︽ᠦᠵᠡᠰᠬᠦᠯᠡᠩᠲᠦ ᠰᠠᠶᠢᠬᠠᠨ ᠮᠢᠨᠦ ᠨᠤᠲᠤᠭ — ᠬᠤᠯᠠᠨ ᠰᠢᠷᠭ᠎ᠠ ᠲᠠᠭ᠎ᠠ︾ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2024/7/23
       ᠰᠢᠯᠤᠭᠤᠨ ᠬᠦᠭᠡ ᠬᠤᠰᠢᠭᠤᠨ ᠤ ᠭᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠰᠢᠬᠦᠳ ᠤᠨ ᠠᠮᠢ ᠠᠬᠤᠶ  ᠪᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠵᠦ᠂ ᠲᠠᠯ᠎ᠠ ᠨᠤᠲᠤᠭ ᠤᠨ ᠥᠩᠭᠡ ᠦᠵᠡᠮᠵᠢ ᠶᠢ ᠪᠠᠭ᠋ᠠᠳᠤᠨ ᠵᠢᠷᠤᠭᠯᠠᠭᠰᠠᠨ ᠰᠣᠳᠣᠨ ᠪᠦᠲᠦᠭᠡᠯ ᠢ ᠤᠶᠢᠷ᠎ᠠ ᠶᠢᠨ ᠡᠳᠦᠷ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠲᠤ ᠦᠢᠯᠡᠴᠢᠯᠡᠬᠦ ᠲᠦᠪ ᠲᠤ ᠳᠡᠯᠭᠡᠨ ᠦᠵᠡᠭᠦᠯᠦᠯ᠎ᠡ᠃      ᠦᠵᠡᠭᠴᠢᠳ ᠭᠤᠶᠤ ᠰᠠᠶᠢᠬᠠᠨ ᠭᠡᠷᠡᠯ ᠵᠢᠷᠤᠭ ᠤᠨ ᠪᠦᠲᠦᠭᠡᠯ ᠠᠴᠠ ᠰᠢᠯᠤᠭᠤᠨ ᠬᠥᠬᠡ ᠬᠤᠰᠢᠭᠤᠨ ᠤ ᠠᠮᠢ ᠠᠬᠤᠶ ᠶᠢ ᠵᠠᠰᠠᠨ ᠰᠡᠷᠭᠦᠭᠡᠭᠰᠡᠨ ᠦᠷ᠎ᠡ ᠪᠦᠲᠦᠮᠵᠢ᠂ ᠺᠠᠳ᠋ᠷ ᠣᠯᠠᠨ ᠲᠦᠮᠡᠨ ᠤ ᠡᠯᠡᠰᠦ ᠶᠢ ᠵᠠᠰᠠᠬᠤ ᠴᠥᠬᠦᠷᠡᠰᠢ ᠥᠬᠡᠶ ᠵᠣᠷᠢᠭ ᠰᠠᠨᠠᠭ᠎ᠠ ᠶᠢ ᠤᠶᠢᠯᠠᠭᠠᠵᠤ᠂ ᠭᠠᠩ ᠬᠠᠭᠤᠷᠠᠢ ᠤᠷᠴᠢᠨ ᠳᠤ ᠳᠠᠭᠠᠭᠠᠴᠠᠳᠠᠢ ᠡᠪᠡᠰᠦ ᠤᠷᠭᠤᠮᠠᠯ᠂ ᠭᠡᠭᠡᠷ᠎ᠡ ᠶᠢᠨ ᠠᠮᠢᠲᠠᠨ ᠵᠢᠴᠢ ᠭᠤᠤᠯ ᠮᠥᠷᠡᠨ ᠪᠠ ᠨᠠᠭᠤᠷ ᠴᠥᠭᠦᠷᠥᠮ ᠵᠡᠷᠭᠡ ᠶᠢ ᠵᠢᠷᠤᠭᠯᠠᠭᠰᠠᠨ ᠭᠤᠶᠢᠳᠠ ᠰᠠᠶᠢᠬᠠᠨ ᠪᠦᠲᠦᠭᠡᠯ ᠢ ᠰᠤᠨᠢᠷᠬᠠᠵᠤ ᠪᠠᠶᠢᠯ᠎ᠠ᠃     ᠲᠣᠰ ᠤᠳᠠᠭᠠᠨ ᠤ ᠬᠡᠷᠡᠯ ᠵᠢᠷᠤᠭ ᠤᠨ ᠦᠵᠡᠰᠬᠦᠯᠡᠩ ᠨᠢ 7 ᠰᠠᠷ᠎ᠠ ᠶᠢᠨ 19 ᠤ ᠡᠳᠦᠷ ᠠᠴᠠ 25 ᠤ ᠡᠳᠦᠷ ᠪᠤᠯᠳᠠᠯ᠎ᠠ ᠶᠠᠪᠤᠭᠳᠠᠬᠤ ᠪᠠᠷ ᠪᠠᠶᠢᠵᠦ᠂ ᠰᠢᠯᠤᠭᠤᠨ ᠬᠥᠬᠡ ᠬᠤᠰᠢᠭᠤᠨ ᠤ 24 ᠰᠢᠯᠢᠳᠡᠭ ᠬᠡᠷᠡᠯ ᠵᠢᠷᠤᠭᠴᠢᠳ  ᠤᠨ 100 ᠰᠤᠳᠤᠨ ᠪᠦᠲᠦᠭᠡᠯ ᠢᠶᠠᠷ ᠳᠠᠮᠵᠢᠭᠤᠯᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠨᠤᠳᠤᠭ ᠤᠨ ᠠᠮᠢ ᠠᠬᠤᠶ ᠶᠢᠨ ᠥᠪᠡᠷᠮᠢᠴᠡ ᠦᠩᠭᠡ ᠦᠵᠡᠮᠵᠢ᠂ ᠬᠥᠮᠦᠨ ᠪᠠ ᠰᠣᠶᠣᠯ ᠤᠨ ᠠᠭᠤᠯᠤᠭᠳᠠᠬᠤᠨ ᠢ ᠵᠢᠷᠤᠭ ᠤᠨ ᠬᠡᠯᠪᠡᠷᠢ  ᠪᠠᠷ ᠤᠯᠠᠨ ᠳᠤ ᠬᠠᠷᠠᠭᠤᠯᠬᠤ ᠪᠤᠯᠤᠨ᠎ᠠ᠃      ᠰᠢᠯᠤᠭᠤᠨ ᠬᠥᠬᠡ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠰᠡᠴᠡᠨᠪᠠᠲᠤ᠄ ︽ᠡᠨᠡ ᠤᠳᠠᠭᠠᠨ ᠤ ᠬᠡᠷᠡᠯ ᠵᠢᠷᠤᠭ ᠤᠨ ᠦᠵᠡᠰᠬᠦᠯᠡᠩ ᠢ ︿ᠦᠵᠡᠰᠬᠦᠯᠡᠩᠲᠦ ᠰᠠᠶᠢᠬᠠᠨ ᠮᠢᠨᠦ ᠨᠤᠲᠤᠭ — ᠬᠤᠯᠠᠨ ᠰᠢᠷᠭ᠎ᠠ ᠲᠠᠭ᠎ᠠ﹀ ᠪᠠᠷ ᠭᠤᠤᠯ ᠰᠡᠳᠦᠪ ᠪᠤᠯᠭᠠᠨ ᠡᠷᠬᠢᠯᠡᠭᠰᠡᠨ ᠶᠤᠮ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠯᠳᠠᠩᠬᠤᠸ᠎ᠠ ᠴᠡᠴᠡᠭ ᠤᠨ ᠨᠠᠶᠢᠷ ᠢ ᠨᠡᠩ ᠪᠠᠶᠠᠯᠢᠭᠵᠢᠭᠤᠯᠬᠤ ᠶᠢᠨ ᠲᠥᠯᠥᠭᠡ ᠬᠡᠷᠡᠯ ᠵᠢᠷᠤᠭ ᠤᠨ ᠦᠵᠡᠰᠬᠦᠯᠡᠩ ᠡᠷᠭᠢᠯᠡᠵᠦ᠂ ᠨᠠᠩ ᠣᠯᠠᠨ ᠵᠤᠭᠠᠴᠠᠭᠰᠠᠳ ᠲᠤ ᠰᠢᠯᠤᠭᠤᠨ ᠬᠥᠬᠡ ᠬᠤᠰᠢᠭᠤᠨ ᠤ ᠥᠩᠭᠡ ᠦᠵᠡᠮᠵᠢ ᠶᠢ ᠰᠤᠨᠢᠷᠬᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠰᠢᠯᠤᠭᠤᠨ ᠬᠥᠬᠡ ᠬᠤᠰᠢᠭᠤᠨ ᠤ ᠠᠷᠠᠳ ᠤᠯᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠮᠲᠤ ᠪᠠᠷ ᠪᠠᠲᠤ ᠴᠣᠭᠴᠠᠯᠠᠵᠤ᠂ ᠨᠣᠮᠢᠨ ᠨᠣᠭᠤᠭᠠᠨ ᠬᠡᠷ ᠣᠷᠣᠨ ᠢᠶᠠᠨ ᠭᠠᠷ ᠬᠤᠯᠪᠣᠨ ᠰᠠᠬᠢᠨ ᠬᠠᠮᠠᠭᠠᠯᠠᠵᠤ᠂ ᠨᠠᠩ ᠰᠠᠶᠢᠨ ᠰᠠᠶᠢᠬᠠᠨ ᠢᠷᠡᠭᠡᠳᠦᠢ ᠶᠢ ᠪᠤᠢ ᠪᠣᠯᠭᠠᠬᠤ ᠪᠤᠯᠤᠨ᠎ᠠ︾ ᠭᠡᠯ᠎ᠡ᠃     ᠲᠣᠰ ᠤᠳᠠᠭᠠᠨ ᠤ ᠦᠵᠡᠰᠭᠦᠯᠡᠩ ᠨᠢ ᠰᠢᠯᠤᠭᠤᠨ ᠬᠥᠬᠡ ᠬᠤᠰᠢᠭᠤᠨ ᠤ ᠬᠥᠮᠦᠨ ᠪᠠᠶᠢᠭᠠᠯᠢ᠂ ᠬᠡᠭᠡᠷ᠎ᠡ ᠶᠢᠨ ᠠᠮᠢᠲᠠᠨ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ᠂ ᠰᠠᠶᠢᠨ ᠰᠠᠶᠢᠬᠠᠨ ᠬᠡᠷ ᠣᠷᠣᠨ ᠳᠠᠭᠠᠨ ᠬᠠᠮᠲᠤ ᠪᠠᠷ ᠤᠷᠤᠰᠢᠨ ᠠᠮᠢᠳᠤᠷᠠᠬᠤ ᠠᠮᠢᠳᠤᠯᠢᠭ ᠵᠢᠷᠤᠭ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠠᠩ ᠣᠯᠠᠨ ᠬᠥᠮᠦᠨ ᠳᠤ ᠲᠠᠯ᠎ᠠ ᠨᠤᠲᠤᠭ ᠤᠨ ᠥᠪᠡᠷᠮᠢᠴᠡ ᠤᠨᠴᠠᠯᠢᠭ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ  ᠤᠨ ᠵᠠᠰᠠᠯᠲᠠ ᠶᠢᠨ ᠦᠷ᠎ᠡ ᠪᠦᠲᠦᠭᠡᠯ ᠢ ᠤᠶᠢᠯᠠᠭᠠᠭᠤᠯᠵᠤ᠂ ᠣᠯᠠᠨ ᠨᠡᠶᠢᠲᠡ ᠶᠢᠨ ᠪᠠᠶᠢᠭᠠᠯᠢ ᠶᠢᠨ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号