ᠳᠠᠭᠤᠳᠤᠨᠠᠭᠤᠷ ᠭᠠᠴᠠᠭ᠎ᠠ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/7/23
                    ᠴᠢᠮᠡᠭᠡᠯᠡᠭᠴᠢ ᠲᠤ᠋ ᠤᠶᠤᠨᠪᠢᠯᠢᠭ᠌      ᠤᠶᠢᠷ᠎ᠠ ᠶᠢᠨ ᠡᠳᠦᠷ᠂ ᠰᠢᠯᠤᠭᠤᠨ ᠭᠦᠭᠡ ᠬᠤᠰᠢᠭᠤᠨ ᠤ ᠨᠠᠷᠠᠳᠤ ᠰᠤᠮᠤᠨ ᠤ ᠳᠠᠭᠤᠳᠤᠨᠠᠭᠤᠷ ᠭᠠᠴᠠᠭ᠎ᠠ ᠨᠠᠮ  ᠤᠨ ᠠᠴᠢ ᠳᠤ ᠳᠠᠯᠠᠷᠬᠠᠵᠤ᠂ ᠨᠠᠮ ᠢᠶᠠᠨ ᠲᠠᠭᠠᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ ᠦᠷᠨᠢᠬᠦᠯᠪᠡ᠃     ᠠᠵᠢᠯᠯᠠᠭ᠎ᠠ ᠪᠠᠷ᠂ ᠭᠠᠴᠠᠭᠠᠨ ᠤ ᠬᠠᠮᠳᠤ ᠨᠡᠶᠢᠳᠡ ᠶᠢᠨ ᠠᠵᠢᠯ ᠳᠤ ᠢᠳᠡᠪᠬᠢᠯᠡᠨ ᠤᠷᠤᠯᠴᠠᠳᠠᠭ ᠭᠡᠰᠡᠭ ᠵᠠᠯᠠᠭᠤᠴᠤᠳ ᠪᠤᠯᠤᠨ ᠡᠬᠡ ᠪᠠᠶᠢᠭᠠᠯᠢ ᠪᠠᠨ ᠬᠠᠶᠢᠷᠠᠯᠠᠵᠤ ᠤᠷᠴᠢᠨ ᠠᠬᠤᠢ ᠪᠠᠨ ᠬᠠᠮᠠᠭᠠᠯᠠᠬᠤ ᠦᠨᠳᠦᠷ ᠤᠬᠠᠮᠰᠠᠷ  ᠲᠠᠢ ᠨᠠᠰᠤᠳᠠᠶᠢᠴᠤᠳ ᠢ ᠰᠠᠶᠢᠰᠢᠶᠠᠨ ᠬᠦᠬᠢᠬᠦᠯᠦᠭᠰᠡᠨ ᠪᠦᠭᠡᠳ ︽ᠪᠦᠯᠬᠦᠮᠳᠡᠯ ᠲᠠᠢ ᠬᠤᠳᠠ︾ ︽ᠠᠷᠢᠭᠤᠨ ᠴᠡᠪᠡᠷᠴᠢ ᠬᠤᠳᠠ︾ ᠶᠢ ᠰᠢᠯᠭᠠᠷᠠᠭᠤᠯᠤᠨ ᠱᠠᠩᠨᠠᠵᠠᠢ᠃      ᠡᠭᠦᠨ ᠤ ᠬᠠᠮᠳᠤ ᠬᠦᠵᠦᠷ ᠤᠨ ᠤᠷᠤᠯᠳᠤᠭᠠᠨ᠂ ᠮᠤᠩᠭᠤᠯ ᠰᠢᠳᠠᠷ᠎ᠠ ᠶᠢᠨ ᠤᠷᠤᠯᠳᠤᠭᠠᠨ᠂ ᠮᠡᠳᠡᠯᠭᠡ ᠶᠢᠨ ᠰᠡᠳᠦᠪ ᠬᠠᠷᠢᠭᠤᠯᠬᠤ᠂ ᠳᠡᠭᠡᠰᠦ ᠳᠠᠳᠠᠬᠤ᠂ ᠬᠦᠴᠦᠨ ᠵᠠᠯᠭᠠᠵᠤ ᠬᠦᠶᠦᠬᠦ᠂ ᠬᠡᠦᠬᠡᠳ ᠤᠨ ᠪᠦᠭᠡ ᠪᠠᠷᠢᠯᠳᠤᠭᠤᠯᠬᠤ᠂ ᠪᠦᠮᠪᠦᠭᠡ ᠵᠦᠭᠡᠭᠡᠭᠦ᠂ ᠲᠦᠷᠰᠦ ᠳᠠᠭᠠᠬᠤ ᠵᠡᠷᠭᠡ ᠤᠯᠠᠨ ᠲᠦᠷᠦᠯ ᠤᠨ ᠤᠷᠤᠯᠳᠤᠭᠠᠨ ᠡᠷᠬᠢᠯᠡᠭᠰᠡᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号