ᠳᠠᠪᠦ‍ ᠨᠢᠭᠡ ᠮᠠᠯᠵᠢᠯ ᠤᠨ ᠲᠠᠯᠠᠪᠠᠢ ᠶᠢᠨ ᠲᠤᠰᠬᠠᠢ ᠲᠣᠭᠯᠠᠯᠲᠠ ᠶᠠᠪᠤᠭᠳᠠᠯ᠎ᠠ
ᠨᠡᠶᠢᠲᠡᠯᠡᠭᠰᠡᠨ ᠴᠠᠭ᠄
2024/7/23
     2024 ᠣᠨ ᠤ ︽ᠰᠢᠷ᠎ᠠ ᠲᠠᠯ᠎ᠠ ᠶᠢᠨ ᠵᠤᠨ︾ ᠰᠢᠷᠢᠰ ᠤᠷᠠᠨ ᠰᠠᠶᠢᠬᠠᠨ ᠤ ᠲᠣᠭᠯᠠᠯᠲᠠ ᠶᠢᠨ ᠳᠠᠪᠦ‍ ᠨᠢᠭᠡ ᠮᠠᠯᠵᠢᠯ ᠤᠨ ᠳᠠᠯᠠᠪᠠᠢ ᠶᠢᠨ ᠲᠤᠰᠬᠠᠢ ᠲᠤᠭᠯᠠᠯᠳᠠ 7 ᠰᠠᠷ᠎ᠠ ᠶᠢᠨ 22 ᠤᠨ ᠣᠷᠣᠶ ᠬᠤᠪᠢᠯᠠᠢ ᠲᠠᠯᠠᠪᠠᠶ ᠳᠤ ᠶᠠᠪᠤᠭᠳᠠᠯ᠎ᠠ᠃     ᠲᠤᠭᠯᠠᠯᠳᠠ ᠨᠢ ᠠᠯᠳᠠᠩᠬᠤᠸ᠎ᠠ ᠪᠦᠵᠢᠭ ᠤᠨ ᠠᠩᠬᠢ ᠶᠢᠨ ︽ᠳᠤᠮᠳᠠᠳᠤ ᠤᠯᠤᠰ ᠭᠤᠶᠤᠬᠠᠨ︾ ᠬᠡᠬᠦ ᠬᠠᠮᠳᠤ  ᠶᠢᠨ ᠪᠦᠵᠢᠭ ᠢᠶᠠᠷ ᠡᠬᠢᠯᠡᠯᠳᠡ ᠶᠢᠨ ᠬᠦᠰᠢᠭᠡ ᠪᠠᠨ ᠰᠡᠬᠦᠵᠦ᠂ ︽ᠮᠠᠯᠵᠢᠯ ᠤᠨ ᠲᠠᠯᠠᠪᠠᠢ ᠶᠢᠨ ᠮᠠᠭᠲᠠᠭᠠᠯ︾ ︽ᠨᠠᠮ  ᠤᠨ ᠲᠤᠭ ᠨᠠᠮᠢᠷᠠᠨ᠎ᠠ︾ ︽ᠵᠣᠯ ᠵᠢᠷᠭᠠᠯᠲᠤ ᠳᠤᠮᠳᠠᠳᠤ ᠤᠯᠤᠰ︾ ︽ᠪᠣᠷᠣᠭᠠᠨ ᠢᠶᠠᠷ︾ ︽ᠴᠡᠯᠮᠡᠨ ᠴᠡᠴᠡᠭ︾ ᠵᠡᠷᠭᠡ ᠳᠠᠭᠤᠤ᠂ ᠰᠢᠯᠦᠭ᠂ ᠬᠦᠭᠵᠢᠮ ᠢ ᠤᠯᠠᠨ ᠳᠤ ᠰᠤᠨᠢᠷᠬᠠᠭᠤᠯᠤᠯ᠎ᠠ᠃     ᠤᠷᠠᠨ ᠰᠠᠶᠢᠬᠠᠨ ᠤ ᠲᠣᠭᠯᠠᠯᠲᠠ ᠨᠢ ᠬᠦᠮᠦᠰ ᠲᠤ ᠵᠤᠭ᠎ᠠ ᠴᠡᠩᠭᠡᠯ ᠤᠯᠭᠤᠬᠤ ᠪᠠᠷ ᠪᠠᠷᠠᠬᠤ ᠦᠭᠡᠢ ᠨᠠᠩ ᠴᠦ ᠰᠣᠶᠣᠯ ᠤᠨ ᠬᠦᠷᠲᠡᠭᠡᠯ ᠪᠣᠯᠬᠤ ᠶᠤᠮ᠃ ᠲᠠᠪᠦ‍ ᠨᠢᠭᠡ ᠮᠠᠯᠵᠢᠯ ᠤᠨ ᠳᠠᠯᠠᠪᠠᠢ ᠨᠢ ᠲᠠᠷᠠᠭᠠᠴᠢ ᠪᠠᠷ ᠤᠮᠠᠷᠠᠲᠤ ᠬᠢᠯᠢ  ᠶᠢᠨ ᠰᠣᠶᠣᠯ ᠢ ᠪᠠᠳᠠᠷᠠᠭᠤᠯᠬᠤ ᠠᠴᠠ ᠭᠠᠷᠳᠠᠵᠤ᠂ ᠰᠣᠶᠣᠯ ᠤᠨ ᠠᠵᠢᠯᠯᠠᠭ᠎ᠠ ᠶᠢ ᠣᠯᠠᠨ ᠲᠦᠮᠡᠨ ᠤ ᠳᠤᠮᠳᠠ ᠬᠦᠨᠵᠡᠭᠡᠶᠢᠷᠡᠭᠦᠯᠦᠨ᠂ ᠠᠭᠤᠯᠭ᠎ᠠ ᠶᠢ ᠨᠢ ᠪᠠᠶᠠᠯᠢᠭᠵᠢᠭᠤᠯᠵᠤ᠂ ᠬᠡᠯᠪᠡᠷᠢ ᠪᠠᠨ ᠰᠢᠨᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠰᠤᠨᠢᠷᠬᠠᠯ ᠢ ᠳᠠᠳᠠᠭᠰᠠᠨ ᠰᠢᠨ᠎ᠡ ᠰᠡᠪᠡᠭᠦᠨ ᠬᠡᠯᠪᠡᠷᠢ ᠪᠠᠷ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠤᠨ᠂ ᠤᠯᠠᠨ ᠲᠦᠮᠡᠨ ᠤ ᠨᠢᠭᠲᠠᠷᠠᠯ ᠤᠨ ᠬᠦᠴᠦᠨ ᠢ ᠤᠯᠠᠮ ᠴᠢᠩᠭᠠᠳᠬᠠᠬᠤ ᠪᠤᠯᠤᠨ᠎ᠠ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号