᠎ᠡ ᠬᠠᠳᠠᠭᠠᠯᠠᠵᠤ ᠪᠠᠶᠢᠭ᠎ᠠ ᠨᠣᠮ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠦᠶᠯᠡᠴᠢᠯᠡᠭᠡᠨ ᠤ ᠠᠭᠤᠯᠭ᠎ᠠ᠂ ᠦᠶᠯᠡᠴᠢᠯᠡᠭᠡᠨ ᠤ ᠠᠷᠭ᠎ᠠ ᠪᠠᠷᠢᠯ ᠢ ᠦᠷᠭᠦᠯᠵᠢᠯᠡᠨ ᠰᠠᠶᠢᠵᠢᠷᠠᠭᠤᠯᠵᠤ ᠂ ᠨᠣᠮ ᠤᠨ ᠰᠠᠩ ᠤᠨ ᠬᠠᠳᠠᠭᠠᠯᠠᠵᠤ ᠪᠠᠶᠢᠭ᠎ᠠ ᠨᠣᠮ ᠪᠢᠴᠢᠭ ᠪᠠ ᠲᠣᠭᠠᠴᠢᠯᠠᠭᠰᠠᠨ ᠡᠬᠢ ᠪᠠᠶᠠᠯᠢᠭ ᠵᠢᠴᠢ ᠣᠷᠣᠨ ᠨᠤᠲᠤᠭ ᠤᠨ ᠲᠤᠯᠭᠤᠷ ᠪᠢᠴᠢᠭ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠭᠤᠯᠭ᠎ᠠ ᠠᠭᠤᠯᠤᠭᠳᠠᠬᠤᠨ ᠢ ᠪᠠᠶᠠᠯᠢᠭᠵᠢᠭᠤᠯᠤᠨ᠂ ᠦᠶᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠰᠦᠪᠡᠭᠴᠢᠯᠡᠵᠦ᠂ ᠨᠠᠩ ᠣᠯᠠᠨ ᠤᠩᠰᠢᠭᠴᠢᠳ ᠢ ᠨᠣᠮ ᠤᠨ ᠰᠠᠩ ᠳᠤ ᠢᠷᠡᠬᠦ ᠪᠤᠯᠭᠠᠵᠤ᠂ ᠠᠷᠠᠳ ᠣᠯᠠᠨ ᠤ ᠤᠩᠰᠢᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠤᠳᠤᠷᠢᠳᠤᠯᠭ᠎ᠠ ᠹᠧᠩ ᠵᠢᠶᠠᠨ ᠵᠢᠶᠦ᠋ᠨ᠂ ᠼᠤᠤ ᠵᠧᠨ ᠢᠦᠢ ᠵᠢᠴᠢ ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠱᠠᠩᠳᠤ ᠪᠠᠯᠭᠠᠰᠤᠨ  ᠤ ᠬᠠᠮᠢᠶ᠎ᠠ ᠪᠦᠬᠦᠢ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号