| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2024︺ 6 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ | ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠲᠣᠳᠣᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ | ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ︾ | ᠶᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ | ᠠᠳᠬᠤᠰᠤᠭᠠᠢ᠃ ︽ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ | ᠲᠦᠷᠭᠡᠨ ᠤᠷᠤᠭᠰᠢᠯᠠᠬᠤ ᠲᠣᠭᠲᠠᠭᠤᠨ ᠪᠠᠶᠢᠯᠭᠠᠬᠤ ᠶᠢᠨ ᠳᠠᠭᠠᠤ ᠰᠢᠯᠢᠳᠡᠭᠵᠢᠨ ᠤᠷᠤᠭᠰᠢᠯᠠᠬᠤ ᠶᠢ ᠪᠠᠷᠢᠮᠲᠠᠯᠠᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ | ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2023︺ 3 ᠳ᠋ᠤᠭᠠᠷ | ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ | ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ | ᠬᠠᠭᠤᠳᠠᠰᠤ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠨ | ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠳᠤ | ᠠᠩᠬᠠᠷᠤᠯ ᠢᠶᠠᠨ ᠬᠠᠨᠳᠤᠭᠤᠯᠤᠨ ᠬᠦᠴᠦ ᠪᠠᠨ ᠲᠥᠪᠯᠡᠷᠡᠭᠦᠯᠵᠦ ᠪᠠᠶᠢᠭᠠᠳ ᠰᠠᠶᠢᠲᠤᠷ ᠬᠢᠵᠦ᠂ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠦᠷᠦ ᠲᠠᠷᠬᠠᠭᠠᠭᠰᠠᠨ ︹2023︺ 16 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ | ᠲᠦᠷᠦ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠤᠷᠠᠳᠪᠠ᠃ | ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠎ᠠ | ︵ᠨᠢᠭᠡ︶ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠨ᠎ᠠ᠃ | 1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠶᠡᠭᠡ | ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ | ᠲᠠᠯᠠᠪᠠᠶ ᠶᠢ ᠲᠣᠭᠲᠠᠪᠤᠷᠢᠵᠢᠭᠤᠯᠤᠨ᠂ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ | ᠣᠨᠴᠠᠯᠢᠭᠲᠤ ᠲᠠᠷᠢᠮᠠᠯ ᠤᠨ ᠤᠨᠠᠯᠲᠠ ᠵᠢᠴᠢ ᠦᠷ᠎ᠡ ᠠᠰᠢᠭ ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠴᠢᠳᠠᠪᠤᠷᠢ ᠪᠠᠨ ᠤᠯᠠᠮ | ᠨᠢᠭᠡ ᠠᠯᠬᠤᠮ ᠨᠡᠮᠡᠭᠳᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 2. ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ | ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 710 ᠲᠦᠮᠡᠨ | ᠮᠦ ᠠᠴᠠ ᠳᠡᠭᠡᠭᠰᠢ ᠣᠯᠬᠤ ᠪᠠᠷ ᠢᠳᠡᠪᠬᠢᠯᠡᠨ ᠴᠢᠷᠮᠠᠶᠢᠨ᠎ᠠ᠃ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠶᠢᠨ ᠬᠢᠨ 2130 ᠲᠦᠮᠡᠨ ᠮᠦ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠶᠢ ᠨᠢ ᠳᠡᠮᠵᠢᠨ᠎ᠡ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︺ | 3. ᠤᠯᠤᠰ ᠤᠨ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ ᠠᠯᠬᠤᠮ ᠠᠯᠬᠤᠮ ᠢᠶᠠᠷ ᠨᠡᠭᠡᠭᠡᠨ | ᠠᠰᠢᠭᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ | ᠬᠤᠵᠢᠷᠰᠢᠭᠰᠠᠨ ᠲᠠᠷᠢᠶᠠᠯᠠᠬᠤ ᠭᠠᠵᠠᠷ ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ ᠳᠤ ᠳᠠᠭᠠᠭᠠᠮᠠᠭᠠᠢ | ᠲᠠᠷᠢᠮᠠᠯ ᠲᠠᠷᠢᠬᠤ ᠶᠢ ᠳᠡᠯᠭᠡᠷᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ︺ | ︵ᠬᠤᠶᠠᠷ︶ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ | | 4. 1.4 ᠳ᠋ᠦᠩᠰᠢᠭᠤᠷ ᠲᠥᠭᠦᠷᠢᠭ ᠲᠣᠬᠢᠷᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠦᠷ᠎ᠡ | ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ︺ | 5. ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠦᠨ᠎ᠡ᠃ ︽5+N︾ ᠤᠨ ᠶᠡᠷᠦᠩᠬᠡᠢ | ᠪᠠᠶᠢᠷᠢᠰᠢᠭᠤᠯᠤᠯᠲᠠ ᠶᠣᠰᠣᠭᠠᠷ᠂ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ | ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ ᠴᠠᠷᠠᠭ᠎ᠠ ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ | ᠬᠤᠸᠠᠷ᠂ ᠰᠢᠬᠢᠷ ᠯᠤᠤᠪᠠᠩ ᠵᠡᠷᠭᠡ ᠣᠯᠠᠨ ᠭᠤᠣᠯᠳᠠᠯᠭᠠᠲᠤ ᠬᠦᠷᠢᠶ᠎ᠡ ᠴᠠᠷᠠᠭᠠᠨ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠴᠢᠬᠤᠯᠠ ᠶᠡᠭᠡ ᠲᠤᠰᠬᠠᠢ | ᠵᠦᠢᠯ ᠢᠶᠠᠷ ᠳᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠮᠢᠺᠷᠣᠪ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ | ᠵᠡᠷᠭᠡ ᠶᠢᠨ ᠦᠷ᠎ᠡ ᠡᠭᠦᠯᠳᠡᠷ ᠤᠨ ᠦᠢᠯᠡᠰ ᠤᠨ ᠬᠦᠷᠢᠶ᠎ᠡ ᠴᠠᠷᠠᠭᠠᠨ ᠳᠠᠬᠢ ᠰᠤᠳᠤᠯᠭᠠᠨ ᠤ ᠴᠢᠭᠯᠡᠯ ᠢ ᠨᠡᠮᠡᠭᠳᠡᠭᠦᠯᠦᠨ᠎ᠡ᠃ | ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︺ | | 6. ᠴᠢᠨᠠᠷᠯᠢᠭ ᠰᠠᠶᠢᠨ ᠦᠷ᠎ᠡ ᠡᠭᠦᠯᠳᠡᠷ ᠤᠨ ᠱᠠᠩᠨᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠦᠮᠴᠢᠯᠡᠯ ᠤᠨ ᠡᠷᠬᠡ ᠪᠠᠶᠢᠭ᠎ᠠ ᠲᠥᠮᠥᠰᠥ ᠶᠢᠨ ᠴᠢᠨᠠᠷ ᠰᠠᠶᠢᠲᠠᠢ ᠰᠢᠨ᠎ᠡ ᠦᠷ᠎ᠡ ᠡᠭᠦᠯᠳᠡᠷ ᠲᠤ᠂ | ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 10 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 500 | ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ ; ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 30 ᠲᠦᠮᠡᠨ | ᠮᠦ ᠠᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ | ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ | ᠲᠦᠷᠦᠯ ᠪᠣᠯ ᠵᠦᠢᠯ ᠪᠦᠷᠢ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠡᠳ᠋ ᠤᠨ ᠵᠠᠰᠠᠭ ᠤᠨ ᠲᠢᠩᠬᠢᠮ ︺ | ︵ᠭᠤᠷᠪᠠ︶ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ | 7. ᠴᠢᠨᠠᠷ ᠰᠠᠶᠢᠲᠠᠢ ᠰᠦ ᠶᠢᠨ ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠨᠥᠬᠦᠴᠡᠯ ᠳᠤ | ᠨᠡᠶᠢᠴᠡᠬᠦ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠠᠭᠠᠯᠢ ᠶᠢᠨ ᠮᠠᠯ ᠤᠨ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠳᠤ ᠵᠣᠬᠢᠬᠤ ᠨᠡᠮᠡᠭᠦᠷᠢ ᠣᠯᠭᠤᠨ᠎ᠠ᠃ ᠰᠦ ᠰᠠᠭᠠᠯᠢ ᠶᠢᠨ ᠦᠢᠯᠡᠰ ᠤᠨ | ᠦᠢᠯᠡᠳᠪᠦᠷᠢᠯᠡᠯ ᠤᠨ ᠴᠢᠳᠠᠪᠤᠷᠢ ᠶᠢ ᠰᠢᠶᠠᠨ ᠳᠠᠶᠠᠭᠠᠷ ᠨᠢ ᠠᠬᠢᠭᠤᠯᠬᠤ ᠲᠥᠷᠥᠯ ᠵᠦᠢᠯ ᠳᠤ ᠰᠣᠩᠭᠤᠭᠳᠠᠭᠰᠠᠨ | 100 — 3000 ᠰᠠᠭᠠᠯᠢ ᠶᠢᠨ ᠮᠠᠯ ᠤᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ | ᠪᠡᠯᠴᠢᠭᠡᠷ ᠢ ᠢᠵᠢ ᠪᠦᠷᠢᠳᠦᠭᠦᠯᠬᠦ᠂ ᠣᠶᠤᠨᠯᠢᠭ ᠮᠠᠯᠵᠢᠯ ᠤᠨ ᠲᠠᠯᠠᠪᠠᠶ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠶᠢ | ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠵᠡᠷᠭᠡ ᠲᠠᠯ᠎ᠠ ᠪᠠᠷ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ | ᠲᠢᠩᠬᠢᠮ ︺ | 8. ᠴᠢᠨᠠᠷ ᠰᠠᠶᠢᠲᠠᠢ ᠡᠭᠦᠯᠳᠡᠷ ᠤᠨ ᠢᠷᠡᠯᠲᠡ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠪᠤᠶᠢᠵᠢᠭᠤᠯᠬᠤ | ᠴᠢᠳᠠᠪᠤᠷᠢ ᠶᠢᠨ ᠦᠨᠡᠯᠡᠯᠲᠡ ᠶᠢᠨ ᠳᠡᠰ ᠨᠢ ᠰᠠᠶᠢᠨ ᠠᠴᠠ ᠳᠡᠭᠡᠭᠰᠢ ᠳᠤ ᠬᠦᠷᠦᠭᠰᠡᠨ ᠰᠠᠭᠠᠯᠢ ᠶᠢᠨ ᠦᠨᠢᠶ᠎ᠡ ᠶᠢᠨ | ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠰᠠᠭᠤᠷᠢᠯᠠᠬᠤ ᠴᠢᠨᠠᠷᠲᠠᠢ ᠱᠠᠩᠨᠠᠯ | ᠣᠯᠭᠤᠬᠤ ᠶᠢᠨ ᠬᠠᠮᠲᠤ ᠡᠭᠦᠯᠳᠡᠷ ᠤᠨ ᠪᠤᠬ᠎ᠠ ᠶᠢᠨ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠦᠷ᠎ᠡ | ᠳ᠋ᠦᠩ ᠢ ᠨᠢ ᠦᠨᠳᠦᠰᠦᠯᠡᠨ᠂ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠱᠠᠩᠨᠠᠯ ᠣᠯᠭᠤᠨ᠎ᠠ ; ᠰᠢᠨ᠎ᠡ ᠪᠠᠷ | ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ | ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ | ᠤᠳᠠᠭ᠎ᠠ ᠳᠤ 200 ᠲᠦᠮᠡᠨ ᠲᠥᠭᠦᠷᠢᠭ ᠢᠶᠠᠷ ᠱᠠᠩᠨᠠᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ | ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠨ᠂ | ᠴᠢᠨᠰᠠᠭ᠎ᠠ ᠶᠢᠨ ᠢᠯᠡᠳᠬᠡᠭᠴᠢ ᠶᠢ ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭᠠᠯᠢ ᠶᠢᠨ | ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠭᠰᠡᠨ ᠪᠠᠶᠢᠪᠠᠯ ᠲᠣᠯᠣᠭᠠᠢ ᠪᠦᠷᠢ ᠳᠤ 120 | ᠲᠥᠭᠦᠷᠢᠭ ᠤᠨ ᠨᠡᠮᠡᠭᠦᠷᠢ ᠣᠯᠭᠤᠵᠤ᠂ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠭᠰᠡᠨ ᠪᠠᠶᠢᠪᠠᠯ | ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠳᠤ ᠨᠡᠮᠡᠭᠦᠷᠢ ᠣᠯᠭᠤᠬᠤ ᠡᠷᠴᠢᠮ ᠢᠶᠠᠨ ᠴᠢᠩᠭᠠᠷᠠᠭᠤᠯᠵᠤ᠂ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠶᠢᠨ | ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ | ᠬᠠᠪᠢ ᠪᠠᠷ ᠬᠤᠷᠢᠶᠠᠨ ᠨᠥᠭᠡᠴᠡᠯᠡᠬᠦ ᠳᠤ ᠵᠣᠬᠢᠬᠤ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 10. ᠤᠯᠤᠰ ᠲᠤ ᠪᠠᠨ ᠦᠢᠯᠡᠳᠪᠦᠷᠢᠯᠡᠭᠰᠡᠨ ᠴᠢᠨᠠᠷ ᠰᠠᠶᠢᠲᠠᠢ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠤᠨ | ᠤᠨᠠᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠳᠠᠷᠢᠭᠰᠠᠨ | ᠲᠠᠯᠠᠪᠠᠢ ᠨᠢ 500 ᠮᠦ ᠠᠴᠠ ᠳᠡᠭᠡᠭᠰᠢ ᠳᠤ ᠬᠦᠷᠦᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ | ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠠᠷᠢᠮᠠᠯ ᠤᠨ ᠠᠵᠤ | ᠠᠬᠤᠶᠢᠯᠠᠯ ︵ᠬᠤᠷᠰᠢᠶ᠎ᠠ᠂ ᠲᠠᠷᠢᠮᠠᠯ ᠤᠨ ᠡᠷᠦᠬᠡ︶ ᠳᠤ 3 ᠵᠢᠯ ᠬᠤᠪᠢᠶᠠᠨ ᠮᠦ ᠪᠦᠷᠢ ᠨᠡᠶᠢᠲᠡ 1000 | ᠲᠥᠭᠦᠷᠢᠭ ᠤᠨ ᠨᠥᠬᠦᠪᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 11. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠯᠪᠠᠰᠤᠷᠠᠭᠤᠯᠤᠨ | ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠨᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ | ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 200 | ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠲᠣᠰ ᠲᠣᠰ | 50% ᠶᠢ ᠡᠭᠦᠷᠭᠡᠯᠡᠨ᠎ᠡ᠃ ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ | ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠪᠣᠯᠬᠤ 3 — 5 ᠳ᠋ᠤᠭᠠᠷ ᠰᠠᠷ᠎ᠠ ᠳᠤ ᠲᠤᠭ᠎ᠠ ᠶᠣᠰᠣᠭᠠᠷ ᠭᠦᠢᠴᠡᠳ | ᠰᠦ ᠬᠤᠷᠢᠶᠠᠬᠤ ᠶᠢ ᠨᠢ ᠳᠡᠮᠵᠢᠵᠦ᠂ ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ | ᠬᠡᠮᠵᠢᠶ᠎ᠡ ᠶᠢᠨ 10% ᠪᠠᠷ ᠲᠣᠨ ᠪᠦᠷᠢ ᠳᠤ 1000 ᠲᠥᠭᠦᠷᠢᠭ ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ | ᠣᠷᠣᠨ ᠪᠠ ᠠᠶᠢᠮᠠᠭ ᠬᠤᠲᠠ ᠠᠴᠠ ᠲᠣᠰ ᠲᠣᠰ 50% ᠶᠢ ᠡᠭᠦᠷᠭᠡᠯᠡᠨ᠎ᠡ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ︺ | 12. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨ | ᠡᠳ᠋ᠰᠢᠭᠦᠯᠭᠡ ᠬᠥᠭᠵᠢᠭᠦᠯᠬᠦ ᠶᠢ ᠨᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ | ᠵᠡᠷᠭᠡ ᠰᠦ ᠴᠠᠭᠠᠨ ᠢᠳᠡᠭᠡ ᠪᠠᠨ ᠨᠠᠷᠢᠯᠢᠭ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ | ᠪᠠᠶᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ | ᠲᠥᠭᠦᠷᠢᠭ ᠤᠨ ᠨᠡᠮᠡᠭᠦᠷᠢ ᠣᠯᠭᠤᠨ᠎ᠠ᠃ ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ | ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠣᠯ ᠳᠡᠭᠡᠷ᠎ᠡ ᠨᠢᠭᠡ ᠵᠢᠯ ᠤᠨ | ᠲᠦᠭᠦᠬᠡᠢ ᠰᠦ ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ ᠤᠨ ᠬᠡᠮᠵᠢᠶ᠎ᠡ ᠪᠠᠷ | ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ | ᠠᠬᠢᠭᠤᠯᠤᠨ᠎ᠠ᠃ | 13. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ | ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠮᠢᠩᠭᠠᠨ | ᠳ᠋ᠦᠩᠰᠢᠭᠤᠷ ᠤᠨ ᠲᠠᠰ ᠤᠨ ᠰᠦ ᠶᠢᠨ ᠦᠢᠯᠡᠰ᠂ ᠡᠷᠳᠡᠨᠢ ᠰᠢᠰᠢ ᠶᠢᠨ ᠲᠠᠯ᠎ᠠ ᠪᠠᠷ ᠬᠢ 2 ᠠᠵᠤ ᠦᠢᠯᠡᠰ ᠤᠨ | ᠪᠦᠯᠦᠭᠵᠢᠯ ᠵᠢᠴᠢ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ | ᠢᠮᠠᠭᠠᠨ ᠨᠤᠤᠯᠤᠭᠤᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ ᠨᠣᠭᠤᠭ᠎ᠠ᠂ ᠲᠡᠵᠢᠭᠡᠯ | ᠡᠪᠡᠰᠦ ᠪᠣᠷᠳᠤᠭ᠎ᠠ ᠪᠠ ᠰᠢᠷ᠎ᠠ ᠪᠤᠷᠴᠠᠭ ᠤᠨ ᠲᠠᠯ᠎ᠠ ᠪᠠᠷ ᠬᠢ 10 ᠠᠵᠤ ᠦᠢᠯᠡᠰ ᠤᠨ ᠪᠦᠯᠦᠭᠵᠢᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 14. ᠠᠮᠤ ᠪᠤᠳᠠᠭ᠎ᠠ ᠢᠳᠡᠰᠢᠨ ᠲᠣᠰᠣ᠂ ᠮᠢᠬᠠᠨ ᠤ ᠵᠦᠢᠯ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ | ᠠᠬᠢᠭᠤᠯᠵᠤ᠂ ᠠᠮᠤ ᠪᠤᠳᠠᠭ᠎ᠠ ᠢᠳᠡᠰᠢᠨ ᠲᠣᠰᠣ᠂ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠶᠢᠨ | ᠭᠠᠷᠭᠠᠯᠲᠠ ᠶᠡᠬᠡᠲᠡᠢ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠷᠭᠠᠯᠲᠠ ᠶᠡᠬᠡᠲᠡᠢ | ᠰᠢᠶᠠᠨ ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢᠯᠡᠳᠪᠦᠷᠢᠯᠡᠯ ᠤᠨ ᠦᠷ᠎ᠡ ᠠᠰᠢᠭ ᠢᠶᠠᠨ | ᠳᠡᠭᠡᠭᠰᠢᠯᠡᠭᠦᠯᠬᠦ ᠶᠢ ᠲᠡᠮᠵᠢᠵᠤ᠂ ᠲᠣᠮᠣ ᠬᠡᠯᠪᠡᠷᠢ ᠶᠢᠨ ᠨᠢᠲᠤᠯᠭᠠᠨ ᠤ ᠲᠦᠷᠦᠯ ᠵᠦᠢᠯ ᠢ ᠲᠤᠬᠠᠢ ᠶᠢᠨ ᠭᠠᠵᠠᠷ ᠲᠤ ᠨᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ | ᠵᠢᠭᠦᠷᠲᠡᠨ ᠤ ᠭᠠᠷᠤᠯᠲᠠ ᠪᠦᠲᠦᠭᠡᠭᠳᠡᠬᠦᠨ ᠢ ᠨᠠᠷᠢᠯᠢᠭ ᠬᠤᠪᠢᠶᠠᠷᠢᠯᠠᠨ ᠰᠠᠯᠭᠠᠬᠤ᠂ ᠬᠦᠢᠲᠡᠨ ᠬᠡᠯᠬᠢᠶ᠎ᠡ ᠪᠠᠷ | ᠪᠣᠯᠪᠠᠰᠤᠷᠠᠭᠤᠯᠤᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠳᠦᠬᠦᠷᠵᠢᠭᠦᠯᠦᠨ ᠪᠠᠶᠢᠭᠤᠯᠤᠨ᠎ᠠ᠃ | ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︺ | 15. ᠠᠷᠠᠰᠤ ᠰᠢᠷᠢ᠂ ᠬᠤᠨᠢᠨ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠥᠬᠦᠴᠡᠯ ᠳᠤ | ᠨᠡᠶᠢᠴᠡᠬᠦ ᠠᠵᠤ ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ ᠭᠤᠣᠯᠳᠠᠯᠭ᠎ᠠ ᠲᠠᠢ ᠠᠵᠤ | ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠳᠤ ᠪᠣᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠵᠣᠬᠢᠬᠤ ᠨᠡᠮᠡᠭᠦᠷᠢ ᠣᠯᠭᠤᠨ᠎ᠠ᠃ | ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | | 16. ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠪᠠᠶᠢᠭᠤᠯᠬᠤ ᠶᠢ ᠳᠡᠮᠵᠢᠵᠦ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠠᠮᠢᠶ᠎ᠠ | ᠪᠦᠬᠦᠢ ᠠᠵᠤ ᠠᠬᠤᠶᠢᠯᠠᠯ ᠤᠨ ᠪᠣᠬᠢᠷᠲᠤᠯ ᠦᠭᠡᠢ ᠢᠳᠡᠭᠡᠨ᠂ ᠣᠷᠭᠠᠨᠢᠭ ᠪᠦᠲᠦᠭᠡᠭᠳᠡᠬᠦᠨ ᠤ ᠭᠡᠷᠡᠴᠢᠯᠡᠯᠲᠡ | ᠬᠢᠯᠭᠡᠬᠦ ᠪᠠᠷ ᠭᠤᠶᠤᠴᠢᠯᠠᠬᠤ ᠶᠢ ᠨᠢ ᠵᠣᠷᠢᠭᠵᠢᠭᠤᠯᠤᠨ᠎ᠠ᠃ ᠭᠠᠵᠠᠷ ᠵᠦᠢ ᠶᠢᠨ ᠪᠡᠯᠭᠡ ᠲᠡᠮᠳᠡᠭ ᠤᠨ ᠪᠠᠶᠢᠭᠤᠯᠤᠯᠲᠠ ᠶᠢ | ᠴᠢᠩᠭᠠᠳᠬᠠᠨ᠎ᠠ᠃ ︽ᠥᠪᠥᠷ ᠮᠣᠩᠭᠤᠯ︾ ᠲᠡᠮᠳᠡᠭᠲᠦ ᠶᠢᠨ ᠭᠡᠷᠡᠴᠢᠯᠡᠯᠲᠡ ᠶᠢ ᠠᠬᠢᠭᠤᠯᠵᠤ᠂ ᠥᠪᠥᠷ ᠮᠣᠩᠭᠤᠯ ᠤᠨ | ᠪᠣᠬᠢᠷᠲᠤᠯ ᠦᠭᠡᠢ ᠪᠥᠭᠡᠳ ᠣᠷᠭᠠᠨᠢᠭ ᠨᠠᠷᠠᠲᠤ ᠲᠡᠮᠳᠡᠭ ᠢ ᠴᠣᠭᠴᠠᠯᠠᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︺ | 17. ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ | ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ | ᠳᠠᠷᠢᠬᠤ ᠰᠠᠭᠤᠷᠢᠨ ᠭᠠᠵᠠᠷ ᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠩᠬᠢᠨᠢ ᠪᠠᠶᠢᠭᠠᠯᠢᠯᠢᠭ | ᠭᠠᠷᠤᠯᠲᠠ ᠲᠠᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ | ᠳᠠᠷᠢᠬᠤ ᠰᠠᠭᠤᠷᠢᠨ ᠭᠠᠵᠠᠷ ᠢᠶᠠᠷ ᠦᠨᠡᠮᠰᠢᠭᠳᠡᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ | ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢ 300 ᠲᠦᠮᠡᠨ | ᠲᠥᠭᠦᠷᠢᠭ ᠠᠴᠠ ᠳᠡᠭᠡᠭᠰᠢ ᠨᠢᠭᠡᠳᠦᠯᠲᠡᠢ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ ︵ᠬᠤᠲᠠ᠂ ᠲᠣᠭᠤᠷᠢᠭ︶ | ᠢ ᠰᠣᠩᠭᠤᠵᠤ ᠬᠢᠲᠠᠳ ᠡᠮ ᠤᠨ ᠮᠠᠲ᠋ᠧᠷᠢᠶᠠᠯ ᠤᠨ ᠥᠨᠳᠥᠷ ᠭᠠᠷᠤᠯᠲᠠ ᠲᠠᠢ ᠥᠨᠳᠥᠷ ᠦᠷ᠎ᠡ ᠠᠰᠢᠭ ᠲᠠᠢ | ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠪᠠ ᠬᠢᠲᠠᠳ ᠡᠮ ᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ | ᠪᠦᠲᠦᠭᠡᠨ ᠪᠠᠶᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ ︺ | ᠬᠤᠶᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | 18. 5 ᠳ᠋ᠦᠩᠰᠢᠭᠤᠷ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ︽ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ︾ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ 30% ᠪᠠᠷ ᠨᠢᠭᠡ ᠯᠡ | ᠤᠳᠠᠭ᠎ᠠ ᠶᠢᠨ ᠴᠢᠨᠠᠷᠲᠠᠢ ᠳᠠᠮ ᠬᠦᠦ ᠥᠭᠬᠦ ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠳᠤ | ᠬᠠᠮᠤᠭ ᠤᠨ ᠥᠨᠳᠥᠷ ᠲᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠲᠡᠷᠢᠭᠦᠨ ᠤ | ᠦᠢᠯᠡᠳᠬᠦ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠰᠢᠨ᠎ᠡ ᠪᠠᠷ ᠦᠨᠡᠮᠰᠢᠨ ᠲᠣᠭᠲᠠᠭᠠᠭᠰᠠᠨ ᠤᠯᠤᠰ ᠤᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ | ᠦᠢᠯᠡᠳᠬᠦ ᠦᠢᠯᠡᠰ ᠤᠨ ᠪᠦᠯᠦᠭᠵᠢᠯ ᠳᠤ ᠲᠣᠰ ᠲᠣᠰ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ᠂ | 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ︶ | 19. 2000 ᠲᠦᠮᠡᠨ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠨᠢᠭᠡᠨᠲᠡ | ᠠᠵᠢᠯ ᠳᠠᠭᠤᠰᠤᠭᠰᠠᠨ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ᠂ | ᠲᠤᠬᠠᠢ ᠶᠢᠨ ᠵᠢᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ | 20% ᠪᠠᠷ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ ᠪᠠᠷ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ︶ | 20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ | ᠡᠨᠧᠷᠭᠢ ᠠᠷᠪᠢᠯᠠᠬᠤ ᠬᠡᠮᠵᠢᠶ᠎ᠡ ᠨᠢ 2000 ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢᠬᠢ ︵2000 ᠲᠣᠨ | ᠪᠠᠷᠢᠮᠵᠢᠶᠠᠲᠤ ᠨᠡᠭᠦᠷᠡᠰᠦ ᠪᠠᠭᠲᠠᠨ᠎ᠠ︶ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ | ᠪᠣᠭᠤᠵᠢᠯᠠᠭᠰᠠᠨ ᠲᠥᠷᠥᠯ ᠵᠦᠢᠯ ᠪᠠᠭᠲᠠᠨ᠎ᠠ︶ ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 | ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ | ᠢᠯᠡᠭᠦᠦ ᠳᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠲᠣᠮᠣ ᠳ᠋ᠠᠶᠢᠲ᠋ᠠ ᠶᠢᠨ | ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠠᠩᠬ᠎ᠠ | ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠠᠶᠢᠪᠠᠯ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ | ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠢ ᠪᠣᠯ | ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ︔ ᠵᠢᠯ ᠤᠨ ᠤᠰᠤ | ᠠᠷᠪᠢᠯᠠᠬᠤ ᠬᠡᠮᠵᠢᠶ᠎ᠡ ᠨᠢ 5 ᠲᠦᠮᠡᠨ ᠲᠣᠨ ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ︵ᠪᠣᠭᠤᠵᠢᠯᠠᠭᠰᠠᠨ ᠲᠥᠷᠥᠯ ᠵᠦᠢᠯ ᠪᠠᠭᠲᠠᠨ᠎ᠠ︶ ᠳᠤ 1 ᠲᠣᠨ ᠤᠰᠤ | ᠠᠷᠪᠢᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠣᠯᠭᠤᠬᠤ | ᠨᠥᠬᠦᠪᠦᠷᠢ ᠶᠢ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 21. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠲᠦᠮᠡᠨ ᠲᠣᠨ ᠠᠴᠠ ᠳᠡᠭᠡᠭᠰᠢ ᠪᠠᠶᠢᠬᠤ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ | ᠡᠬᠢ ᠪᠠᠶᠠᠯᠢᠭ ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠦᠭᠡᠢ ᠪᠣᠯᠭᠠᠬᠤ᠂ ᠤᠷᠴᠢᠯᠵᠢᠭᠤᠯᠤᠨ ᠠᠰᠢᠭᠯᠠᠬᠤ | ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ᠂ 1 ᠲᠣᠨ ᠶᠡᠷᠦᠩᠬᠡᠶᠢᠯᠡᠨ ᠠᠰᠢᠭᠯᠠᠬᠤ ᠪᠦᠷᠢ 10 | ᠲᠥᠭᠦᠷᠢᠭ ᠤᠨ ᠨᠥᠬᠦᠪᠦᠷᠢ ᠣᠯᠭᠤᠨ᠎ᠠ︔ ᠳᠠᠬᠢᠯᠲᠠ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠥᠦ᠂ | ᠬᠠᠶᠠᠭᠳᠠᠮᠠᠯ ᠴᠠᠭᠠᠰᠤ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠮᠢᠩᠭᠠᠨ | ᠲᠣᠨ ᠠᠴᠠ ᠳᠡᠭᠡᠭᠰᠢᠬᠢ ᠲᠥᠷᠥᠯ ᠵᠦᠢᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠣᠭᠠᠨ ᠤ | 10% ᠪᠠᠷ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 22. ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠵᠢᠱᠢᠶ᠎ᠡ ᠦᠵᠡᠭᠦᠯᠬᠦ | ᠠᠵᠤ ᠠᠬᠤᠶᠢᠯᠠᠯ᠂ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ᠂ ᠤᠰᠤᠨ ᠤ ᠠᠰᠢᠭᠯᠠᠮᠵᠢ ᠶᠢᠨ | ᠳᠠᠭᠠᠭᠤᠯᠤᠭᠴᠢ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠲᠤ ᠨᠢᠭᠡ ᠯᠡ ᠤᠳᠠᠭ᠎ᠠ ᠳᠤ 100 | ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ | ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠤᠰᠤ | ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠢ ᠨᠢᠭᠡ ᠯᠡ ᠤᠳᠠᠭ᠎ᠠ ᠶᠢᠨ | ᠴᠢᠨᠠᠷᠲᠠᠢ 50 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 23. ᠦᠢᠯᠡᠳᠬᠦ ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ | ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ | ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠨ᠎ᠠ᠃ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠵᠢᠭᠤᠯᠬᠤ ᠲᠡᠶᠢᠰᠢ | ᠬᠡᠯᠪᠡᠷᠢ ᠪᠠᠨ ᠬᠤᠪᠢᠷᠠᠭᠤᠯᠬᠤ ᠬᠤᠲᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ | 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ︶ | 24. ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠭᠰᠠᠨ ᠠᠵᠤ | ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ᠂ 20 | ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ | ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ | ᠲᠥᠭᠦᠷᠢᠭ᠂ 10 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠪᠠᠷᠢᠮᠵᠢᠶ᠎ᠠ | ᠲᠣᠭᠲᠠᠭᠠᠬᠤ ᠳᠤ ᠳᠠᠩ ᠭᠠᠭᠴᠠ ᠠᠵᠤ ᠠᠬᠤᠶᠢᠯᠠᠯ ᠭᠤᠣᠯᠯᠠᠭᠰᠠᠨ ᠪᠤᠶᠤ ᠣᠷᠤᠯᠴᠠᠭᠰᠠᠨ ᠪᠠᠶᠢᠪᠠᠯ ᠵᠢᠯ ᠪᠦᠷᠢ ᠶᠢᠨ | ᠱᠠᠩᠨᠠᠯ ᠤᠨ ᠪᠡᠯᠡ ᠮᠥᠩᠭᠦ ᠶᠢ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ | ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 25. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠤᠳᠤᠯᠤᠨ ᠨᠡᠭᠡᠭᠡᠬᠦ ᠪᠤᠶᠤ | ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠵᠥᠪᠰᠢᠶᠡᠷᠡᠭᠰᠡᠨ ᠪᠢᠴᠢᠭ ᠤᠨ ᠳ᠋ᠤᠭᠠᠷ ᠢ | ᠣᠯᠣᠭᠰᠠᠨ 1 ᠳ᠋ᠦ᠋ᠭᠡᠷ ᠲᠥᠷᠥᠯ ᠤᠨ ᠪᠤᠶᠤ 2 ᠳ᠋ᠤᠭᠠᠷ ᠲᠥᠷᠥᠯ ᠤᠨ ᠬᠢᠮᠢ ᠶᠢᠨ ᠡᠮ᠂ ᠠᠮᠢᠳᠤ ᠪᠣᠳᠠᠰ ᠤᠨ | ᠪᠦᠲᠦᠭᠡᠭᠳᠡᠬᠦᠨ᠂ ᠬᠢᠲᠠᠳ ︵ᠮᠣᠩᠭᠤᠯ︶ ᠡᠮ ᠤᠨ ᠰᠢᠨ᠎ᠡ ᠶᠢ ᠡᠭᠦᠳᠦᠭᠰᠡᠨ ᠡᠮ᠂ ᠰᠠᠶᠢᠵᠢᠷᠠᠭᠤᠯᠤᠭᠰᠠᠨ | ᠮᠠᠶ᠋ᠢᠭ ᠤᠨ ᠰᠢᠨ᠎ᠡ ᠡᠮ᠂ ᠡᠷᠲᠡᠨ ᠤ ᠰᠣᠩᠭᠤᠳᠠᠭ ᠨᠠᠷᠠᠲᠤ ᠵᠣᠷ ᠤᠨ ᠬᠢᠲᠠᠳ ᠡᠮ ᠤᠨ ᠬᠤᠯᠢᠮᠠᠭ ᠵᠣᠷ ᠤᠨ | ᠨᠠᠶᠢᠷᠠᠯᠭ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠰᠤᠨ ᠢ ᠨᠥᠬᠦᠪᠦᠷᠢᠯᠡᠭᠰᠡᠨ ᠭᠤᠷᠪᠠᠳᠤᠭᠠᠷ ᠲᠥᠷᠥᠯ ᠤᠨ | ᠡᠮᠴᠢᠯᠡᠭᠡᠨ ᠤ ᠪᠠᠭᠠᠵᠢ ᠬᠡᠷᠡᠭᠰᠡᠯ ᠪᠠ ᠰᠢᠨ᠎ᠡ ᠶᠢ ᠡᠭᠦᠳᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ | ᠪᠠᠶᠢᠴᠠᠭᠠᠬᠤ ᠲᠠᠰ ᠳᠠᠷᠠᠭᠠᠯᠠᠯ ᠳᠤ ᠣᠷᠣᠭᠰᠠᠨ ᠪᠥᠭᠡᠳ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ | ᠬᠡᠷᠡᠭᠰᠡᠯ ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠦᠢᠯᠡᠳᠬᠦᠨ ︵ᠬᠤᠶᠠᠳᠤᠭᠠᠷ | ᠲᠥᠷᠥᠯ ᠤᠨ ᠪᠡᠶ᠎ᠡ ᠶᠢᠨ ᠭᠠᠳᠠᠨᠠᠬᠢ ᠣᠨᠣᠰᠢᠯᠠᠯ ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠶᠢᠨ ᠰᠡᠯᠪᠢᠭ | ᠲᠣᠨᠤᠭ ᠪᠠᠭᠲᠠᠬᠤ ᠦᠭᠡᠢ︶᠂ ᠨᠢᠭᠡᠳᠦᠭᠡᠷ᠂ ᠬᠤᠶᠠᠳᠤᠭᠠᠷ ᠲᠦᠷᠦᠯ ᠤᠨ ︽ᠮᠠᠯ ᠤᠨ ᠰᠢᠨ᠎ᠡ ᠡᠮ ᠤᠨ | ᠳᠠᠩᠰᠠᠯᠠᠭᠤᠯᠤᠭᠰᠠᠨ ᠦᠨᠡᠮᠯᠡᠯ︾ ᠣᠯᠣᠭᠰᠠᠨ ᠰᠢᠨ᠎ᠡ ᠶᠢ ᠡᠭᠦᠳᠦᠭᠰᠡᠨ ᠮᠠᠯ ᠤᠨ ᠡᠮ᠂ ᠭᠡᠬᠦ ᠮᠥᠷᠲᠡᠭᠡᠨ ᠠᠵᠤ | ᠦᠢᠯᠡᠰᠵᠢᠯᠲᠡ ᠶᠢ ᠪᠡᠶᠡᠯᠡᠭᠦᠯᠦᠭᠰᠡᠨ ᠲᠦᠷᠦᠯ ᠵᠦᠢᠯ ᠳᠤ ᠲᠥᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ | 20% ᠶᠢᠨ ᠪᠡᠯᠡ ᠮᠥᠩᠭᠦᠨ ᠤ ᠨᠥᠬᠦᠪᠦᠷᠢ ᠶᠢ ᠨᠢᠭᠡ ᠯᠡ ᠤᠳᠠᠭ᠎ᠠ ᠳᠤ ᠣᠯᠭᠤᠵᠤ᠂ ᠬᠠᠮᠤᠭ ᠤᠨ | ᠢᠯᠡᠭᠦᠦ ᠳᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠰᠢᠨ᠎ᠡ ᠬᠢᠮᠢ ᠶᠢᠨ ᠡᠮ ᠤᠨ | ᠵᠦᠢᠯ ᠤᠨ ᠳᠠᠩᠰᠠᠯᠠᠯᠲᠠ ᠶᠢᠨ ᠲᠥᠷᠥᠯ ᠠᠩᠭᠢᠯᠠᠯ ᠢᠶᠠᠷ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ | ᠣᠯᠣᠭᠰᠠᠨ ᠪᠤᠶᠤ ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠪᠠᠲᠤᠯᠠᠭᠳᠠᠭᠰᠠᠨ ᠡᠮ ᠤᠨ | ᠵᠦᠢᠯ ᠳᠤ ᠱᠠᠩᠨᠠᠯ ᠨᠥᠬᠦᠪᠦᠷᠢ ᠣᠯᠭᠤᠨ᠎ᠠ᠂ ᠵᠠᠷᠴᠢᠮ ᠳᠡᠭᠡᠷ᠎ᠡ ᠪᠠᠨ ᠲᠠᠩ ᠭᠠᠭᠴᠠ ᠵᠦᠢᠯ ᠤᠨ ᠱᠠᠩᠨᠠᠯ | ᠨᠥᠬᠦᠪᠦᠷᠢ ᠶᠢᠨ ᠶᠡᠷᠦᠩᠬᠡᠢ ᠲᠤᠭ᠎ᠠ ᠶᠢ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︺ | 26. ᠡᠮᠲᠦ ᠪᠣᠳᠠᠰ ᠤᠨ ᠡᠮᠴᠢᠯᠡᠭᠡᠨ ᠤ ᠰᠤᠳᠤᠯᠭᠠᠨ ᠢ ᠵᠣᠷᠢᠭᠵᠢᠭᠤᠯᠵᠤ᠂ ᠡᠮᠴᠢᠯᠡᠭᠡᠨ ᠤ ᠲᠤᠷᠰᠢᠯᠲᠠ | ᠬᠢᠬᠦ ᠪᠠᠷ ᠭᠤᠶᠤᠴᠢᠯᠠᠨ ᠡᠷᠬᠢᠯᠡᠭᠰᠡᠳ I᠂ II᠂ III ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠰᠤᠳᠤᠯᠭᠠᠨ ᠢ | ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠢ ᠤᠯᠠᠷᠢᠭᠤᠯᠬᠤ ᠪᠠᠷ ᠠᠮᠠᠯᠠᠭᠰᠠᠨ ᠪᠠᠶᠢᠪᠠᠯ᠂ ᠲᠣᠰ ᠲᠣᠰ ᠨᠢᠭᠡ ᠯᠡ | ᠤᠳᠠᠭ᠎ᠠ ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ | ᠨᠥᠬᠦᠪᠦᠷᠢ ᠣᠯᠭᠤᠨ᠎ᠠ᠃ ᠡᠮᠴᠢᠯᠡᠭᠡᠨ ᠤ ᠪᠠᠶᠢᠭᠤᠯᠤᠮᠵᠢ ᠠᠴᠠ ᠥᠪᠡᠷᠲᠡᠭᠡᠨ ᠵᠠᠰᠠᠬᠤ ᠣᠷᠣᠨ ᠤ ᠡᠮᠲᠦ ᠪᠣᠳᠠᠰ ᠤᠨ | ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ | ᠵᠦᠢᠯ ᠢ ᠨᠢ ᠳᠠᠭᠠᠭᠠᠨ ᠠᠪᠴᠤ ᠵᠠᠯᠭᠠᠭᠤᠯᠤᠭᠰᠠᠨ ᠪᠠᠶᠢᠪᠠᠯ᠂ ᠲᠤᠰ ᠲᠥᠷᠥᠯ ᠵᠦᠢᠯ ᠤᠨ ᠲᠤᠰ | ᠪᠠᠶᠢᠭᠤᠯᠤᠮᠵᠢ ᠯᠤᠭ᠎ᠠ ᠡᠭᠦᠰᠦᠭᠰᠡᠨ ᠡᠮᠲᠦ ᠪᠣᠳᠠᠰ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ | ᠵᠠᠷᠤᠳᠠᠯ ᠤᠨ 5% ᠪᠠᠷ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ | ᠪᠠᠶᠢᠭᠤᠯᠤᠮᠵᠢ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠠᠴᠠ ᠳᠠᠪᠠᠭᠤᠯᠬᠤ | ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ︶ | 27. ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠪᠠ ᠨᠡᠪᠴᠢᠭᠦᠯᠬᠦ | ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠢ | ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ | ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ ᠪᠠᠷ ᠱᠠᠩᠨᠠᠯ | ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 500 | ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ | ᠲᠠᠯ᠎ᠠ ᠪᠠᠷ ᠪᠣᠯᠪᠠᠰᠤᠷᠠᠩᠭᠤᠢ ᠪᠣᠯᠤᠭᠰᠠᠨ ᠲᠠᠪᠴᠠᠩ ᠢ ᠥᠪᠡᠷᠲᠡᠭᠡᠨ ᠵᠠᠰᠠᠬᠤ ᠣᠷᠣᠨ ᠳᠤ ᠣᠷᠣᠭᠤᠯᠤᠨ | ᠰᠠᠭᠤᠷᠢᠰᠢᠭᠤᠯᠬᠤ ᠶᠢ ᠵᠣᠷᠢᠭᠵᠢᠭᠤᠯᠵᠤ᠂ ᠠᠩᠬ᠎ᠠ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠰᠤᠳᠤᠯᠤᠨ | ᠨᠡᠭᠡᠭᠡᠬᠦ ᠪᠠᠶᠢᠭᠤᠯᠤᠮᠵᠢ ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ | ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢᠯᠡᠴᠢᠯᠡᠭᠡ ᠬᠠᠩᠭᠠᠵᠤ᠂ ᠨᠠᠩ ᠣᠯᠠᠨ ᠤᠤᠭᠠᠯ ᠪᠦᠲᠦᠭᠡᠯᠴᠢ ᠦᠷ᠎ᠡ | ᠪᠦᠲᠦᠭᠡᠯ ᠪᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ | ᠃ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ | ᠨᠡᠪᠴᠢᠭᠦᠯᠬᠦ ᠲᠠᠪᠴᠠᠩ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠪᠤᠶᠤ ᠰᠤᠳᠤᠯᠤᠨ ᠨᠡᠭᠡᠭᠡᠬᠦ | ᠪᠠᠶᠢᠭᠤᠯᠤᠮᠵᠢ ᠶᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠱᠠᠩᠨᠠᠨ | ᠨᠥᠬᠦᠪᠦᠷᠢᠯᠡᠵᠦ᠂ ᠲᠠᠩ ᠭᠠᠭᠴᠠ ᠲᠠᠪᠴᠠᠩ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ | ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ︶ | 28. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠤᠯᠤᠰ ᠤᠨ ᠠᠨᠠᠭᠠᠬᠤ | ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠡᠷᠡᠭᠦᠯᠵᠢᠯ ᠢᠳᠡᠭᠡᠨ ᠢᠶᠠᠷ ᠳᠠᠩᠰᠠᠯᠠᠭᠤᠯᠤᠭᠰᠠᠨ | ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ᠂ ᠪᠦᠲᠦᠭᠡᠭᠳᠡᠬᠦᠨ ᠨᠢᠭᠡᠪᠦᠷᠢ ᠳᠤ ᠨᠢᠭᠡ | ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ 2022 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠰᠡᠭᠦᠯᠡᠷ ᠣᠨᠴᠠᠭᠠᠢ ᠵᠠᠰᠠᠯ ᠴᠢᠮᠡᠭᠯᠡᠯ ᠤᠨ ᠡᠳ᠋ ᠤᠨ ᠳᠠᠩᠰᠠᠯᠠᠭᠤᠯᠤᠭᠰᠠᠨ ᠦᠨᠡᠮᠯᠡᠯ | ᠣᠯᠣᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ ᠲᠥᠷᠥᠯ ᠵᠦᠢᠯ | ᠨᠢᠭᠡᠪᠦᠷᠢ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠳᠠᠩ | ᠭᠠᠭᠴᠠ ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ | ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ︶ | ︵ᠬᠤᠶᠠᠷ︶ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | 29. ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠴᠢᠯᠦᠭᠡᠯᠡᠨ ᠳᠡᠭᠡᠭᠰᠢᠯᠡᠭᠦᠯᠬᠦ ᠶᠢ | ᠳᠡᠮᠵᠢᠵᠦ᠂ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ | ᠬᠤᠭᠤᠴᠠᠭᠠᠨ ᠤ ᠭᠡᠷ᠎ᠡ ᠪᠠᠨ ᠭᠦᠢᠴᠡᠳᠬᠡᠨ ᠪᠡᠶᠡᠯᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠬᠢᠯᠭᠠᠨ ᠤ | ᠦᠨ᠎ᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ | ᠴᠠᠬᠢᠯᠭᠠᠨ ᠭᠠᠷᠭᠠᠬᠤ ᠬᠦᠴᠦᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠡᠯᠬᠢᠶ᠎ᠡ ᠶᠢᠨ | ᠭᠤᠣᠯᠳᠠᠯᠭ᠎ᠠ ᠲᠠᠢ ᠠᠵᠤ ᠠᠬᠤᠶᠢᠯᠠᠯ ᠬᠢᠭᠡᠳ ᠨᠡᠭᠦᠷᠡᠰᠦᠨ ᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠪᠠᠨ | ᠵᠣᠯᠭᠠᠭᠤᠯᠬᠤ ᠠᠵᠢᠯ ᠢ ᠢᠳᠡᠪᠬᠢᠲᠡᠢ ᠪᠠᠷ ᠥᠷᠨᠢᠭᠦᠯᠵᠦ᠂ ᠤᠷᠲᠤ ᠬᠤᠭᠤᠴᠠᠭ᠎ᠠ ᠪᠠᠷ ᠨᠡᠭᠦᠷᠡᠰᠦ ᠬᠤᠳᠠᠯᠳᠤᠨ ᠠᠪᠬᠤ | ᠪᠠ ᠪᠣᠷᠣᠯᠠᠭᠤᠯᠬᠤ ᠭᠡᠷ᠎ᠡ ᠲᠣᠭᠲᠠᠬᠤ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ︶ | 30. ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠴᠠᠬᠢᠯᠭᠠᠨ ᠡᠭᠦᠰᠬᠡᠭᠴᠢ ᠵᠢᠴᠢ ᠳᠦᠬᠦᠷᠵᠢᠭᠦᠯᠦᠨ | ᠬᠦᠷᠭᠡᠬᠦ ᠢᠨᠵᠧᠨᠧᠷᠢᠩ ᠢ ᠪᠠᠶᠢᠭᠤᠯᠵᠤ ᠳᠠᠭᠤᠰᠬᠠᠮᠠᠭᠴᠠ ᠲᠣᠣᠷ ᠲᠤ ᠨᠡᠶᠢᠯᠡᠭᠦᠯᠬᠦ ᠶᠢ ᠳᠡᠮᠵᠢᠵᠦ᠂ ᠬᠠᠮᠢᠶ᠎ᠠ ᠪᠦᠬᠦᠢ | ᠲᠥᠯᠦᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢᠨ ᠳᠦᠬᠦᠷᠵᠢᠭᠦᠯᠦᠨ ᠬᠦᠷᠭᠡᠬᠦ ᠢᠨᠵᠧᠨᠧᠷᠢᠩ ᠤᠨ | ᠲᠥᠷᠥᠯ ᠵᠦᠢᠯ ᠳᠤ ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠢ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ | ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ︺ | 31. ᠰᠢᠨ᠎ᠡ ᠪᠠᠷ ᠨᠡᠮᠡᠭᠳᠡᠭᠰᠡᠨ ᠴᠠᠬᠢᠯᠭᠠᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠰᠢᠨ᠎ᠡ ᠡᠨᠧᠷᠭᠢ ᠶᠢᠨ ᠬᠡᠪᠴᠢᠶᠡᠵᠢᠯ ᠢ ᠨᠡᠮᠡᠭᠳᠡᠭᠦᠯᠦᠨ | ᠲᠣᠬᠢᠷᠠᠭᠤᠯᠬᠤ ᠶᠢ ᠨᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠯᠡᠰᠢᠨ | ᠨᠡᠭᠦᠷᠡᠰᠦᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢ ᠳᠠᠬᠢᠯᠲᠠ ᠡᠨᠧᠷᠭᠢ ᠪᠠᠷ | ᠣᠷᠣᠯᠠᠭᠤᠯᠬᠤ ᠶᠢ ᠨᠢ ᠳᠡᠮᠵᠢᠵᠦ᠂ ᠲᠦᠯᠡᠰᠢᠨ ᠨᠡᠭᠦᠷᠡᠰᠦᠨ ᠤ ᠮᠠᠰᠢᠨ ᠪᠦᠯᠦᠭ ᠤᠨ ᠤᠶᠠᠨ ᠬᠠᠳᠠᠨ ᠴᠢᠨᠠᠷ ᠢ | ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠨᠥᠭᠡᠴᠡ ᠡᠨᠧᠷᠬᠢ ᠪᠤᠶᠤ ᠴᠠᠭ ᠬᠤᠪᠢᠶᠠᠷᠢ ᠶᠢ ᠲᠣᠬᠢᠷᠠᠭᠤᠯᠬᠤ | ᠴᠢᠳᠠᠪᠤᠷᠢ ᠶᠢ ᠥᠪᠡᠷ ᠢᠶᠠᠨ ᠪᠠᠶᠢᠭᠤᠯᠬᠤ᠂ ᠬᠤᠳᠠᠯᠳᠤᠨ ᠠᠪᠴᠤ ᠪᠠᠶᠢᠭᠠᠳ ᠰᠢᠨ᠎ᠡ ᠡᠨᠧᠷᠭᠢ ᠶᠢᠨ ᠲᠥᠷᠥᠯ ᠵᠦᠢᠯ ᠢ | ᠳᠦᠬᠦᠷᠵᠢᠭᠦᠯᠦᠨ ᠲᠣᠬᠢᠷᠠᠭᠤᠯᠬᠤ ᠶᠢ ᠨᠢ ᠵᠣᠷᠢᠭᠵᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ | ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 32. ᠰᠢᠨ᠎ᠡ ᠪᠠᠷ ᠨᠡᠮᠡᠭᠳᠡᠭᠰᠡᠨ ᠲᠣᠮᠣ ᠬᠡᠯᠪᠡᠷᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠪᠣᠬᠢᠷᠳᠤᠯ ᠦᠭᠡᠢ | ᠴᠠᠬᠢᠯᠭᠠᠨ ᠤ ᠬᠡᠷᠡᠭᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠠᠶᠢᠭ᠎ᠠ᠂ ᠤᠯᠤᠰ ᠵᠢᠴᠢ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠰ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ 50 | ᠳ᠋ᠦᠩᠰᠢᠭᠤᠷ ᠺᠢᠯᠣᠸᠠᠲ ᠴᠠᠭ ᠠᠴᠠ ᠳᠤᠲᠠᠭᠤ ᠦᠭᠡᠢ ᠲᠥᠷᠥᠯ ᠵᠦᠢᠯ ᠳᠤ ︽ᠨᠢᠭᠡ ᠨᠢᠭᠡ ᠤᠴᠢᠷ ᠢᠶᠠᠷ ᠵᠥᠪᠯᠡᠬᠦ︾ | ᠵᠠᠷᠴᠢᠮ ᠶᠣᠰᠣᠭᠠᠷ᠂ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠶᠢ ᠰᠢᠢᠳᠪᠦᠷᠢᠯᠡᠬᠦ | ᠲᠥᠰᠥᠯ ᠢ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 33. ᠵᠢᠱᠢᠶ᠎ᠡ ᠦᠵᠡᠭᠦᠯᠬᠦ ᠬᠡᠪᠴᠢᠶᠡᠨ ᠳᠤ ᠣᠷᠣᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠳᠤ᠂ ᠤᠰᠤᠲᠥ᠋ᠷᠥᠭᠴᠢ | ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶ᠎ᠡ ᠪᠠᠷ ᠰᠢᠨ᠎ᠡ ᠡᠨᠧᠷᠭᠢ ᠶᠢᠨ ᠬᠡᠪᠴᠢᠶᠡᠵᠢᠯ ᠢ ᠵᠦᠢ ᠵᠣᠬᠢᠰᠲᠠᠢ | ᠲᠣᠬᠢᠷᠠᠭᠤᠯᠤᠨ᠎ᠠ᠃ ᠤᠰᠤᠲᠥ᠋ᠷᠥᠭᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠮᠠᠰᠢᠨ ᠲᠡᠷᠭᠡᠨ ᠳᠤ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ ᠲᠠᠷᠬᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ︶ | 34. ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ | ᠠᠭᠠᠷ ᠮᠠᠨᠳᠠᠯ ᠤᠨ ᠪᠣᠬᠢᠷᠲᠤᠯ ᠤᠨ ᠭᠦᠨᠵᠡᠭᠡᠢ ᠵᠠᠰᠠᠯᠲᠠ ᠶᠢ ᠠᠬᠢᠭᠤᠯᠤᠨ᠎ᠠ᠃ ︽ᠬᠠᠩᠭᠠᠯᠭ᠎ᠠ ᠪᠠᠷ | ᠥᠭᠡᠷᠡᠴᠢᠯᠡᠯᠲᠡ ᠶᠢ ᠲᠣᠭᠲᠠᠭᠠᠬᠤ᠂ ᠭᠠᠴᠠᠭ᠎ᠠ ᠲᠣᠰᠬᠤᠨ ᠠᠶᠢᠯ ᠡᠷᠥᠭᠡ ᠳᠤ ᠬᠦᠷᠲᠡᠯ᠎ᠡ ᠨᠤᠲᠠᠯᠠᠨ ᠲᠣᠭᠲᠠᠭᠠᠬᠤ᠂ | ᠤᠷᠢᠳ ᠢᠶᠠᠷ ᠪᠠᠶᠢᠭᠤᠯᠵᠤ ᠲᠠᠷᠠᠭ᠎ᠠ ᠨᠢ ᠥᠭᠡᠷᠡᠴᠢᠯᠡᠬᠦ︾ ᠵᠠᠷᠴᠢᠮ ᠶᠣᠰᠣᠭᠠᠷ᠂ ᠪᠥᠬᠦ ᠣᠷᠣᠨ ᠤ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠬᠠᠷᠢᠴᠠᠭᠠᠨ ᠡᠷᠥᠭᠡ ᠶᠢ ᠨᠢᠭᠡᠳᠦᠯᠲᠡᠢ ᠲᠥᠯᠥᠪᠵᠢᠭᠦᠯᠵᠦ᠂ ᠪᠦᠯᠦᠭ ᠬᠤᠪᠢᠶᠠᠨ | ᠵᠠᠯᠭᠠᠵᠤ ᠣᠷᠣᠭᠤᠯᠬᠤ ᠬᠡᠷᠡᠭᠲᠡᠢ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ | ︵ᠪᠦᠯᠦᠭᠯᠡᠯ︶ ᠺᠣᠮᠫᠠᠨᠢ ︺ | 35. ᠤᠯᠤᠰ ᠤᠨ III ᠠᠴᠠ ᠳᠣᠷᠣᠭᠰᠢᠬᠢ ᠲᠦᠯᠡᠰᠢᠨ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ | ᠵᠢᠷᠤᠮ ᠲᠠᠢ ᠪᠠᠷ ᠰᠢᠭᠰᠢᠭᠳᠡᠭᠦᠯᠵᠦ᠂ ᠮᠠᠰᠢᠨ ᠲᠡᠷᠭᠡ ᠰᠢᠨ᠎ᠡ ᠪᠠᠷ ᠨᠡᠮᠡᠵᠦ ᠠᠪᠬᠤ ᠪᠠ ᠰᠢᠨᠡᠳᠬᠡᠬᠦ ᠳᠤ ᠰᠢᠨ᠎ᠡ | ᠡᠨᠧᠷᠭᠢ ᠶᠢᠨ ᠬᠦᠨᠳᠦ ᠮᠠᠶ᠋ᠢᠭ ᠤᠨ ᠠᠴᠢᠶᠠᠨ ᠮᠠᠰᠢᠨ ᠢ ᠬᠡᠷᠡᠭᠯᠡᠬᠦ ᠶᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠂ | ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠤ | ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85% ᠠᠴᠠ ᠳᠤᠲᠠᠭᠤ ᠪᠠᠶᠢᠯᠭᠠᠬᠤ ᠦᠭᠡᠢ᠂ | ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ 1600 ᠠᠴᠠ ᠳᠣᠣᠷ᠎ᠠ ᠪᠠᠶᠢᠯᠭᠠᠬᠤ | ᠦᠭᠡᠢ᠃ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡ ᠶᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ ᠳᠤ᠂ ᠴᠠᠬᠢᠯᠭᠠᠨ ᠴᠡᠨᠡᠭᠯᠡᠬᠦ | ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠴᠠᠬᠢᠯᠭᠠᠨ ᠲᠡᠷᠭᠡ ᠰᠣᠯᠢᠬᠤ ᠳᠤ ᠲᠡᠷᠭᠡ | ᠪᠦᠷᠢ ᠳᠤ 4.5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ | ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ | ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠠᠷᠢᠴᠠᠯ ᠢ 50% ᠳᠤ ᠬᠦᠷᠦᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ | ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠵᠦ | ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ | ᠪᠠᠭᠲᠠᠬᠤ ᠦᠭᠡᠢ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ ᠳᠤᠮᠳᠠᠴᠢ ᠪᠠᠷ | 30% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ | ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ︶ | 36. ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ | ᠳᠦᠬᠦᠷᠵᠢᠭᠦᠯᠦᠨ ᠪᠦᠲᠦᠭᠡᠨ ᠪᠠᠶᠢᠭᠤᠯᠬᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠡᠷᠭᠡᠨ ᠵᠣᠭᠰᠣᠭᠠᠯ ᠤᠨ | ᠡᠵᠡᠯᠡᠬᠦ ᠬᠠᠷᠢᠴᠠᠯ ᠢ ᠶᠡᠷᠦᠩᠬᠡᠢ ᠲᠡᠷᠭᠡᠨ ᠵᠣᠭᠰᠣᠭᠠᠯ ᠤᠨ 10% ᠠᠴᠠ ᠳᠡᠭᠡᠭᠰᠢ ᠳᠤ ᠬᠦᠷᠦᠭᠦᠯᠦᠨ᠎ᠡ᠃ ᠰᠢᠨ᠎ᠡ ᠪᠠᠷ | ᠪᠠᠶᠢᠭᠤᠯᠬᠤ ᠰᠠᠭᠤᠭᠠᠯᠢ ᠲᠣᠭᠤᠷᠢᠭ ᠲᠤ ᠲᠥᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠣᠭᠠᠯ ᠳᠤ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ 100% ᠪᠠᠷ ᠪᠦᠲᠦᠭᠡᠨ | ᠪᠠᠶᠢᠭᠤᠯᠬᠤ ᠪᠤᠶᠤ ᠪᠦᠲᠦᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠵᠦ᠂ ᠭᠤᠣᠯ | ᠴᠣᠭᠴᠠᠲᠤ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭᠠᠨ ᠬᠤᠷᠢᠶᠠᠵᠤ | ᠠᠪᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ᠂ ᠨᠥᠬᠦᠴᠡᠯ ᠪᠦᠷᠢᠳᠦᠭᠦᠯᠦᠭᠰᠡᠨ | ᠰᠠᠭᠤᠭᠠᠯᠢ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ ᠪᠠᠶᠢᠭᠤᠯᠤᠨ᠎ᠠ᠃ ᠲᠤᠰᠠᠭᠠᠷ ᠭᠠᠵᠠᠷ ᠡᠵᠡᠯᠡᠭᠰᠡᠨ ᠤᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠳ᠋ᠢᠶᠠᠨ ᡂᠢ ᠰᠣᠯᠢᠬᠤ ᠦᠷᠳᠡᠭᠡ ᠶᠢ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠨᠠᠷᠢᠨ ᠲᠥᠯᠦᠪᠵᠢᠭᠦᠯᠭᠡ ᠳᠤ ᠣᠷᠣᠭᠤᠯᠤᠨ᠎ᠠ᠃ ᠡᠯ᠎ᠡ ᠲᠦᠷᠦᠯ ᠤᠨ ᠴᠠᠬᠢᠯᠭᠠᠨ ᠴᠡᠨᠡᠭᠯᠡᠬᠦ | ᠲᠥᠬᠦᠭᠡᠷᠦᠮᠵᠢ ᠶᠢ ᠤᠯᠤᠰ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠢᠨᠠᠨ ᠰᠢᠨᠵᠢᠬᠦ ᠲᠠᠪᠴᠠᠩ ᠳᠤ | ᠨᠢᠭᠡᠳᠦᠯᠲᠡᠢ ᠵᠠᠯᠭᠠᠵᠤ ᠣᠷᠣᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ | ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠺᠣᠮᠫᠠᠨᠢ︶ | 37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠲᠠᠬᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠥᠨᠳᠦᠷᠯᠢᠭ ᠬᠦᠢᠲᠡᠨ ᠡᠷᠭᠦᠭᠳᠡᠴᠡ ᠥᠨᠳᠥᠷ ᠭᠠᠵᠠᠷ ᠠᠴᠠ ᠪᠤᠰᠤᠳ ᠣᠷᠣᠨ ᠪᠦᠰᠡ ᠶᠢᠨ ᠲᠦᠷᠭᠡᠨ ᠤ ᠵᠠᠰᠠᠮᠠᠯ | ᠵᠠᠮ ᠤᠨ ᠦᠢᠯᠡᠴᠢᠯᠡᠭᠡᠨ ᠤ ᠲᠣᠭᠤᠷᠢᠭ ᠪᠠ ᠨᠥᠬᠦᠴᠡᠯ ᠪᠦᠷᠢᠳᠦᠭᠦᠯᠦᠭᠰᠡᠨ ᠤᠯᠤᠰ ᠮᠤᠵᠢ ᠶᠢᠨ ᠡᠩ ᠤᠨ ᠭᠤᠣᠯ | ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠦᠨᠳᠦᠰᠦᠨ ᠦᠢᠯᠡᠴᠢᠯᠡᠭᠡ ᠬᠠᠩᠭᠠᠵᠤ | ᠳᠡᠶᠢᠯᠬᠦ ᠶᠢ ᠴᠢᠷᠮᠠᠶᠢᠨ ᠪᠡᠶᠡᠯᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ | ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ︺ | ︵ᠭᠤᠷᠪᠠ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ | ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠨ᠎ᠡ᠃ | 38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠱᠠᠩᠨᠠᠯ | ᠨᠥᠬᠦᠪᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 39. ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠣᠨ ᠢᠶᠠᠷ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠯᠭᠠᠨ ᠬᠢᠨᠠᠵᠤ ᠦᠨᠡᠯᠡᠨ᠂ ᠶᠡᠷᠦᠩᠬᠡᠶᠢᠯᠡᠭᠰᠡᠨ ᠪᠣᠳᠠᠲᠤ | ᠬᠦᠴᠦᠨ ᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠮᠦ ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠲᠡᠷᠢᠭᠦᠯᠡᠨ | ᠪᠠᠶᠢᠷᠢ ᠳᠠᠪᠰᠢᠬᠤ ᠪᠠᠷ ᠴᠢᠷᠮᠠᠶᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠵᠡᠷᠭᠡ ᠲᠠᠩ | ᠭᠠᠭᠴᠠ ᠵᠦᠢᠯ ᠤᠨ ᠭᠦᠢᠴᠡᠳᠬᠡᠯ ᠲᠤᠭ᠎ᠠ ᠶᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ | ᠵᠥᠪᠰᠢᠶᠡᠷᠡᠭᠳᠡᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠬᠠᠮᠤᠭ ᠤᠨ ᠢᠯᠡᠭᠦᠦ ᠳᠤ ᠪᠠᠨ 2000 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠪᠥᠬᠦ ᠤᠯᠤᠰ ᠲᠤ ᠡᠮᠦᠨ᠎ᠡ 60 | ᠨᠡᠷᠡᠰ ᠲᠤ ᠵᠢᠭᠰᠠᠭᠠᠭᠳᠠᠭᠰᠠᠨ᠂ ᠣᠨ ᠤ ᠨᠡᠷᠡᠰ ᠤᠨ ᠵᠢᠭᠰᠠᠭᠠᠯᠲᠠ ᠳᠤ 5 ᠨᠡᠷᠡᠰ ᠠᠴᠠ ᠢᠯᠡᠭᠦᠦ ᠳᠡᠭᠡᠭᠰᠢᠯᠡᠭᠰᠡᠨ | ᠵᠢᠴᠢ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 40. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠤᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ | ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ 500 ᠲᠦᠮᠡᠨ ᠲᠥᠭᠦᠷᠢᠭ᠂ 300 | ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠳᠥᠷᠪᠡ︶ ᠠᠵᠤ ᠦᠢᠯᠡᠰ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠨ᠎ᠡ᠃ | 41. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ | ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠦᠷ᠎ᠡ ᠡᠭᠦᠯᠳᠡᠷ ᠤᠨ ᠦᠢᠯᠡᠰ ᠵᠢᠴᠢ ᠬᠤᠰᠢᠭᠤᠷᠠᠯ ᠮᠡᠷᠭᠡᠵᠢᠯ ᠤᠨ | ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠶᠢ 1.2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ | ᠰᠠᠭᠤᠷᠢ ᠰᠤᠳᠤᠯᠭᠠᠨ ᠢ ᠲᠡᠮᠵᠢᠨ᠎ᠡ᠃ ᠨᠢᠭᠡᠨᠲᠡ ᠴᠢᠷᠮᠠᠶᠢᠨ ᠣᠯᠣᠭᠰᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡᠨ ᠤ ᠲᠦᠷᠦᠯ ᠵᠦᠢᠯ ᠳᠤ ᠱᠠᠭᠠᠷᠳᠠᠯᠭ᠎ᠠ ᠶᠣᠰᠣᠭᠠᠷ ᠲᠥᠬᠦᠷ ᠪᠡᠯᠡ ᠮᠥᠩᠭᠦ ᠶᠢᠨ | ᠳᠡᠮᠵᠢᠯᠭᠡ ᠦᠵᠡᠭᠦᠯᠦᠨ᠎ᠡ᠃ ᠣᠷᠳᠣᠰ ᠤᠨ ᠲᠤᠷᠰᠢᠯᠲᠠ ᠶᠢᠨ ᠲᠠᠰᠤᠭ ᠪᠠ ᠳᠠᠯᠠᠨ ᠬᠠᠷ᠎ᠠ ᠠᠭᠤᠯᠠ ᠶᠢᠨ | ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ | ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ | ᠲᠣᠰ ᠲᠣᠰ ᠳ᠋ᠦᠩᠰᠢᠭᠤᠷ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠰᠠᠭᠤᠷᠢ ᠰᠤᠳᠤᠯᠭᠠᠨ | ᠥᠷᠨᠢᠭᠦᠯᠬᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠪᠠ ᠴᠢᠳᠠᠪᠤᠷᠢᠲᠠᠨ ᠢ ᠲᠠᠲᠠᠨ ᠣᠷᠣᠭᠤᠯᠵᠤ ᠬᠥᠮᠥᠵᠢᠭᠦᠯᠬᠦ᠂ ᠬᠡᠮᠵᠢᠭᠦᠷᠯᠢᠭ | ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 42. ᠵᠥᠪᠰᠢᠶᠡᠷᠡᠯ ᠣᠯᠣᠭᠰᠠᠨ ᠤᠯᠤᠰ ᠤᠨ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ | ᠲᠥᠪ ᠲᠤ 5 ᠵᠢᠯ ᠳᠠᠷᠠᠭᠠᠯᠠᠨ ᠵᠢᠯ ᠪᠦᠷᠢ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ | ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ | ᠲᠣᠭᠲᠠᠭᠠᠭᠳᠠᠭᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠶᠢᠨ ᠲᠥᠪ ᠲᠤ ᠨᠢᠭᠡ ᠯᠡ ᠤᠳᠠᠭ᠎ᠠ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ | ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ | ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ | ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠠᠵᠤ | ᠠᠬᠤᠶᠢᠯᠠᠯ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ | ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 43. ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠠᠷᠢᠶ᠎ᠠ ᠪᠦᠬᠦᠢ | ᠨᠠᠷᠢᠨ ᠬᠤᠪᠢᠶᠠᠭᠰᠠᠨ ᠠᠵᠢᠯ ᠲᠥᠷᠥᠯ ᠳᠤ ᠪᠠᠨ ᠭᠦᠨᠵᠡᠭᠡᠶᠢᠷᠡᠨ ᠪᠦᠲᠦᠭᠡᠭᠳᠡᠬᠦᠨ ᠢ ︽ᠭᠦᠨᠵᠡᠭᠡᠢ ᠠᠭᠤᠳᠠᠯᠵᠤ | ᠨᠠᠷᠢᠯᠢᠭ ᠰᠤᠳᠤᠯᠬᠤ︾ ᠶᠢ ᠨᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ ᠠᠵᠢᠯ | ᠲᠥᠷᠥᠯ ᠤᠨ ᠪᠦᠲᠦᠭᠡᠭᠳᠡᠬᠦᠨ ᠳᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠶᠢ | ᠪᠤᠶᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ | ᠦᠢᠯᠡᠰ ᠤᠨ ᠲᠠᠩ ᠭᠠᠭᠴᠠ ᠵᠦᠢᠯ ᠳᠤ ᠮᠠᠩᠯᠠᠶᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ | ᠠᠬᠤᠶᠢᠯᠠᠯ ᠢ 100 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ᠦᠢᠯᠡᠳᠬᠦ ᠦᠢᠯᠡᠰ ᠤᠨ ᠲᠠᠩ | ᠭᠠᠭᠴᠠ ᠵᠦᠢᠯ ᠳᠤ ᠮᠠᠩᠯᠠᠶᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 200 ᠲᠦᠮᠡᠨ | ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 44. ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ | ᠨᠡᠭᠦᠷᠡᠰᠦᠨ ᠬᠡᠢ ᠪᠠᠷ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠬᠦ ᠶᠢ ᠳᠡᠮᠵᠢᠵᠦ᠂ | ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ ᠠᠰᠢᠭᠯᠠᠬᠤ᠂ ᠪᠢᠲᠡᠭᠦᠮᠵᠢᠯᠡᠨ ᠬᠠᠳᠠᠭᠠᠯᠠᠬᠤ ᠲᠠᠯ᠎ᠠ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠢ ᠳᠡᠮᠵᠢᠨ᠎ᠡ᠃ ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ | ᠨᠡᠭᠦᠷᠡᠰᠦᠨ ᠬᠡᠢ ᠳᠠᠬᠢ ᠠᠰᠢᠭᠲᠤ ᠬᠡᠢ ᠪᠡᠶᠡᠲᠦ ᠶᠢᠨ ᠪᠦᠷᠢᠯᠳᠦᠭᠦᠨ ᠢ ᠵᠦᠢ ᠵᠣᠬᠢᠰᠲᠠᠢ ᠠᠰᠢᠭᠯᠠᠨ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ ᠳᠤ ᠬᠦᠷᠦᠭᠰᠡᠨ ᠵᠡᠷᠭᠡ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠠᠵᠤ ᠦᠢᠯᠡᠰᠵᠢᠭᠦᠯᠬᠦ ᠲᠥᠷᠥᠯ ᠵᠦᠢᠯ ᠳᠤ᠂ ᠪᠣᠷᠤᠯᠠᠭᠤᠯᠭ᠎ᠠ ᠶᠢᠨ ᠣᠷᠣᠯᠭ᠎ᠠ ᠲᠠᠢ | ᠪᠣᠯᠤᠭᠰᠠᠨ ᠵᠢᠯ ᠠᠴᠠ ᠡᠬᠢᠯᠡᠨ᠂ 5 ᠵᠢᠯ ᠤᠨ ᠳᠣᠲᠣᠷ᠎ᠠ ᠪᠣᠷᠤᠯᠠᠭᠤᠯᠭ᠎ᠠ ᠶᠢᠨ ᠣᠷᠣᠯᠭ᠎ᠠ ᠶᠢᠨ 5% ᠪᠠᠷ ᠱᠠᠩᠨᠠᠯ | ᠨᠥᠬᠦᠪᠦᠷᠢ ᠣᠯᠭᠤᠵᠤ᠂ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ | ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 45. ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭᠠᠷᠠᠭᠤᠯᠬᠤ ᠳᠦᠷᠢᠮ | ᠵᠡᠷᠭᠡ ᠠᠷᠭ᠎ᠠ ᠮᠠᠶ᠋ᠢᠭ ᠢ ᠠᠪᠴᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠠᠢ ᠬᠤᠯᠪᠤᠭᠠᠯᠠᠨ ᠮᠡᠷᠭᠡᠵᠢᠯ ᠤᠨ ᠲᠠᠯ᠎ᠠ ᠪᠠᠷ | ᠰᠢᠪᠲᠤᠯᠤᠯᠲᠠ ᠭᠠᠷᠭᠠᠬᠤ ᠶᠢ ᠳᠡᠮᠵᠢᠨ᠎ᠡ᠃ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠠᠷᠭᠤᠨ ᠬᠡᠢ ᠶᠢ ᠣᠷᠣᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ | ᠲᠣᠭᠲᠠᠮᠠᠯ ᠭᠦᠶᠦᠳᠡᠯᠲᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠶᠢ ᠬᠡᠷᠡᠭᠯᠡᠭᠰᠡᠨ | ᠲᠡᠮᠦᠷ ᠤᠨ ᠬᠠᠶᠢᠯᠤᠰᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠳᠤ ᠦᠢᠯᠡᠳᠪᠦᠷᠢᠯᠡᠬᠦ | ᠴᠢᠳᠠᠪᠤᠷᠢ ᠶᠢ ᠰᠣᠯᠢᠬᠤ ᠦᠭᠡᠢ ᠪᠠᠶᠢᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 46. ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢᠨ ᠭᠠᠷᠴᠠᠭ︾ ᠢ ᠳᠡᠮᠵᠢᠬᠦ ᠲᠥᠯᠥᠪᠯᠡᠭᠡ ᠳᠤ ᠣᠷᠣᠭᠤᠯᠤᠨ᠎ᠠ᠃ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠶᠢᠨ | ᠵᠢᠯᠤᠭᠤᠳᠬᠤ ᠭᠠᠷᠴᠠᠭ︾ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠦᠭᠰᠡᠨ ᠲᠥᠷᠥᠯ | ᠵᠦᠢᠯ ᠳᠤ᠂ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠯᠡ | ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ | ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 47. ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠪᠠ ︽ᠵᠢᠵᠢᠭ ᠠᠪᠤᠷᠭᠤ︾ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 | ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 48. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ ᠮᠠᠭᠠᠳᠯᠠᠭᠳᠠᠨ | ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 30 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭᠠᠳᠯᠠᠭᠳᠠᠨ | ᠲᠣᠭᠲᠠᠭᠠᠭᠳᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠳᠤ 300 | ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠤᠨ | ᠳᠡᠮᠵᠢᠯᠭᠡ ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠨᠴᠠ ᠲᠣᠮᠢᠯᠠᠭᠳᠠᠭᠰᠠᠳ᠂ ᠮᠡᠷᠭᠡᠵᠢᠯ ᠤᠨ ᠵᠠᠭᠤᠴᠢᠯᠠᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠨᠣᠴᠠᠲᠠᠢ ᠦᠢᠯᠡᠴᠢᠯᠡᠭᠡ | ᠬᠠᠩᠭᠠᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 49. ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ | ᠦᠢᠯᠡᠳᠬᠦ ᠦᠢᠯᠡᠰ ᠤᠨ ᠳᠠᠩ ᠭᠠᠭᠴᠠ ᠵᠦᠢᠯ ᠳᠤ ᠰᠢᠯᠭᠠᠷᠠᠭᠰᠠᠨ ᠮᠠᠩᠯᠠᠢ ᠠᠵᠤ ᠠᠬᠤᠶᠢᠯᠠᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠨᠢ ᠳᠡᠮᠵᠢᠵᠦ᠂ ᠮᠡᠷᠭᠡᠵᠢᠯ ᠳᠤ | ᠰᠢᠨ᠎ᠡ ᠶᠢ ᠡᠭᠦᠳᠬᠦ᠂ ᠲᠤᠰᠬᠠᠢ ᠠᠰᠢᠭ ᠤᠨ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ | ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ᠂ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠳᠡᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢᠨ | ᠴᠢᠬᠤᠯᠠ ᠯᠠᠪᠯᠠᠯᠲᠠ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ︶ | 50. ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ | ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠳᠤ ᠲᠣᠰ ᠲᠣᠰ 300 ᠲᠦᠮᠡᠨ ᠲᠥᠭᠦᠷᠢᠭ᠂ | 500 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠱᠠᠩᠨᠠᠯ ᠨᠥᠬᠦᠪᠦᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠭᠤᠷᠪᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠢ | ᠠᠬᠢᠭᠤᠯᠤᠨ᠎ᠠ | ︵ᠨᠢᠭᠡ︶ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠤᠶᠢᠵᠢᠭᠤᠯᠤᠨ᠎ᠠ᠃ | 51. ᠮᠡᠷᠭᠡᠵᠢᠯ ᠤᠨ ᠵᠠᠭᠤᠴᠢᠯᠠᠬᠤ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠪᠠᠨ ᠲᠦᠷᠭᠡᠳᠬᠡᠬᠦ ᠶᠢ | ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭᠠᠬᠢ ᠤᠯᠤᠰ ᠤᠨ ᠲᠠᠰ ᠤᠨ ᠮᠡᠷᠭᠡᠵᠢᠯ ᠤᠨ ᠰᠢᠯᠵᠢᠯᠲᠡ ᠶᠢᠨ | ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ | ᠳᠠᠷᠠᠭᠠᠬᠢ ᠨᠥᠬᠦᠪᠦᠷᠢ ᠶᠢᠨ ᠳᠡᠮᠵᠢᠯᠭᠡ ᠣᠯᠭᠤᠵᠤ᠂ ᠮᠡᠷᠭᠡᠵᠢᠯ ᠤᠨ ᠵᠠᠭᠤᠴᠢᠯᠠᠭᠴᠢ ︵ᠳᠠᠭᠠᠭᠠᠮᠠᠯ︶ ᠶᠢᠨ ᠣᠨ ᠤ | ᠳᠣᠲᠣᠷᠠᠬᠢ ᠮᠡᠷᠭᠡᠵᠢᠯ ᠤᠨ ᠰᠢᠯᠵᠢᠯᠲᠡ ᠤᠯᠠᠷᠢᠭᠤᠯᠤᠯᠲᠠ ᠶᠢ ᠠᠬᠢᠭᠤᠯᠤᠨ ᠠᠷᠠᠯᠵᠢᠶᠠᠯᠠᠭᠰᠠᠨ ᠵᠣᠭᠤᠰᠤᠨ ᠲᠤᠭ᠎ᠠ ᠨᠢ | ᠨᠡᠶᠢᠲᠡ 100 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠪᠣᠳᠠᠲᠠᠢ | ᠠᠷᠠᠯᠵᠢᠶᠠᠯᠠᠭᠰᠠᠨ ᠲᠣᠭᠠᠨ ᠤ 2% ᠢᠶᠠᠷ ᠬᠠᠮᠤᠭ ᠤᠨ ᠢᠯᠡᠭᠦᠦ ᠳᠤ ᠪᠠᠨ 20 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 52. ᠠᠩᠬᠠᠨ ᠤ ᠬᠡᠪᠯᠡᠯ ᠤᠨ ᠳ᠋ᠤᠭᠠᠷ ᠤᠨ ᠰᠣᠹᠲ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠣᠯᠬᠤ ᠪᠤᠶᠤ | ᠦᠨᠡᠮᠯᠡᠯ ᠭᠠᠷᠳᠠᠬᠤ ᠪᠠᠷ ᠲᠣᠭᠲᠠᠭᠰᠠᠨ ᠬᠤᠭᠤᠴᠠᠭᠠᠨ ᠳᠤ ᠭᠤᠶᠤᠴᠢᠯᠠᠬᠤ ᠬᠦᠷᠲᠡᠯᠡᠬᠢ ᠪᠣᠳᠠᠲᠠᠢ ᠪᠣᠷᠣᠯᠠᠭᠤᠯᠤᠭᠰᠠᠨ | ᠶᠡᠷᠦᠩᠬᠡᠢ ᠲᠣᠭᠠᠨ ᠤ 20% ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠤᠨ ᠨᠥᠬᠦᠪᠦᠷᠢ | ᠮᠥᠩᠭᠦ ᠶᠢᠨ ᠲᠤᠭ᠎ᠠ ᠶᠢ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ ᠰᠣᠹᠲ ︵ᠠᠵᠤ | ᠦᠢᠯᠡᠳᠪᠦᠷᠢ ᠶᠢᠨ APP︶ ᠳᠤ ᠲᠣᠰ ᠦᠢᠯᠡᠳᠬᠦᠨ ᠢ ᠰᠤᠳᠤᠯᠤᠨ ᠨᠡᠭᠡᠭᠡᠬᠦ ᠳᠤ ᠪᠣᠳᠠᠲᠠᠢ ᠣᠷᠣᠭᠤᠯᠤᠭᠰᠠᠨ | ᠵᠣᠭᠤᠰᠤᠨ ᠲᠤᠭ᠎ᠠ ᠶᠢᠨ 20% ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠳᠤ ᠬᠠᠮᠤᠭ ᠤᠨ | ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | 53. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠡᠯ᠎ᠡ ᠠᠶᠢᠮᠠᠭ ᠬᠤᠲᠠ ᠶᠢᠨ ᠬᠢᠨ ᠤ ︽ | ᠵᠢᠵᠢᠭ ᠪᠥᠭᠡᠳ ᠭᠤᠶᠢᠳᠠ ᠰᠠᠶᠢᠬᠠᠨ︾ ᠰᠦᠯᠵᠢᠶᠡᠨ ᠤ ᠨᠠᠷᠠᠲᠤ ᠲᠡᠮᠳᠡᠭ ᠪᠤᠶᠢᠵᠢᠭᠤᠯᠬᠤ ᠶᠢ ᠨᠢ ᠳᠡᠮᠵᠢᠵᠦ᠂ | ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠭᠥᠷᠳᠡᠬᠦ ᠡᠭᠦᠯᠡᠨ ᠬᠥᠮᠥᠷᠭᠡ ᠶᠢ ᠬᠥᠭᠵᠢᠭᠦᠯᠦᠨ᠂ | ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠳ᠋ᠷᠣᠨᠴᠢᠯᠠᠨ ᠥᠭᠡᠷᠡᠴᠢᠯᠡᠨ ᠰᠢᠨᠡᠳᠬᠡᠬᠦ | ᠠᠵᠢᠯ ᠢ ᠥᠷᠨᠢᠭᠦᠯᠵᠦ᠂ ᠰᠦᠯᠵᠢᠶᠡᠨ ᠳᠡᠭᠡᠷᠡᠬᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠦᠨ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠣᠷᠣᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠬᠤᠶᠠᠷ︶ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | 54. ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠶᠢᠨ ᠴᠡᠭ ᠤᠨ | ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠨ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂ ᠡᠷᠢᠶᠡᠨ ᠬᠤᠲᠠ ᠶᠢᠨ | ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠥᠷᠨᠢᠭᠦᠯᠬᠦ ᠶᠢ ᠨᠢ ᠦᠷᠭᠦᠯᠵᠢᠯᠡᠨ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 55. ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠᠷᠠᠭᠠᠨ ᠤ ᠲᠡᠭᠡᠭᠡᠪᠦᠷᠢ ᠰᠢᠤᠳᠠᠨ ᠤ | ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ 300 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ | ᠰᠢᠶᠠᠨ ᠳᠤ 200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠲᠠᠷᠢᠶᠠᠯᠠᠬᠤ | ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 20 ᠲᠦᠮᠡᠨ | ᠲᠥᠭᠦᠷᠢᠭ ᠣᠯᠭᠤᠵᠤ᠂ ᠡᠵᠡᠩᠨᠡᠯᠲᠡ ᠳᠤ ᠣᠷᠣᠭᠤᠯᠤᠭᠰᠠᠨ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 3 ᠲᠦᠮᠡᠨ ᠲᠥᠭᠦᠷᠢᠭ ᠣᠯᠭᠤᠵᠤ᠂ | ᠲᠠᠷᠢᠶᠠᠴᠢᠨ ᠮᠠᠯᠴᠢᠳ ᠤᠨ ᠶᠠᠪᠤᠵᠤ ᠰᠠᠭᠤᠬᠤ ᠬᠡᠷᠡᠭᠯᠡᠭᠡᠨ ᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 56. ᠰᠢᠨ᠎ᠡ ᠪᠠᠷ ᠨᠡᠷᠡᠶᠢᠳᠦᠭᠰᠡᠨ ᠪᠥᠬᠦ ᠤᠯᠤᠰ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ︾ | ᠤᠨ ᠵᠢᠱᠢᠶ᠎ᠡ ᠦᠵᠡᠭᠦᠯᠬᠦ ᠰᠢᠶᠠᠨ ᠳᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠤᠷᠮᠠᠰᠢᠭᠤᠯᠬᠤ | ᠪᠡᠯᠡ ᠮᠥᠩᠭᠦ ᠣᠯᠭᠤᠨ᠎ᠠ︔ ᠰᠢᠨ᠎ᠡ ᠪᠠᠷ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠳᠡᠭᠡ | ᠲᠣᠰᠬᠤᠨ ᠤ ᠳᠥᠷᠪᠡᠨ ᠰᠠᠶᠢᠲᠠᠢ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠨᠢᠭᠡ ᠯᠡ ᠤᠳᠠᠭ᠎ᠠ ᠳᠤ | 500 ᠲᠦᠮᠡᠨ ᠲᠥᠭᠦᠷᠢᠭ ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠶᠢ | ᠭᠤᠣᠯᠳᠠᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠯᠲᠠ ᠳᠤ | ᠬᠡᠷᠡᠭᠯᠡᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︺ | 57. ᠨᠡᠮᠡᠭᠦᠷᠢ ᠥᠭᠭᠦᠭᠰᠡᠨ ᠤ ᠳᠠᠷᠠᠭ᠎ᠠ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠣᠯᠵᠤ | ᠠᠯᠳᠠᠬᠤ ᠶᠢ ᠶᠡᠷᠦᠩᠬᠡᠢ ᠳᠤ ᠪᠠᠨ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠵᠦ | ᠪᠣᠯᠬᠤᠶᠢᠴᠠ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠲᠦᠷᠭᠡᠨ ᠬᠦᠷᠭᠡᠯᠲᠡ ᠶᠢᠨ ᠬᠦᠷᠭᠡᠭᠰᠡᠨ ᠰᠢᠤᠳᠠᠨ | ᠵᠦᠢᠯ ᠤᠨ ᠬᠡᠮᠵᠢᠶ᠎ᠡ᠂ ᠭᠠᠭᠴᠠ ᠵᠦᠢᠯ ᠤᠨ ᠥᠪᠡᠷ ᠤᠨ ᠥᠷᠲᠡᠭ᠂ ᠬᠦᠷᠭᠡᠬᠦ ᠵᠠᠢ ᠪᠠ ᠦᠢᠯᠡᠴᠢᠯᠡᠬᠦ ᠣᠷᠣᠨ ᠪᠦᠰᠡ | ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ | ᠠᠵᠢᠯ ᠤᠨ ᠪᠣᠳᠠᠲᠠᠢ ᠬᠠᠩᠭᠠᠭᠰᠠᠨ ᠦᠢᠯᠡᠴᠢᠯᠡᠭᠡ ᠳᠤ᠂ ᠰᠢᠤᠳᠠᠨ ᠵᠦᠢᠯ ᠪᠦᠷᠢ ᠳᠤ 0.3 ᠲᠥᠭᠦᠷᠢᠭ ᠠᠴᠠ ᠥᠯᠥ | ᠳᠠᠪᠠᠭᠤᠯᠬᠤ ᠪᠠᠷᠢᠮᠵᠢᠶ᠎ᠠ ᠶᠣᠰᠣᠭᠠᠷ᠂ ᠡᠯ᠎ᠡ ᠠᠶᠢᠮᠠᠭ ᠬᠤᠲᠠ ᠠᠴᠠ ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 58. ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠱᠠᠭᠠᠷᠳᠠᠯᠭ᠎ᠠ ᠲᠠᠢ ᠤᠶᠠᠯᠳᠤᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠪᠠᠭᠤᠷᠠᠢ᠂ | ᠰᠤᠮᠤ ᠰᠢᠶᠠᠩ ᠪᠠᠯᠭᠠᠰᠤ ᠠᠴᠠ ᠨᠡᠯᠢᠶᠡᠳ ᠬᠤᠯᠠ ᠵᠠᠶᠢᠳᠠᠭᠤ ᠪᠥᠭᠡᠳ ᠪᠤᠶᠢᠲᠠ ᠪᠥᠭᠯᠡᠭᠦᠦ᠂ ︽ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ︾ ᠳᠤ ᠨᠡᠯᠢᠶᠡᠳ ᠬᠦᠴᠢᠷᠲᠡᠢ ᠪᠠᠶᠢᠭ᠎ᠠ ᠶᠠᠳᠠᠭᠤ ᠠᠴᠠ ᠠᠩᠭᠢᠵᠢᠷᠠᠭᠰᠠᠨ | ᠲᠣᠰᠬᠤᠨ ᠪᠠ ᠢᠯᠡᠭᠡᠨ ᠶᠠᠪᠤᠭᠤᠯᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠣᠯᠪᠠᠴᠤ ᠦᠢᠯᠡᠴᠢᠯᠡᠭᠡᠨ ᠤ | ᠴᠡᠭ ᠲᠣᠬᠢᠷᠠᠭᠤᠯᠤᠭᠠᠳᠤᠢ ᠪᠠᠶᠢᠭᠤᠯᠤᠯᠲᠤ ᠲᠣᠰᠬᠤᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ ᠪᠠ ᠬᠠᠮᠢᠶᠠᠷᠬᠤ ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰᠬᠤᠨ ᠤ ᠳᠡᠰ ᠤᠨ | ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠨᠥᠬᠦᠪᠦᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ | 500 ᠲᠥᠭᠦᠷᠢᠭ ᠪᠠᠶᠢᠵᠤ᠂ 2025 ᠣᠨ ᠪᠣᠯᠲᠠᠯ᠎ᠠ ᠨᠥᠬᠦᠪᠦᠷᠢᠯᠡᠨ᠎ᠡ᠃ ︹ ᠬᠠᠷᠢᠭᠤᠴᠠᠯᠭᠠᠲᠤ ᠨᠢᠭᠡᠴᠢ᠄ | ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ︺ | 59. ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ | ᠢᠨᠵᠧᠨᠧᠷᠢᠩ ᠳᠤ ᠵᠢᠭᠰᠠᠭᠠᠭᠳᠠᠭᠰᠠᠨ ᠪᠥᠭᠡᠳ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠲᠥᠷᠥᠯ ᠵᠦᠢᠯ | ᠪᠦᠷᠢ ᠳᠤ 1000 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ︶ | 60. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠦᠷᠭᠡᠨ ᠤ ᠵᠠᠰᠠᠮᠠᠯ ᠵᠠᠮ ᠤᠨ ETC ᠢᠶᠠᠷ ᠥᠩᠭᠡᠷᠡᠬᠦ | ᠠᠶᠠᠨᠴᠢᠳ ᠤᠨ ᠪᠠ ᠪᠠᠷᠠᠭᠠᠨ ᠤ ᠲᠡᠷᠭᠡ ᠳᠤ ᠦᠷᠭᠦᠯᠵᠢᠯᠡᠨ 5% ᠶᠢᠨ ᠵᠠᠮ ᠤᠨ ᠰᠦᠢᠳᠬᠡᠯ ᠤᠨ ᠬᠢᠮᠳᠠᠷᠠᠯ ᠤᠨ | ᠬᠠᠷᠠᠭᠠᠯᠵᠠᠯ ᠦᠵᠡᠭᠦᠯᠬᠦ ᠪᠥᠭᠡᠳ ᠣᠷᠳᠣ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠲᠦᠷᠭᠡᠨ ᠤ ᠵᠠᠰᠠᠮᠠᠯ ᠵᠠᠮ ᠤᠨ | ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠭᠡᠨ ᠤ ᠵᠠᠰᠠᠮᠠᠯ | ᠵᠠᠮ ᠤᠨ ᠥᠷᠢ ᠲᠥᠯᠥᠬᠦ ᠴᠢᠳᠠᠪᠤᠷᠢ ᠶᠢ ᠨᠢ ᠪᠠᠭᠤᠷᠠᠭᠤᠯᠬᠤ ᠦᠭᠡᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ | ᠣᠨᠴᠠᠯᠢᠭ ᠲᠤ ᠨᠢ ᠲᠣᠬᠢᠷᠠᠭᠰᠠᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠵᠠᠭᠪᠤᠷ ᠪᠠ ᠲᠥᠬᠦᠷ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ ᠤ ᠵᠠᠰᠠᠮᠠᠯ ᠵᠠᠮ ᠢᠶᠠᠷ ᠶᠠᠪᠤᠵᠤ | ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ | ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ | ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠭᠤᠷᠪᠠ︶ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ | ᠪᠤᠵᠠᠭᠠᠶᠢᠷᠠᠭᠤᠯᠤᠨ᠎ᠠ᠃ | 61. ᠠᠶᠢᠮᠠᠭ ᠬᠤᠲᠠ ᠶᠢᠨ ᠬᠢᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ | ᠲᠤᠯᠭᠠᠨ ᠬᠡᠷᠡᠭᠯᠡᠬᠦ ᠲᠡᠮᠳᠡᠭᠲᠦ ᠣᠯᠭᠤᠬᠤ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 62. ᠵᠢᠭᠤᠯᠴᠢᠯᠠᠯ ᠤᠨ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠵᠢᠭᠤᠯᠴᠢᠯᠠᠯ | ᠰᠡᠯᠡᠭᠦᠴᠡᠯ ᠤᠨ ᠬᠤᠲᠠ᠂ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ︽ | ᠳᠥᠷᠪᠡᠨ ᠭᠠᠵᠠᠷ︾ ᠤᠨ ᠭᠤᠣᠯᠳᠠᠯᠭ᠎ᠠ ᠲᠠᠢ ᠲᠥᠷᠥᠯ ᠵᠦᠢᠯ᠂ ᠬᠥᠳᠡᠭᠡ ᠲᠣᠰᠬᠤᠨ ᠤ ᠵᠢᠭᠤᠯᠴᠢᠯᠠᠯ᠂ | ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠳᠤ ᠳᠡᠮᠵᠢᠯᠭᠡ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 63. ᠰᠣᠶᠣᠯ ᠤᠨ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ | ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ︽ᠲᠠᠯ᠎ᠠ ᠨᠤᠲᠤᠭ ᠲᠠᠢ ᠪᠠᠨ ᠪᠢ ᠪᠣᠯᠵᠤᠭ᠎ᠠ ᠲᠠᠢ︾ ᠰᠣᠶᠣᠯ ᠤᠨ | ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ᠂ ᠰᠣᠶᠣᠯ ᠤᠨ ᠵᠢᠭᠤᠯᠴᠢᠯᠠᠯ ᠤᠨ ᠲᠠᠸᠠᠷ ᠢ ᠨᠡᠭᠡᠭᠡᠨ | ᠬᠥᠭᠵᠢᠭᠦᠯᠬᠦ᠂ ᠵᠢᠭᠤᠯᠴᠢᠯᠠᠯ ᠤᠨ ᠲᠠᠯᠠᠪᠠᠶ ᠳᠠᠬᠢ ᠤᠷᠠᠨ ᠲᠣᠭᠯᠠᠯᠲᠠ᠂ ᠰᠣᠶᠣᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠳᠡᠮᠵᠢᠵᠦ᠂ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 64. ᠵᠢᠭᠤᠯᠴᠢᠨ ᠳᠤ ᠦᠢᠯᠡᠴᠢᠯᠡᠬᠦ ᠭᠠᠵᠠᠷ ᠨᠢ ᠣᠷᠣᠨ ᠤ ᠭᠠᠳᠠᠨᠠᠬᠢ ᠵᠤᠭᠠᠴᠠᠭᠰᠠᠳ ᠢ ᠲᠠᠲᠠᠵᠤ ᠠᠪᠴᠢᠷᠠᠪᠠᠯ | ᠬᠥᠬᠢᠭᠦᠯᠦᠨ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 65. ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ | ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠦᠨ᠂ | ᠮᠠᠭᠠᠳᠯᠠᠭᠳᠠᠨ ᠲᠣᠭᠲᠠᠭᠠᠭᠳᠠᠭᠰᠠᠨ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠲᠤ ᠪᠡᠯᠡ ᠮᠥᠩᠭᠦ ᠶᠢᠨ | ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ︶ | 66. ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠢ | ᠦᠷᠭᠦᠯᠵᠢᠯᠡᠨ ᠬᠡᠷᠡᠭᠵᠢᠭᠦᠯᠵᠦ᠂ ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠦᠷᠢᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠬᠡᠷᠡᠭᠯᠡᠭᠡᠨ ᠤ ᠠᠷᠭ᠎ᠠ ᠵᠠᠮ ᠢ ᠰᠠᠶᠢᠵᠢᠷᠠᠭᠤᠯᠤᠨ ᠰᠢᠯᠢᠳᠡᠭᠵᠢᠭᠦᠯᠵᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠤᠭᠳᠠᠨ ᠮᠡᠳᠡᠷᠡᠭᠳᠡᠬᠦ ᠬᠥᠳᠡᠯᠭᠡᠭᠴᠢ | ᠬᠦᠴᠦᠨ ᠢ ᠨᠡᠮᠡᠭᠳᠡᠭᠦᠯᠦᠨ᠂ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ︶ | 67. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ | ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ | ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ | ᠨᠡᠮᠡᠷᠢᠯᠡᠬᠦ ᠪᠠ ᠠᠵᠤ ᠦᠢᠯᠡᠰ ᠤᠨ ᠲᠣᠭᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠲᠠᠯ᠎ᠠ ᠳᠤ ᠦᠵᠡᠭᠦᠯᠬᠦ ᠬᠢᠯᠢ | ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠠᠳᠠᠭᠠᠳᠤ | ᠠᠷᠠᠯᠵᠢᠶ᠎ᠠ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 68. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ | ᠬᠡᠷᠡᠭᠯᠡᠵᠦ᠂ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ | ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠰᠢᠶᠠᠨ ᠤ | ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ | ᠵᠢᠱᠢᠶ᠎ᠡ ᠦᠵᠡᠭᠦᠯᠬᠦ ᠭᠠᠵᠠᠷ ᠣᠷᠣᠨ ᠳᠤ ᠳᠡᠮᠵᠢᠯᠭᠡ ᠦᠵᠡᠭᠦᠯᠵᠦ᠂ ᠵᠠᠯᠭᠠᠭ᠎ᠠ ᠪᠠᠷ ᠰᠢᠯᠢᠳᠡᠭ ᠢ ᠨᠢ ᠰᠣᠩᠭᠤᠬᠤ ᠪᠠᠷ | ᠳᠠᠮᠵᠢᠭᠤᠯᠤᠨ ᠨᠢᠭᠡ ᠪᠦᠯᠦᠭ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ | ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠳᠡᠮᠵᠢᠨ ᠲᠡᠳᠬᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 69. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ | ᠬᠡᠷᠡᠭᠯᠡᠵᠦ᠂ ᠭᠠᠳᠠᠭᠠᠳᠤ ᠬᠥᠮᠥᠷᠭᠡ ᠪᠤᠶᠢᠵᠢᠭᠤᠯᠬᠤ ᠠᠵᠢᠯ ᠢ ᠥᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ | ᠪᠤᠶᠢᠵᠢᠭᠤᠯᠤᠨ᠂ ᠨᠢᠭᠡ ᠵᠢᠯ ᠲᠡᠳᠬᠦᠬᠦ ᠪᠠᠷ ᠳᠡᠮᠵᠢᠨ᠂ ᠭᠤᠣᠯᠳᠠᠭᠤ RCEP ᠤᠨ ᠪᠦᠷᠢᠯᠳᠦᠭᠦᠨ ᠤᠯᠤᠰ᠂ ︽ | ᠨᠢᠭᠡ ᠪᠦᠰᠡ ᠨᠢᠭᠡ ᠵᠠᠮ︾ ᠳᠠᠭᠠᠤ ᠶᠢᠨ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠨᠢᠭᠡ ᠪᠦᠯᠦᠭ ᠣᠯᠠᠨ | ᠨᠡᠶᠢᠲᠡ ᠶᠢᠨ ᠭᠠᠳᠠᠭᠠᠳᠤ ᠬᠥᠮᠥᠷᠭᠡ ᠶᠢ ᠪᠦᠲᠦᠭᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠵᠢᠯᠯᠠᠭᠠᠨ ᠤ | ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠵᠠᠮ ᠬᠠᠷᠢᠯᠴᠠᠭᠠᠨ ᠤ ᠪᠠᠭᠠᠵᠢ 3 ᠵᠦᠢᠯ ᠤᠨ ᠠᠵᠢᠯᠯᠠᠭᠠᠨ ᠤ | ᠭᠦᠢᠴᠡᠳᠬᠡᠯ ᠲᠤᠭ᠎ᠠ ᠳᠤ ᠵᠦᠢ ᠵᠣᠬᠢᠰᠲᠠᠢ ᠬᠤᠪᠢ ᠶᠢᠨ ᠵᠢᠩ ᠤᠨ ᠬᠠᠷᠢᠴᠠᠯ ᠢᠶᠠᠷ ᠨᠡᠮᠡᠭᠦᠷᠢ ᠣᠯᠭᠤᠨ ᠳᠡᠮᠵᠢᠯᠭᠡ | ᠦᠵᠡᠭᠦᠯᠵᠦ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | 70. 50 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠡᠯᠡ ᠮᠥᠩᠭᠦ ᠶᠢ ᠲᠣᠬᠢᠷᠠᠭᠤᠯᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠪᠠ ᠰᠠᠭᠠᠲᠠᠭᠤᠯᠤᠨ ᠬᠥᠮᠥᠵᠢᠭᠦᠯᠬᠦ | ᠠᠰᠠᠭᠤᠳᠠᠯ ᠢ ᠠᠷᠭᠠᠴᠠᠭᠠᠬᠤ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠵᠢᠴᠢ ᠨᠡᠶᠢᠭᠡᠮ ᠤᠨ | ᠦᠢᠯᠡᠴᠢᠯᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠢᠨᠵᠧᠨᠧᠷᠢᠩ ᠤᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ︶ | 71. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ | ᠬᠤᠯᠪᠤᠭᠠᠯᠠᠨ ᠬᠥᠳᠡᠯᠦᠯᠴᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠪᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠨᠡᠶᠢᠭᠡᠮ ᠤᠨ | ᠬᠦᠴᠦᠨ ᠤ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠨᠢ ᠳᠡᠮᠵᠢᠵᠦ | ᠂ ᠤᠯᠤᠰ ᠤᠨ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ | ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠢ ᠠᠵᠢᠯᠯᠠᠭᠠᠨ ᠳᠤ ᠵᠢᠭᠰᠠᠭᠠᠭᠳᠠᠭᠰᠠᠨ ᠲᠥᠷᠥᠯ ᠵᠦᠢᠯ ᠳᠠᠬᠢ᠂ | ᠭᠡᠷ ᠲᠤ ᠪᠠᠨ ᠰᠠᠭᠤᠵᠤ ᠠᠰᠠᠷᠠᠭᠤᠯᠬᠤ ᠨᠡᠶᠢᠭᠡᠮ ᠲᠣᠭᠤᠷᠢᠭ ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠬᠡᠯᠪᠡᠷᠢ ᠶᠢᠨ ᠪᠣᠯ ᠣᠷᠣ ᠪᠦᠷᠢ ᠳᠤ 2 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ | ᠵᠢᠭᠤᠯᠴᠢᠯᠠᠨ ᠰᠠᠭᠤᠬᠤ ᠬᠡᠯᠪᠡᠷᠢ ᠶᠢᠨ ᠪᠣᠯ ᠣᠷᠣ ᠪᠦᠷᠢ ᠳᠤ 1 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 72. ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠲᠤᠰᠬᠠᠢ ᠵᠦᠢᠯ ᠤᠨ | ᠢᠨᠵᠧᠨᠧᠷᠢᠩ ᠢ ᠥᠷᠨᠢᠭᠦᠯᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠬᠢ | ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ | ᠲᠦᠰᠢᠭᠯᠡᠨ ᠰᠢᠭᠢᠳᠬᠡᠯ ᠮᠠᠶ᠋ᠢᠭ ᠤᠨ᠂ ᠲᠠᠷᠬᠠᠯᠲᠠᠲᠤ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ | ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ | ᠡᠳᠦᠷ ᠢᠶᠠᠷ ᠨᠠᠶᠢᠳᠠᠨ ᠰᠠᠭᠠᠲᠠᠭᠤᠯᠬᠤ᠂ ᠴᠠᠭ ᠢᠶᠠᠷ ᠨᠠᠶᠢᠳᠠᠨ ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠲᠤ | ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡ ᠬᠠᠩᠭᠠᠨ᠎ᠠ᠃ ᠤᠯᠤᠰ ᠤᠨ ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ | ᠬᠥᠮᠥᠵᠢᠭᠦᠯᠬᠦ ᠲᠤᠰᠬᠠᠢ ᠵᠦᠢᠯ ᠳᠤ ᠵᠢᠭᠰᠠᠭᠠᠭᠳᠠᠭᠰᠠᠨ ᠲᠥᠷᠥᠯ ᠵᠦᠢᠯ ᠳᠤ᠂ ᠰᠠᠭᠠᠲᠠᠭᠤᠯᠤᠨ ᠬᠥᠮᠥᠵᠢᠭᠦᠯᠬᠦ | ᠣᠷᠣᠨ ᠲᠤᠭ᠎ᠠ ᠨᠢᠭᠡᠪᠦᠷᠢ ᠳᠤ ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠡᠯᠡ ᠮᠥᠩᠭᠦ ᠶᠢᠨ ᠨᠥᠬᠦᠪᠦᠷᠢ ᠣᠯᠭᠤᠨ᠎ᠠ︔ | ᠤᠯᠤᠰ ᠤᠨ ᠨᠡᠶᠢᠳᠡᠮ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠳᠤ ᠣᠷᠣᠭᠤᠯᠤᠭᠰᠠᠨ ᠭᠠᠵᠠᠷ ᠣᠷᠣᠨ ᠳᠤ ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 73. ᠭᠡᠷ ᠠᠬᠤᠢ ᠪᠠᠷ ᠬᠥᠳᠡᠭᠡ ᠲᠤᠰᠬᠤᠨ ᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠭᠡᠷ | ᠠᠬᠤᠢ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠶᠢ ᠦᠷᠭᠦᠯᠵᠢᠯᠡᠨ ᠥᠷᠨᠢᠭᠦᠯᠵᠦ᠂ ᠭᠡᠷ ᠠᠬᠤᠢ ᠶᠢᠨ ᠠᠵᠤ | ᠠᠬᠤᠶᠢᠯᠠᠯ ᠤᠨ ᠲᠤᠰᠠᠭᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠵᠡᠷᠭᠡ ᠠᠷᠭ᠎ᠠ | ᠮᠠᠶ᠋ᠢᠭ ᠢᠶᠠᠷ ᠨᠡᠶᠢᠭᠡᠮ ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠤᠨ ᠳᠡᠮᠵᠢᠨ᠎ᠡ᠃ ᠭᠡᠷ ᠠᠬᠤᠢ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢ ᠲᠠᠢ | ᠪᠠᠶᠢᠬᠤ ᠶᠢ ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ ᠭᠡᠷ ᠠᠬᠤᠢ ᠶᠢᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠤᠬᠠᠭᠤᠯᠤᠨ | ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 74. ᠲᠤᠬᠠᠢ ᠶᠢᠨ ᠵᠢᠯ ᠳᠤ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ ᠤᠯᠤᠰ ᠤᠨ ᠶᠠᠰᠤ | ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠰᠢᠨ᠎ᠡ ᠪᠠᠷ ᠣᠯᠣᠭᠰᠠᠨ ᠨᠢᠭᠡᠴᠢ ᠶᠢ ᠲᠣᠰ ᠲᠣᠰ 500 | ᠲᠦᠮᠡᠨ ᠲᠥᠭᠦᠷᠢᠭ᠂ 200 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠨ᠎ᠡ ᠪᠠᠷ ᠣᠯᠣᠭᠰᠠᠨ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠳᠤᠮᠳᠠᠳᠤ ᠶᠢᠨ | ᠬᠠᠭᠤᠴᠢᠨ ᠨᠠᠷᠠᠲᠤ ᠠᠵᠤ ᠠᠬᠤᠶᠢᠯᠠᠯ᠂ ᠥᠪᠥᠷ ᠮᠣᠩᠭᠤᠯ ᠤᠨ ᠬᠠᠭᠤᠴᠢᠨ ᠨᠠᠷᠠᠲᠤ ᠠᠵᠤ ᠠᠬᠤᠶᠢᠯᠠᠯ ᠤᠨ | ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ | ︵ᠨᠢᠭᠡ︶ ᠭᠠᠵᠠᠷ ᠰᠢᠷᠣᠢ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | 75. ᠤᠯᠤᠰ ᠢᠶᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ︽ᠭᠤᠷᠪᠠᠨ | ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠵᠤ᠂ | ᠡᠯ᠎ᠡ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠵᠢᠩᠬᠢᠨᠢ ᠪᠠᠷ | ᠵᠥᠪᠰᠢᠶᠡᠷᠡᠬᠦ ᠠᠴᠠ ᠡᠮᠦᠨᠡᠬᠢ ᠰᠢᠯᠵᠢᠯᠲᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠠᠴᠠ ᠨᠢᠭᠡᠨᠲᠡ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠪᠠᠲᠤᠯᠠᠭᠰᠠᠨ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠶᠡᠷᠦᠩᠬᠡᠢ ᠲᠥᠯᠦᠪᠵᠢᠭᠦᠯᠭᠡ ᠶᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠳᠠᠩᠰᠠ ᠡᠪᠬᠡᠮᠡᠯ ᠪᠠᠶᠢᠭᠤᠯᠵᠤ | ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭᠠᠵᠤ ᠪᠣᠯᠣᠨ᠎ᠠ᠃ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠨᠢ | ᠵᠥᠪᠰᠢᠶᠡᠷᠡᠭᠳᠡᠭᠰᠡᠨ ᠤ ᠳᠠᠷᠠᠭ᠎ᠠ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠤᠰᠤᠨ ᠠᠰᠢᠭᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ | 76. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠳᠤ ᠨᠡᠶᠢᠴᠡᠭᠦᠯᠦᠭᠰᠡᠨ | ᠤᠷᠢᠲᠠᠯ ᠳᠣᠣᠷ᠎ᠠ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠠᠰᠢᠭᠯᠠᠭᠠᠳᠤᠢ | ᠭᠠᠵᠠᠷ ᠰᠢᠷᠣᠢ ᠶᠢ ᠬᠡᠷᠡᠭᠯᠡᠬᠦ ᠶᠢ ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ | ᠰᠢᠷᠣᠢ ᠶᠢ ᠬᠡᠷᠡᠭᠯᠡᠬᠦ ᠳᠤ᠂ ᠭᠠᠵᠠᠷ ᠰᠢᠷᠣᠢ ᠶᠢ ᠡᠵᠡᠯᠡᠨ ᠳᠠᠷᠤᠬᠤ ᠦᠭᠡᠢ᠂ ᠭᠠᠵᠠᠷ ᠤᠨ ᠭᠠᠳᠠᠷᠭᠤ ᠶᠢᠨ ᠬᠡᠯᠪᠡᠷᠢ | ᠪᠠᠶᠢᠳᠠᠯ ᠢ ᠨᠢ ᠬᠤᠪᠢᠷᠠᠭᠤᠯᠬᠤ ᠦᠭᠡᠢ ᠪᠠᠶᠢᠪᠠᠯ᠂ ᠤᠤᠯ ᠭᠠᠵᠠᠷ ᠤᠨ ᠲᠥᠷᠥᠯ ᠢᠶᠠᠷ ᠮᠠᠭᠠᠳᠯᠠᠨ ᠲᠣᠭᠲᠠᠭᠠᠨ᠎ᠠ᠃ | ᠲᠥᠷᠥᠯ ᠵᠦᠢᠯ ᠤᠨ ᠥᠨᠢᠳᠡ ᠶᠢᠨ ᠴᠢᠨᠠᠷᠲᠠᠢ ᠪᠠᠷᠢᠯᠭ᠎ᠠ ᠳᠤ ᠬᠡᠷᠡᠭᠯᠡᠬᠦ ᠭᠠᠵᠠᠷ ᠤᠨ ᠬᠡᠰᠡᠭ ᠲᠤ ᠪᠣᠯ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ | ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶ | 77. ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠵᠠᠳᠠᠭᠠᠢ ᠠᠭᠤᠷᠬᠠᠢ ᠶᠢᠨ | ᠰᠢᠷᠣᠢ ᠴᠢᠯᠠᠭᠤ ᠣᠪᠣᠭᠠᠯᠠᠬᠤ ᠲᠠᠯᠠᠪᠠᠶ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ | ᠭᠠᠵᠠᠷ ᠰᠢᠷᠣᠢ ᠶᠢ ᠠᠰᠢᠭᠯᠠᠬᠤ ᠶᠢ ᠨᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ | ᠰᠠᠭᠤᠭᠠᠳ ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠣᠯ ᠬᠤᠪᠢᠷᠠᠭᠤᠯᠬᠤ | ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢᠷᠠᠭᠤᠯᠬᠤ ᠨᠥᠬᠦᠴᠡᠯ ᠳᠤ | ᠨᠡᠶᠢᠴᠡᠭᠰᠡᠨ ᠪᠠᠶᠢᠪᠠᠯ ᠣᠳᠣᠬᠢ ᠪᠠᠶᠢᠳᠠᠯ ᠤᠨ ᠪᠠᠶᠢᠴᠠᠭᠠᠯᠲᠠ ᠶᠢ ᠨᠢ ᠦᠨᠳᠦᠰᠦᠯᠡᠨ᠂ ᠤᠯᠤᠰ ᠲᠤ ᠮᠡᠳᠡᠭᠦᠯᠦᠨ | ᠬᠤᠪᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ︶ | ︵ᠬᠤᠶᠠᠷ︶ ᠤᠰᠤᠨ ᠤ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | 78. ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2024 ᠣᠨ ᠳᠤ ᠬᠠᠲᠤᠨ ᠭᠤᠣᠯ | ᠳᠠᠭᠠᠤ ᠶᠢᠨ ᠠᠶᠢᠮᠠᠭ ᠬᠤᠲᠠ ᠳᠤ ᠠᠵᠤ ᠦᠢᠯᠡᠳᠪᠦᠷᠢ ᠶᠢᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 5000 | ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠢᠳᠪᠦᠷᠢᠯᠡᠵᠦ ᠥᠭᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ︵ᠭᠤᠷᠪᠠ︶ ᠡᠨᠧᠷᠬᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠨᠢᠭᠡᠳᠦᠯᠲᠡᠢ | ᠲᠥᠯᠥᠪᠯᠡᠨ᠎ᠡ᠃ | 79. ᠰᠢᠨ᠎ᠡ ᠪᠠᠷ ᠨᠡᠮᠡᠭᠳᠡᠭᠰᠡᠨ ᠲᠦᠭᠦᠬᠡᠢ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ | ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠡᠵᠡᠮᠳᠡᠯ ᠳᠤ | ᠣᠷᠣᠭᠤᠯᠬᠤ ᠦᠭᠡᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠯᠠᠭᠤᠵᠢᠮᠠᠯ ᠤᠨ | ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠶᠢᠨ ᠬᠥᠳᠡᠯᠭᠡᠭᠴᠢ ᠬᠦᠴᠦᠨ ᠳᠤ ᠬᠡᠷᠡᠭᠯᠡᠬᠦ ᠡᠨᠧᠷᠭᠢ ᠪᠠ ᠲᠦᠭᠦᠬᠡᠢ | ᠮᠠᠲ᠋ᠧᠷᠢᠶᠠᠯ ᠳᠤ ᠬᠡᠷᠡᠭᠯᠡᠬᠦ ᠡᠨᠧᠷᠭᠢ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠵᠦᠷᠢᠶᠡᠴᠢᠯᠡᠭᠰᠡᠨ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠨᠥᠯᠥᠭᠡ ᠶᠢ ᠦᠨᠡᠯᠡᠨ ᠵᠢᠱᠢᠬᠦ ᠳᠤᠮᠳᠠ᠂ ᠲᠦᠷᠦᠯ ᠵᠦᠢᠯ ᠤᠨ ᠲᠦᠭᠦᠬᠡᠢ ᠡᠳ᠋ ᠲᠤ ᠬᠡᠷᠡᠭᠯᠡᠬᠦ ᠡᠨᠧᠷᠭᠢ ᠪᠠ | ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠬᠠᠷᠭᠤᠭᠤᠯᠤᠨ ᠬᠠᠰᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ︶ | | 80. ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠬᠡᠪ ᠳᠠᠭᠤᠷᠢᠶᠠᠯ ᠤᠨ ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢᠨ ᠤᠳᠤᠷᠢᠳᠤᠮᠵᠢ ᠶᠢ ᠲᠣᠪᠤᠶᠢᠯᠭᠠᠨ᠂ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠵᠤ | ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠶᠡᠭᠡ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ | ᠠᠷᠢᠯᠭᠠᠵᠤ᠂ ᠡᠨᠧᠷᠭᠢ ᠶᠢᠨ ᠬᠤᠷᠣᠭᠳᠠᠯ ᠤᠨ ᠬᠦᠴᠦᠨ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ | ᠬᠤᠷᠣᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠪᠠᠶᠢᠭ᠎ᠠ ᠲᠦᠷᠦᠯ ᠵᠦᠢᠯ ᠲᠡᠶᠢᠰᠢ ᠳᠦᠬᠦᠷᠵᠢᠭᠦᠯᠦᠨ | ᠲᠣᠬᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | 81. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ | ᠠᠰ ᠲᠤ ᠨᠢ ᠵᠢᠭᠰᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ | ᠲᠤᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ | 82. ᠪᠥᠬᠦ ᠣᠷᠣᠨ ᠤ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠳᠠᠬᠢ ᠰᠢᠨ᠎ᠡ ᠪᠠᠷ | ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 25% ᠳᠤ ᠬᠦᠷᠦᠭᠦᠯᠬᠦ ᠪᠠᠷ ᠴᠢᠷᠮᠠᠶᠢᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ︶ | ︵ᠳᠥᠷᠪᠡ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 83. ᠲᠤᠬᠠᠢ ᠶᠢᠨ ᠵᠢᠯ ᠳᠤ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠭᠤᠣᠯ ᠴᠣᠭᠴᠠ ᠶᠢ ᠳᠡᠮᠵᠢᠵᠦ ᠪᠠᠶᠢᠭᠠᠳ ᠪᠡᠯᠡ | ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠨᠢ ᠲᠣᠭᠲᠠᠭᠠᠭᠰᠠᠨ ᠨᠥᠬᠦᠴᠡᠯ ᠳᠤ | ᠬᠦᠷᠦᠭᠰᠡᠨ ᠪᠡᠯᠡ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ᠶᠢᠨ ᠺᠣᠮᠫᠠᠨᠢ ᠳᠤ᠂ ᠲᠤᠬᠠᠢ ᠶᠢᠨ ᠵᠢᠯ ᠳᠠᠬᠢ ᠵᠢᠵᠢᠭ | ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠨ︾ ᠤ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠶᠢᠨ ᠰᠢᠨ᠎ᠡ ᠪᠠᠷ | ᠨᠡᠮᠡᠭᠳᠡᠭᠰᠡᠨ ᠬᠠᠷᠢᠭᠤᠴᠠᠯᠭᠠᠲᠤ ᠵᠣᠭᠤᠰᠤᠨ ᠲᠤᠭ᠎ᠠ ᠶᠢᠨ 1% ᠪᠠᠷ ᠲᠦᠭᠰᠢᠭᠦᠷᠢ ᠶᠢᠨ ᠨᠥᠬᠦᠪᠦᠷᠢ ᠥᠭᠴᠦ᠂ | ᠭᠠᠭᠴᠠ ᠡᠷᠦᠬᠡ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠲᠤᠬᠠᠢ ᠶᠢᠨ ᠵᠢᠯ ᠳᠤ ᠬᠤᠷᠢᠶᠠᠭᠰᠠᠨ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ | ᠳᠠᠬᠢᠨ ᠪᠠᠲᠤᠯᠠᠨ ᠳᠠᠭᠠᠭᠠᠯᠲᠠ︶ ᠶᠢᠨ ᠰᠢᠨ᠎ᠡ ᠪᠠᠷ ᠨᠡᠮᠡᠭᠳᠡᠭᠰᠡᠨ ᠵᠠᠷᠤᠳᠠᠯ ᠤᠨ ᠨᠣᠷᠮ᠎ᠠ ᠨᠢ 1% ︵ᠪᠠᠭᠲᠠᠨ᠎ᠠ︶ | ᠠᠴᠠ ᠳᠣᠷᠣᠭᠰᠢ ᠪᠠᠶᠢᠪᠠᠯ᠂ ᠲᠤᠬᠠᠢ ᠶᠢᠨ ᠵᠢᠯ ᠤᠨ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠣᠷᠣᠯᠭ᠎ᠠ ︵ | ᠭᠠᠶᠢᠯᠢ ᠶᠢᠨ ᠮᠥᠩᠭᠦ ᠪᠠᠭᠲᠠᠬᠤ ᠦᠭᠡᠢ︶ ᠶᠢᠨ 10% ᠪᠠᠷ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠨᠥᠬᠦᠪᠦᠷᠢ | ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶ ︺ | 84. ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠲᠣᠬᠢᠷᠠᠭᠤᠯᠭ᠎ᠠ ᠶᠢ | ᠳᠡᠮᠵᠢᠵᠦ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠠᠮᠤᠭ ᠤᠨ ᠥᠨᠳᠥᠷ ᠲᠤ ᠪᠠᠨ 8% ᠠᠴᠠ ᠥᠯᠥ | ᠳᠠᠪᠠᠭᠤᠯᠬᠤ ᠪᠠᠷᠢᠮᠵᠢᠶ᠎ᠠ ᠶᠣᠰᠣᠭᠠᠷ᠂ ᠭᠤᠣᠯᠳᠠᠭᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠳᠠᠷᠢᠵᠤ ᠲᠡᠵᠢᠭᠡᠬᠦ | ᠲᠣᠮᠣ ᠡᠷᠦᠬᠡ᠂ ᠲᠠᠷᠢᠶᠠᠴᠢᠨ ᠮᠠᠯᠴᠢᠨ ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠳᠤ 10 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠪᠠᠲᠤᠯᠠᠨ | ᠳᠠᠭᠠᠭᠠᠯᠲᠠᠲᠤ ᠵᠢᠭᠡᠯᠡᠯᠭᠡ ᠶᠢ ᠬᠠᠩᠭᠠᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︺ | 85. ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠮᠤ ᠪᠤᠳᠠᠭᠠᠨ ᠤ | ᠤᠨᠠᠯᠲᠠ ᠥᠨᠳᠥᠷ ᠰᠢᠶᠠᠨ ᠳᠤ ᠠᠮᠤ ᠪᠤᠳᠠᠭᠠᠨ ᠤ ᠭᠤᠷᠪᠠᠨ ᠶᠡᠭᠡ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ | ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠲᠥᠪ ᠪᠠ ᠥᠪᠡᠷᠲᠡᠭᠡᠨ ᠵᠠᠰᠠᠬᠤ | ᠣᠷᠣᠨ ᠠᠴᠠ ᠲᠣᠰ ᠲᠣᠰ 45% ᠪᠠ 30% ᠶᠢᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠡᠭᠦᠷᠭᠡᠯᠡᠨ᠎ᠡ᠃ | ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ | ᠪᠡᠯᠴᠢᠭᠡᠷ ᠤᠨ ᠳᠠᠭᠠᠳᠬᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 86. ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ | ᠪᠠᠲᠤᠯᠠᠭ᠎ᠠ ᠶᠢᠨ ᠰᠠᠭᠤᠷᠢ ᠮᠥᠩᠭᠦᠨ ᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠶᠢᠨ ᠠᠮᠤ ᠪᠤᠳᠠᠭᠠᠨ ᠤ ᠠᠵᠤ ᠠᠬᠤᠶᠢᠯᠠᠯ ᠤᠨ ᠠᠮᠤ ᠪᠤᠳᠠᠭ᠎ᠠ ᠵᠠᠬ᠎ᠠ ᠳᠡᠯᠭᠡᠭᠦᠷᠴᠢᠯᠡᠨ | ᠬᠤᠳᠠᠯᠳᠤᠨ ᠠᠪᠬᠤ ᠳᠤ ᠨᠠᠩ ᠶᠡᠭᠡ ᠬᠡᠪᠴᠢᠶᠡᠨ ᠤ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠨᠢ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ | ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ︶ | 87. 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠶᠢᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ᠂ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶᠡᠨ ᠤ ᠴᠢᠬᠤᠯᠠ ᠶᠡᠭᠡ ᠲᠥᠷᠥᠯ | ᠵᠦᠢᠯ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠡᠮᠵᠢᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠰᠠᠭᠤᠷᠢ ᠮᠥᠩᠭᠦ ᠶᠢ ᠳᠠᠭᠠᠭᠠᠨ ᠲᠤᠰᠢᠶᠠᠵᠤ ᠪᠣᠳᠠᠲᠠᠶᠢᠵᠢᠭᠤᠯᠬᠤ ᠶᠢ ᠠᠬᠢᠭᠤᠯᠵᠤ᠂ | ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠨ᠎ᠠ᠃ ᠨᠢᠭᠡᠨᠲᠡ ᠪᠠᠶᠢᠭ᠎ᠠ ᠠᠵᠤ ᠦᠢᠯᠡᠰ ᠢ ᠬᠦᠴᠦᠷᠬᠡᠭᠵᠢᠭᠦᠯᠬᠦ᠂ | ᠰᠢᠨ᠎ᠡ ᠪᠠᠷ ᠪᠣᠶ ᠪᠣᠯᠬᠤ ᠠᠵᠤ ᠦᠢᠯᠡᠰ ᠢ ᠨᠡᠪᠴᠢᠭᠦᠯᠬᠦ᠂ ᠢᠷᠡᠭᠡᠳᠦᠢ ᠶᠢᠨ ᠠᠵᠤ ᠦᠢᠯᠡᠰ ᠢ ᠡᠵᠡᠮᠰᠢᠬᠦ ᠳᠤ | ᠦᠵᠡᠭᠦᠯᠬᠦ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ | ᠦᠢᠯᠡᠳᠦᠯ ᠢ ᠪᠠᠳᠠᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ | 88. ᠤᠷᠤᠰᠤᠩᠭᠤᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ | ᠲᠠᠶᠢᠯᠬᠤ ᠬᠥᠭᠵᠢᠯᠲᠡ ᠶᠢᠨ ᠰᠠᠭᠤᠷᠢ ᠮᠥᠩᠭᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠨᠢ ᠲᠠᠶᠢᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠤᠷᠤᠰᠤᠩᠭᠤᠢ | ᠴᠢᠨᠠᠷᠲᠠᠢ ᠲᠦᠭᠰᠢᠭᠦᠷᠢ ᠪᠠ ᠪᠠᠲᠤᠯᠠᠭ᠎ᠠ ᠲᠠᠢ ᠵᠣᠭᠤᠰ ᠰᠣᠯᠢᠵᠤ ᠥᠭᠬᠦ᠂ ᠢᠲᠡᠭᠡᠮᠵᠢ ᠶᠢᠨ ᠥᠷᠢ ᠥᠭᠴᠡᠭᠡ ᠶᠢᠨ | ᠵᠣᠭᠤᠰ ᠰᠣᠯᠢᠵᠤ ᠥᠭᠬᠦ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠠᠯᠭᠤᠷᠯᠠᠨ ᠨᠠᠮᠳᠠᠭᠠᠬᠤ ᠬᠡᠷᠡᠭᠲᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ︶ | 89. ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠬᠤᠣᠰ ᠴᠢᠭᠯᠡᠯ ᠤᠨ ᠬᠡᠯᠪᠡᠯᠵᠡᠯ ᠢ | ᠪᠦᠲᠦᠮᠵᠢᠲᠡᠶ ᠪᠠᠷ ᠠᠷᠭᠠᠴᠠᠭᠠᠵᠤ᠂ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ | ᠪᠣᠳᠣᠯᠭ᠎ᠠ ᠵᠢᠴᠢ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠨᠡᠷᠡᠳᠭᠦᠨ ᠢ | ᠳᠡᠯᠭᠡᠷᠡᠭᠦᠯᠬᠦ ᠶᠢ ᠨᠢ ᠲᠡᠮᠵᠢᠵᠤ᠂ ᠪᠠᠩᠬᠢ ᠶᠢᠨ ᠵᠠᠷᠤᠳᠠᠯ ᠰᠦᠢᠳᠬᠡᠯ ᠢ ᠪᠠᠭᠤᠷᠠᠭᠤᠯᠬᠤ ᠪᠠᠷ ᠠᠰᠢᠭ ᠣᠯᠭᠤᠬᠤ ᠶᠢ | ᠵᠣᠷᠢᠭᠵᠢᠭᠤᠯᠵᠤ᠂ ᠭᠠᠳᠠᠭᠠᠳᠤ ᠲᠠᠢ ᠬᠤᠯᠪᠣᠭᠳᠠᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠲᠦᠭᠰᠢᠭᠦᠷᠢ ᠶᠢᠨ ᠰᠠᠭᠠᠷᠮᠠᠭ ᠴᠢᠨᠠᠷ ᠤᠨ ᠤᠬᠠᠮᠰᠠᠷ ᠢ ᠪᠣᠢ ᠪᠣᠯᠭᠠᠵᠤ᠂ ᠠᠵᠤ ᠠᠬᠤᠶᠢᠯᠠᠯ ᠤᠨ ᠭᠤᠪᠢᠭᠤᠯᠭ᠎ᠠ ᠶᠢᠨ | ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠵᠢᠭ ᠪᠢᠴᠢᠯ | ᠠᠵᠤ ᠠᠬᠤᠶᠢᠯᠠᠯ ᠤᠨ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ ᠪᠣᠳᠣᠯᠭ᠎ᠠ ᠶᠢᠨ | ᠴᠢᠨᠠᠷᠲᠠᠢ ᠪᠠᠲᠤᠯᠠᠨ ᠳᠠᠭᠠᠭᠠᠯᠲᠠ ᠶᠢᠨ ᠲᠣᠭᠲᠠᠴᠠ ᠶᠢ ᠠᠬᠢᠭᠤᠯᠤᠨ ᠪᠣᠳᠠᠲᠠᠶᠢᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 90. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠬᠢᠬᠦ | ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠭᠵᠢᠭᠤᠯᠵᠤ᠂ ᠬᠠᠷᠢᠶ᠎ᠠ ᠣᠷᠣᠨ ᠳᠠᠬᠢ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ | ᠮᠡᠳᠡᠭᠡᠯᠡᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢ ᠳᠣᠲᠣᠭᠠᠳᠤ ᠶᠢᠨ ᠪᠡᠯᠡ ᠮᠥᠩᠭᠦ ᠪᠠᠨ | ᠰᠢᠯᠵᠢᠭᠦᠯᠦᠨ ᠦᠨ᠎ᠡ ᠲᠣᠭᠲᠠᠭᠠᠬᠤ ︵FTP︶ ᠳᠤ ᠰᠢᠭᠢᠳᠬᠡᠨ ᠣᠷᠣᠭᠤᠯᠬᠤ ᠶᠢ ᠨᠢ ᠳᠡᠮᠵᠢᠵᠦ᠂ ᠵᠢᠭᠡᠯᠡᠯᠭᠡ | ᠲᠠᠯᠪᠢᠬᠤ ᠪᠠᠶᠢᠭᠤᠯᠤᠮᠵᠢ ᠶᠢᠨ ᠵᠢᠭᠡᠯᠡᠯᠭᠡ ᠶᠢᠨ ᠣᠨ ᠤ ᠬᠦᠦ ᠮᠥᠩᠭᠦᠨ ᠤ ᠨᠣᠷᠮ᠎ᠠ ᠶᠢ ᠱᠠᠭᠠᠷᠳᠠᠯᠭ᠎ᠠ ᠶᠣᠰᠣᠭᠠᠷ | ᠲᠣᠳᠣᠷᠬᠠᠢ ᠢᠯᠡᠷᠬᠡᠶᠢᠯᠡᠬᠦ ᠳᠤ ᠦᠷᠭᠦᠯᠵᠢᠯᠡᠨ ᠬᠢᠨᠠᠯᠲᠠ ᠲᠠᠯᠪᠢᠨ᠎ᠠ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 91. ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ | ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠤᠭᠤᠳᠴᠤ | ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ | ᠣᠯᠭᠤᠨ᠎ᠠ︔ ᠱᠠᠩᠬᠠᠢ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ | ᠳᠡᠯᠭᠡᠭᠦᠷ ᠲᠤ ᠭᠠᠷᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ | ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ | ᠱᠠᠩᠬᠠᠢ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠲᠠᠷᠬᠠᠭᠠᠵᠤ ᠵᠠᠬ᠎ᠠ | ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠨ᠎ᠠ︔ ᠬᠢᠯᠢ ᠶᠢᠨ ᠭᠠᠳᠠᠨ᠎ᠠ ︵ᠰᠢᠶᠠᠩᠭᠠᠩ᠂ ᠨᠢᠦ᠋ ᠶᠣᠷᠺ᠂ ᠨᠠᠰᠳᠠᠺ ᠤᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ︶ ᠵᠠᠬ᠎ᠠ ᠳᠤ ᠭᠠᠷᠤᠭᠰᠠᠨ ᠠᠵᠤ ᠠᠬᠤᠶᠢᠯᠠᠯ ᠢ ᠨᠢᠭᠡ ᠯᠡ ᠤᠳᠠᠭ᠎ᠠ ᠳᠤ | 500 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠬᠤᠪᠢ ᠬᠥᠮᠥᠨ᠂ ᠵᠣᠬᠢᠶᠠᠨ | ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠱᠠᠩᠨᠠᠯ ᠤᠨ ᠮᠥᠩᠭᠦ ᠶᠢᠨ ᠲᠣᠭᠠᠨ ᠤ 5 | ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ ᠣᠯᠭᠤᠨ᠎ᠠ᠂ | ᠡᠭᠦᠨ ᠳᠤ 60% ᠶᠢ ᠨᠢ ᠱᠠᠩᠨᠠᠯ ᠣᠯᠣᠭᠰᠠᠨ ᠲᠥᠷᠥᠯ ᠵᠦᠢᠯ ᠤᠨ ᠭᠤᠣᠯ ᠪᠡᠶᠡᠯᠡᠭᠦᠯᠦᠭᠴᠢ ᠶᠢ ᠱᠠᠩᠨᠠᠬᠤ ᠳᠤ | ᠬᠡᠷᠡᠭᠯᠡᠵᠦ᠂ 40% ᠶᠢ ᠨᠢ ᠲᠥᠷᠥᠯ ᠵᠦᠢᠯ ᠢ ᠪᠡᠶᠡᠯᠡᠭᠦᠯᠦᠭᠰᠡᠨ ᠨᠢᠭᠡᠴᠢ ᠶᠢᠨ ᠡᠵᠡ ᠮᠡᠳᠡᠵᠦ ᠰᠣᠩᠭᠤᠭᠰᠠᠨ | ᠰᠡᠳᠦᠪ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ ᠬᠡᠷᠡᠭᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ | ᠬᠤᠪᠢᠶᠠᠷᠢᠯᠠᠯᠲᠠ ᠶᠢᠨ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠣᠭᠲᠠᠭᠠᠯ ᠶᠣᠰᠣᠭᠠᠷ | ᠲᠥᠷᠥᠯ ᠵᠦᠢᠯ ᠤᠨ ᠠᠰᠢᠭ ᠣᠷᠣᠯᠭ᠎ᠠ ᠬᠤᠪᠢᠶᠠᠬᠤ᠂ ᠠᠵᠢᠯ ᠤᠨ ᠪᠠᠶᠢᠷᠢ ᠶᠢᠨ ᠠᠰᠢᠭ ᠣᠷᠣᠯᠭ᠎ᠠ ᠬᠤᠪᠢᠶᠠᠬᠤ | ᠵᠡᠷᠭᠡ ᠤᠷᠲᠤᠪᠲᠤᠷ ᠪᠠ ᠣᠷᠳᠣ ᠬᠤᠭᠤᠴᠠᠭᠠᠨ ᠤ ᠤᠷᠮᠠᠰᠢᠭᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ | ᠠᠵᠤ ᠠᠬᠤᠶᠢᠯᠠᠯ ᠳᠤ ᠪᠣᠯ ᠣᠯᠭᠤᠭᠰᠠᠨ ᠤᠷᠮᠠᠰᠢᠭᠤᠯᠤᠯ ᠤᠨ ᠣᠷᠣᠯᠭ᠎ᠠ ᠶᠢ ᠪᠣᠳᠠᠲᠠᠢ ᠪᠠᠷ ᠴᠠᠯᠢᠩ ᠤᠨ ᠶᠡᠷᠦᠩᠬᠡᠢ | ᠲᠣᠭᠠᠨ ᠳᠤ ᠪᠤᠳᠤᠵᠤ ᠣᠷᠣᠭᠤᠯᠤᠨ᠎ᠠ᠂ ᠴᠠᠯᠢᠩ ᠤᠨ ᠶᠡᠷᠦᠩᠬᠡᠢ ᠲᠣᠭᠠᠨ ᠤ ᠲᠥᠰᠥᠪ ᠤᠨ ᠰᠠᠭᠤᠷᠢ ᠲᠤᠭ᠎ᠠ | ᠪᠣᠯᠭᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶ | 93. ᠴᠢᠳᠠᠪᠤᠷᠢᠲᠠᠨ ᠤ ᠡᠷᠦᠬᠡ ᠠᠮᠠ ᠣᠷᠣᠬᠤ ᠪᠠ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠰᠠᠭᠠᠳ ᠦᠭᠡᠢ | ᠨᠡᠪᠲᠡᠷᠡᠬᠦ ᠵᠠᠮ ᠵᠢᠴᠢ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠭᠡᠳ ᠥᠪᠥᠷ ᠮᠣᠩᠭᠤᠯ ᠳᠤ ᠢᠷᠡᠵᠦ ᠠᠵᠢᠯ ᠣᠯᠣᠭᠰᠠᠨ ᠳᠡᠭᠡᠳᠦ ᠲᠠᠰ | ᠳᠠᠪᠬᠤᠷᠭ᠎ᠠ ᠶᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠢ ᠨᠢ ᠬᠠᠷᠢᠶ᠎ᠠ ᠭᠠᠵᠠᠷ ᠤᠨ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠤ ᠨᠢ ᠳᠦᠭᠦᠮ ᠢ ᠨᠢ ᠪᠣᠳᠣᠯᠬᠢᠯᠠᠨ ᠲᠣᠬᠢᠷᠠᠭᠤᠯᠵᠤ | ᠰᠤᠷᠭᠠᠭᠤᠯᠢ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ︶ | 94. ᠠᠶᠢᠮᠠᠭ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ | ᠬᠥᠭᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ | ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠬᠤᠲᠠ | ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠣᠷᠣᠯᠭ᠎ᠠ ᠪᠠᠭᠠᠲᠠᠢ ᠪᠥᠭᠡᠳ ᠣᠷᠣᠨ | ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠭᠡᠷ ᠪᠦᠯᠢ ᠶᠢ ᠭᠤᠶᠤᠴᠢᠯᠠᠯ ᠢᠶᠠᠷ ᠪᠠᠲᠤᠯᠠᠪᠠᠰᠤ ᠵᠣᠬᠢᠬᠤ ᠶᠢ ᠨᠢ | ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠯ᠎ᠡ ᠭᠠᠵᠠᠷ ᠣᠷᠣᠨ ᠨᠢ ᠲᠤᠬᠠᠢ ᠶᠢᠨ | ᠭᠠᠵᠠᠷ ᠤᠨ ᠢᠶᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ | ᠠᠳᠠᠯᠢ ᠪᠤᠰᠤ ᠲᠡᠰ ᠳᠠᠪᠬᠤᠷᠭ᠎ᠠ ᠶᠢᠨ ᠴᠢᠳᠠᠪᠤᠷᠢᠲᠠᠨ ᠳᠤ ᠴᠢᠭᠯᠡᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠪᠣᠳᠠᠲᠠᠢ ᠪᠠᠲᠤᠯᠠᠭ᠎ᠠ ᠶᠢᠨ ᠬᠡᠪᠴᠢᠶ᠎ᠡ᠂ ᠪᠠᠲᠤᠯᠠᠭ᠎ᠠ ᠶᠢᠨ ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠠᠷᠭ᠎ᠠ | ᠬᠡᠯᠪᠡᠷᠢ ᠶᠢ ᠲᠣᠭᠲᠠᠭᠠᠵᠤ ᠪᠣᠯᠣᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ | ᠠᠬᠢᠭᠤᠯᠵᠤ᠂ 2024 ᠣᠨ ᠳᠤ ᠬᠤᠳᠠ ᠪᠠᠯᠭᠠᠰᠤᠨ ᠤ 1185 ᠬᠠᠭᠤᠴᠢᠨ ᠰᠠᠭᠤᠭᠠᠯᠢ ᠲᠣᠭᠤᠷᠢᠭ᠂ 19.55 | ᠲᠦᠮᠡᠨ ᠡᠷᠤᠭᠡ ᠶᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ | ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ | ᠲᠠᠯ᠎ᠠ ᠪᠠᠷ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠣᠨ ᠣᠷᠣᠰᠢᠨ ᠰᠠᠭᠤᠬᠤ | ᠣᠷᠴᠢᠨ ᠨᠥᠬᠦᠴᠡᠯ ᠢ ᠨᠢ ᠪᠦᠲᠦᠮᠵᠢᠲᠡᠶ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 95. ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠤᠨ | ᠵᠥᠪᠰᠢᠶᠡᠷᠡᠯ ᠢᠶᠠᠷ ᠪᠠᠶᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯ ᠥᠪᠡᠷᠲᠡᠭᠡᠨ | ᠵᠠᠰᠠᠬᠤ ᠣᠷᠣᠨ ᠤ ᠴᠢᠳᠠᠪᠤᠷᠢᠲᠠᠨ ᠤ ᠲᠤᠰᠬᠠᠢ ᠣᠷᠣᠨ ᠲᠤᠭ᠎ᠠ ᠪᠠᠷ ᠪᠠᠲᠤᠯᠠᠭ᠎ᠠ ᠬᠠᠩᠭᠠᠵᠤ ᠪᠣᠯᠣᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ | ᠲᠤᠭ᠎ᠠ ᠶᠢᠨ ᠠᠯᠪᠠᠨ ᠭᠡᠷ︶ | 96. ︽ᠲᠣᠮᠣ ᠤᠯᠤᠰ ᠤᠨ ᠤᠷᠠᠨ ᠳᠠᠷᠬᠠᠨ︾᠂ ︽ᠤᠮᠠᠷᠠᠲᠤ ᠬᠢᠯᠢ ᠶᠢᠨ ᠤᠷᠠᠨ ᠳᠠᠷᠬᠠᠨ︾ ᠢ ᠲᠣᠰ ᠲᠣᠰ | 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠬᠥᠬᠢᠭᠦᠯᠦᠨ | ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ︶ | ᠲᠠᠪᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ︵ᠨᠢᠭᠡ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | 97. ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ | ᠦᠭᠡᠢ ᠲᠠᠩᠰᠠᠨ ᠳᠠᠬᠢ ᠵᠣᠭᠤᠰ ᠢ ᠪᠦᠬᠦᠨ ᠢ ᠲᠥᠯᠥᠵᠦ ᠳᠠᠭᠤᠰᠬᠠᠨ᠂ ᠥᠷᠢᠲᠦᠭᠰᠡᠨ ᠵᠣᠭᠤᠰ ᠢ ᠬᠥᠳᠡᠯᠦᠩᠭᠦᠢ ᠪᠠᠷ | ᠲᠡᠭ ᠪᠣᠯᠭᠠᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 98. 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠣᠨ ᠤ ᠭᠠᠶᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ ᠲᠤᠭ᠎ᠠ ᠨᠢ 100 | ᠲᠦᠮᠡᠨ ᠲᠥᠭᠦᠷᠢᠭ ︵100 ᠲᠦᠮᠡᠨ ᠲᠥᠭᠦᠷᠢᠭ ᠪᠠᠭᠲᠠᠨ᠎ᠠ︶ ᠠᠴᠠ ᠳᠣᠣᠷ᠎ᠠ ᠪᠠᠶᠢᠭ᠎ᠠ ᠵᠢᠵᠢᠭ ᠬᠡᠯᠪᠡᠷᠢ ᠶᠢᠨ | ᠪᠠᠭ᠎ᠠ ᠣᠯᠵᠠᠲᠤ ᠠᠵᠤ ᠠᠬᠤᠶᠢᠯᠠᠯ ᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ | ᠬᠤᠪᠢᠶᠠᠨ ᠡᠳ᠋ᠯᠡᠬᠦ ᠬᠡᠰᠡᠭ ᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠰᠠᠷ᠎ᠠ ᠶᠢᠨ ᠪᠣᠷᠣᠯᠠᠭᠤᠯᠤᠯᠲᠠ ᠶᠢᠨ | ᠲᠤᠭ᠎ᠠ ᠨᠢ 3 ᠲᠦᠮᠡᠨ ᠲᠥᠭᠦᠷᠢᠭ ︵ᠤᠯᠠᠷᠢᠯ ᠢᠶᠠᠷ ᠪᠣᠯ 9 ᠲᠦᠮᠡᠨ ᠲᠥᠭᠦᠷᠢᠭ︶ ᠠᠴᠠ ᠳᠠᠪᠠᠭᠰᠠᠨ ᠦᠭᠡᠢ ᠪᠠᠭ᠎ᠠ | ᠬᠡᠪᠴᠢᠶᠡᠨ ᠤ ᠭᠠᠶᠢᠯᠢ ᠲᠤᠰᠢᠶᠠᠭᠴᠢ ᠶᠢ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠢ | ᠬᠡᠷᠡᠭᠯᠡᠬᠦ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ | ᠬᠡᠷᠡᠭᠯᠡᠬᠦ ᠠᠵᠢᠯᠯᠠᠭᠠᠨ ᠤ ᠲᠡᠷᠭᠡ᠂ ᠬᠦᠷᠳᠦᠲᠦ ᠲᠤᠰᠬᠠᠢ ᠬᠡᠷᠡᠭᠯᠡᠬᠦ ᠮᠠᠰᠢᠨ ᠲᠡᠷᠭᠡᠨ ᠤ ᠲᠡᠷᠭᠡ ᠣᠩᠭᠤᠴᠠ ᠶᠢᠨ | ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ | ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ 50% ᠪᠠᠷ ᠲᠠᠲᠠᠪᠤᠷᠢᠯᠠᠨ᠎ᠠ᠃ ︵ | ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ︶ | 99. ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠨᠡᠪᠲᠡᠷᠡᠬᠦ ᠳᠤ ᠲᠥᠬᠦᠮ ᠦᠵᠡᠭᠦᠯᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠠᠮᠢᠳᠤ | ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠦᠢᠲᠡᠨ ᠢᠶᠠᠷ ᠰᠢᠨ᠎ᠡ ᠰᠣᠷᠭᠤᠭ ᠪᠠᠶᠢᠯᠭᠠᠨ ᠬᠠᠳᠠᠭᠠᠯᠠᠬᠤ | ᠪᠦᠲᠦᠭᠡᠭᠳᠡᠬᠦᠨ᠂ ᠰᠢᠤᠳᠠᠨ ᠢᠶᠠᠷ ᠭᠤᠪᠢᠭᠤᠯᠤᠨ ᠢᠯᠡᠭᠡᠬᠦ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠳ᠋ | ᠪᠠᠷᠠᠭ᠎ᠠ ᠶᠢ ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ | ᠤᠷᠢᠳ ᠢᠶᠠᠷ ᠥᠩᠭᠡᠷᠡᠵᠦ ᠨᠡᠪᠲᠡᠷᠡᠬᠦ ᠡᠷᠬᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ︶ | 100. ᠠᠵᠤ ᠠᠬᠤᠶᠢᠯᠠᠯ ᠲᠠᠢ ᠬᠤᠯᠪᠣᠭᠳᠠᠭᠰᠠᠨ ᠰᠦᠢᠳᠬᠡᠯ ᠬᠤᠷᠢᠶᠠᠬᠤ ᠲᠤᠰᠬᠠᠢ ᠵᠦᠢᠯ ᠤᠨ ᠵᠠᠰᠠᠯᠲᠠ ᠶᠢ | ᠥᠷᠨᠢᠭᠦᠯᠦᠨ᠎ᠡ᠃ ᠲᠥᠷᠥ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠳᠤ ᠰᠦᠢᠳᠬᠡᠯ ᠬᠤᠷᠢᠶᠠᠬᠤ ᠲᠠᠯ᠎ᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠯᠧᠺᠳ᠋ᠷᠣᠨ ᠵᠠᠰᠠᠭ ᠤᠨ ᠶᠠᠪᠤᠳᠠᠯ ᠤᠨ ᠲᠠᠪᠴᠠᠩ ᠤᠨ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠤᠶᠤ ᠵᠠᠷᠤᠳᠠᠯ ᠰᠦᠢᠳᠬᠡᠯ ᠢ ᠳᠤᠬᠤᠭᠰᠠᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠨ᠎ᠠ᠃ ᠤᠰᠤ ᠴᠠᠬᠢᠯᠭᠠᠨ ᠬᠡᠢ | ᠳᠤᠯᠠᠭᠠᠯᠠᠭ᠎ᠠ ᠶᠢᠨ ᠵᠠᠷᠤᠳᠠᠯ ᠢ ᠳᠤᠷ᠎ᠠ ᠪᠠᠷ ᠢᠶᠠᠨ ᠬᠤᠷᠢᠶᠠᠬᠤ ᠶᠢ ᠪᠠᠶᠢᠴᠠᠭᠠᠬᠤ ᠠᠵᠢᠯ ᠢᠶᠠᠨ ᠦᠷᠭᠦᠯᠵᠢᠯᠡᠨ | ᠴᠢᠩᠭᠠᠳᠬᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠤᠭᠰᠠᠷᠠᠬᠤ᠂ ᠠᠷᠠᠴᠢᠯᠠᠨ | ᠬᠠᠮᠠᠭᠠᠯᠠᠵᠤ ᠰᠡᠯᠪᠢᠨ ᠵᠠᠰᠠᠬᠤ ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠤᠶᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ | ᠬᠠᠩᠰᠢ ᠶᠢ ᠬᠡᠷᠡᠭᠵᠢᠭᠦᠯᠬᠦ ᠦᠭᠡᠢ᠂ ᠵᠦᠢ ᠵᠣᠬᠢᠰ ᠦᠭᠡᠢ ᠰᠦᠢᠳᠬᠡᠯ ᠬᠤᠷᠢᠶᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠪᠡᠯᠡ ᠲᠣᠬᠢᠷᠠᠭᠤᠯᠬᠤ ᠭᠤᠭᠴᠤᠭ᠎ᠠ ᠪᠠ ᠲᠣᠭᠠᠴᠠᠭ᠎ᠠ ᠬᠢᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠢᠭᠡᠯᠡᠯᠭᠡ ᠶᠢ ᠳᠠᠭᠠᠯᠳᠤᠭᠤᠯᠤᠨ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ ᠵᠠᠪᠰᠠᠷ ᠤᠨ ᠲᠤᠬᠠᠶᠢᠯᠠᠭᠰᠠᠨ | ᠠᠵᠢᠯ ᠳᠤ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠢ᠂ ᠲᠣᠭᠠᠴᠠᠭ᠎ᠠ ᠬᠢᠬᠦ ᠭᠠᠷᠳᠠᠮ ᠤᠨ | ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠬᠤ ᠵᠡᠷᠭᠡ ᠦᠶ᠋ᠯᠡ | ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | 101. ᠨᠥᠬᠦᠴᠡᠯ ᠪᠦᠷᠢᠯᠳᠦᠭᠦᠯᠦᠭᠰᠡᠨ ᠬᠢᠯᠢ ᠶᠢᠨ ᠪᠣᠭᠤᠮᠲᠠ ᠨᠢ ᠪᠣᠭᠤᠮᠲᠠ ᠶᠢᠨ ᠬᠢᠨᠠᠨ ᠬᠠᠮᠢᠶᠠᠷᠴᠤ ᠪᠦᠬᠦᠢ | ᠠᠵᠢᠯ ᠤᠨ ᠲᠠᠯᠠᠪᠤᠷ ᠲᠤ ᠬᠦᠷᠦᠭᠰᠡᠨ ᠮᠥᠷᠲᠡᠭᠡᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠪᠦᠷᠢᠨ ᠪᠦᠲᠦᠨ | ᠲᠤᠰᠢᠶᠠᠭᠰᠠᠨ RCEP ᠤᠨ ᠤᠤᠯ ᠤᠨ ᠦᠢᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ ᠪᠠ ᠲᠦᠷᠭᠡᠨ | ᠬᠦᠷᠭᠡᠬᠦ ᠵᠦᠢᠯ ᠳᠤ᠂ ᠴᠢᠬᠤᠯᠠ ᠪᠦᠬᠦᠢ ᠨᠥᠬᠦᠴᠡᠯ ᠢ ᠬᠠᠩᠭᠠᠭᠰᠠᠨ ᠪᠠᠶᠢᠳᠠᠯ ᠳᠣᠣᠷ᠎ᠠ 6 ᠴᠠᠭ ᠤᠨ ᠳᠣᠲᠣᠷ᠎ᠠ | ᠶᠠᠪᠤᠭᠤᠯᠬᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ | ᠨᠢᠭᠡᠴᠢ᠄ ᠬᠥᠬᠡᠬᠤᠲᠠ ᠪᠣᠭᠤᠮᠲᠠ︶ | 102. ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠥᠪᠥᠷ ᠮᠣᠩᠭᠤᠯ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠨᠡᠮᠡᠭᠳᠡᠭᠦᠯᠬᠦ ᠲᠥᠯᠥᠪᠯᠡᠭᠡ ᠶᠢ | ᠣᠯᠬᠤ ᠪᠠᠷ ᠢᠳᠡᠪᠬᠢᠲᠡᠢ ᠴᠢᠷᠮᠠᠶᠢᠵᠤ᠂ ᠠᠶᠠᠯᠠᠬᠤ ᠵᠠᠮ ᠱᠤᠭᠤᠮ ᠢ ᠨᠢ ᠨᠡᠮᠡᠭᠳᠡᠭᠦᠯᠦᠨ᠎ᠡ᠃ ᠬᠢᠯᠢ ᠶᠢᠨ ᠪᠣᠭᠤᠮᠲᠠ ᠪᠠᠷ | ᠥᠩᠭᠡᠷᠡᠬᠦ᠂ ᠲᠡᠮᠦᠷ ᠵᠠᠮ ᠢᠶᠠᠷ ᠠᠵᠢᠯᠯᠠᠬᠤ ᠵᠡᠷᠭᠡ ᠲᠠᠯ᠎ᠠ ᠪᠠᠷ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ︽ᠳᠠᠷᠤᠢ ᠳᠤ ᠨᠢ ᠪᠠᠭᠤᠯᠭᠠᠬᠤ ᠳᠠᠷᠤᠢ ᠳᠤ ᠨᠢ ᠠᠴᠢᠶᠠᠯᠠᠬᠤ︾ | ᠲᠡᠭᠡᠭᠡᠪᠦᠷᠢ ᠶᠢᠨ ᠵᠠᠭᠪᠤᠷ ᠢ ᠳᠡᠮᠵᠢᠵᠦ᠂ ︽ᠲᠡᠮᠦᠷ ᠵᠠᠮ ᠢ ᠲᠦᠷᠭᠡᠨ ᠨᠡᠪᠲᠡᠷᠡᠭᠦᠯᠬᠦ︾ ᠬᠡᠷᠡᠭᠯᠡᠭᠡᠨ ᠢ ᠳᠡᠯᠭᠡᠷᠡᠭᠦᠯᠦᠨ | ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ | ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ︶ | 103. ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ | ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 — 2025︶︾ ᠶᠢ ᠭᠦᠨᠵᠡᠭᠡᠢ ᠬᠡᠷᠡᠭᠵᠢᠭᠦᠯᠦᠨ᠎ᠡ | ᠃ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ | ᠲᠣᠬᠢᠷᠠᠭᠤᠯᠤᠨ᠂ ᠠᠵᠢᠯ ᠵᠦᠢᠯᠡᠰ ᠢ ᠨᠡᠶᠢᠳᠡᠮ ᠭᠦᠢᠴᠡᠳᠬᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ | ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠤ | ᠭᠦᠢᠴᠡᠳᠬᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠯᠧᠺᠳ᠋ᠷᠣᠨ | ᠡᠵᠡᠩᠨᠡᠯᠲᠡ ᠶᠢᠨ ᠦᠨᠡᠮᠯᠡᠯ ᠪᠠ ᠡᠯᠧᠺᠳ᠋ᠷᠣᠨ ᠲᠠᠮᠠᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ | ᠨᠡᠷ᠎ᠡ ᠲᠦᠷᠦ ᠶᠢ ᠢᠯᠭᠠᠨ ᠲᠠᠨᠢᠵᠤ ᠭᠡᠷᠡᠴᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 104. ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ | ᠲᠥᠷᠥᠯ ᠵᠦᠢᠯ ᠢ ᠳᠠᠭᠠᠭᠠᠨ ᠪᠠᠶᠢᠭᠤᠯᠬᠤ ᠠᠵᠤ ᠠᠬᠤᠶᠢᠯᠠᠯ ᠳᠤ ᠲᠦᠢᠯ ᠤᠨ ᠣᠨᠣᠴᠠᠲᠠᠢ ᠪᠠᠷ ᠣᠷᠣᠯᠠᠨ | ᠭᠦᠢᠴᠡᠳᠬᠡᠬᠦ᠂ ᠬᠠᠯᠠᠭᠤᠮᠰᠤᠭ ᠳᠣᠲᠣᠨᠣ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ | ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠥᠷᠲᠡᠭᠡ︾ ᠪᠠᠷ ᠠᠴᠢᠶᠠᠯᠠᠪᠤᠷᠢ ᠪᠣᠯᠭᠠᠨ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠠᠩᠭᠠᠵᠤ᠂ ︽ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠢ | ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ | 105. ᠬᠡᠮᠵᠢᠯᠲᠡ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ | ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ ᠭᠠᠵᠠᠷ ᠢ ᠴᠣᠭᠴᠠᠯᠠᠨ | ᠪᠠᠶᠢᠭᠤᠯᠵᠤ᠂ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠢ ︽ᠬᠦᠷᠢᠶᠡᠯᠡᠩ ᠲᠣᠭᠤᠷᠢᠭ ᠲᠤ ᠣᠷᠣᠭᠤᠯᠬᠤ︾᠂ | ︽ᠠᠵᠤ ᠠᠬᠤᠶᠢᠯᠠᠯ ᠳᠤ ᠣᠷᠣᠭᠤᠯᠬᠤ︾ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠰᠢᠨ᠎ᠡ ᠶᠢ | ᠡᠭᠦᠳᠦᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 106. ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ | ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠤᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠠᠵᠢᠯᠯᠠᠭ᠎ᠠ ᠳᠤ ᠣᠷᠣᠯᠴᠠᠬᠤ ᠶᠢ ᠭᠠᠳᠠᠭᠤᠷᠴᠢᠯᠠᠬᠤ᠂ ᠬᠠᠷᠰᠢᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠥᠯᠴᠢ ᠥᠷᠢᠰᠦᠯᠳᠦᠭᠡᠨ ᠤ | ᠬᠢᠨᠠᠨ ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ ᠭᠤᠥᠯᠴᠢ ᠥᠷᠢᠰᠦᠯᠳᠦᠭᠡᠨ ᠤ ᠬᠢᠨᠠᠨ | ᠪᠠᠶᠢᠴᠠᠭᠠᠯᠲᠠ ᠶᠢᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠪᠥᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 107. ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠠᠵᠤ ᠦᠢᠯᠡᠰ ᠤᠨ ᠬᠥᠭᠵᠢᠯᠲᠡ ᠳᠤ ᠬᠥᠨᠥᠭᠡᠯ ᠲᠠᠢ | ᠦᠶ᠋ᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 108. ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠠᠰᠢᠭ ᠢ | ᠤᠯᠠᠷᠢᠭᠤᠯᠤᠨ ᠬᠡᠷᠡᠭᠯᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ ︽ᠬᠤᠶᠠᠷ ᠢ ᠲᠠᠰᠢᠷᠠᠮ ᠢᠶᠠᠷ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠂ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠭᠤᠷᠪᠠ︶ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 109. ᠡᠯ᠎ᠡ ᠭᠠᠵᠠᠷ ᠣᠷᠣᠨ ᠤ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ | ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠠᠮᠲᠤ ᠪᠠᠷ | ᠪᠦᠲᠦᠭᠡᠨ ᠪᠠᠶᠢᠭᠤᠯᠬᠤ ᠶᠢ ᠨᠢ ᠵᠣᠷᠢᠭᠵᠢᠭᠤᠯᠵᠤ᠂ ︽ᠣᠭᠤᠷᠴᠤᠭ ᠭᠠᠵᠠᠷ ᠤᠨ ᠠᠵᠤ ᠠᠬᠤᠢ︾ ᠶᠢ ᠬᠥᠭᠵᠢᠭᠦᠯᠦᠨ | ᠂ ᠬᠤᠳᠠᠯᠳᠤᠨ ᠠᠪᠬᠤ ᠬᠡᠪᠴᠢᠶ᠎ᠡ ᠶᠣᠰᠣᠭᠠᠷ᠂ ᠦᠢᠯᠡᠳᠬᠦᠨ ᠤ ᠥᠷᠲᠡᠭ᠂ ᠪᠡᠯᠡ ᠣᠷᠣᠭᠤᠯᠤᠯᠲᠠ᠂ ᠭᠠᠶᠢᠯᠢ | ᠲᠠᠲᠠᠪᠤᠷᠢ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠣᠰᠣᠭᠠᠷ ᠦᠢᠯᠡᠳᠪᠦᠷᠢᠯᠡᠵᠦ ᠪᠣᠷᠣᠯᠠᠭᠤᠯᠤᠭᠰᠠᠨ | ᠬᠤᠶᠠᠷ ᠭᠠᠵᠠᠷ ᠲᠤ ᠬᠤᠪᠢᠳᠠᠨ ᠲᠣᠭᠠᠴᠠᠭ᠎ᠠ ᠬᠢᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ | 110. ᠡᠯ᠎ᠡ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠨᠢ ᠦᠨᠡᠯᠡᠨ ᠵᠢᠱᠢᠬᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠵᠢᠴᠢ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠪᠡᠯᠡ | ᠮᠥᠩᠭᠦ ᠶᠢ ᠲᠣᠬᠢᠷᠠᠭᠤᠯᠬᠤ ᠳᠤ ᠪᠠᠨ ᠨᠡᠷᠡᠰ ᠤᠨ ᠵᠢᠭᠰᠠᠭᠠᠯᠲᠠ ᠳᠤ ᠡᠮᠦᠨ᠎ᠡ ᠪᠠᠶᠢᠷᠢᠯᠠᠭᠰᠠᠨ ᠠᠶᠢᠮᠠᠭ ᠬᠤᠲᠠ ᠲᠡᠶᠢᠰᠢ | ᠬᠡᠯᠪᠠᠶᠢᠨᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ | | |