| | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ | ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ | ᠬᠤᠯᠪᠣᠯᠴᠠᠨ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ ᠠᠰᠲ᠋ᠠᠨᠠ ᠶᠢᠨ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ | ᠲᠠᠯᠪᠢᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ ᠠᠰᠲ᠋ᠠᠨᠠ ᠶᠢᠨ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ | ᠲᠠᠯᠪᠢᠪᠠ᠃ ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠲᠦᠸᠧᠺᠠᠶᠧᠹ ᠤᠨ ᠬᠤᠷᠠᠯ ᠳᠤ | ᠣᠷᠤᠯᠴᠠᠬᠤ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠳᠤ ᠣᠷᠣᠯᠴᠠᠬᠰᠠᠨ ᠪᠥᠭᠡᠳ | ᠬᠠᠮᠲᠤ ᠶᠢᠨ ᠭᠡᠷᠡᠯ ᠵᠢᠷᠤᠭ ᠲᠠᠲᠠᠭᠤᠯᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ᠪᠢᠳᠡ ᠠᠩᠬ᠎ᠠ ᠤᠳᠠᠭ᠎ᠠ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ | ᠭᠡᠯᠪᠡᠷᠢ ᠪᠠᠷ ᠲᠦᠷᠦᠭᠦᠴᠦᠳ ᠤᠨ ᠬᠤᠷᠠᠯ ᠬᠤᠷᠠᠯᠳᠤᠭᠤᠯᠵᠤ ᠪᠤᠢ᠂ ᠰᠠᠶᠢᠨ ᠨᠠᠶᠢᠵᠠ᠂ ᠰᠢᠨ᠎ᠡ ᠬᠠᠨᠢᠲᠠᠨ ᠨᠢᠭᠡ | ᠲᠠᠩᠬᠢᠮ ᠳᠤ ᠬᠤᠷᠠᠨ ᠴᠤᠭᠯᠠᠷᠠᠵᠤ᠂ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠭᠰᠡᠨ ᠨᠢ ᠰᠢᠨ᠎ᠡ ᠴᠠᠭ ᠦᠶ᠎ᠡ ᠶᠢᠨ | ᠨᠥᠬᠦᠴᠡᠯ ᠳᠣᠣᠷ᠎ᠠ ᠲᠤᠰ ᠵᠣᠬᠢᠶᠠᠨ ᠪᠠᠶᠢᠭᠤᠯᠤᠯᠲᠠ ᠶᠢᠨ ᠣᠶᠢᠯᠠᠭᠠᠭᠳᠠᠬᠤᠨ ᠥᠷᠭᠡᠨ ᠢᠶᠠᠷ ᠬᠦᠷᠢᠶᠡᠯᠡᠭᠳᠡᠵᠦ᠂ | ᠪᠦᠷᠢᠯᠳᠦᠭᠦᠨ ᠤᠯᠤᠰ ᠤᠳ ᠤᠨ ᠨᠠᠶᠢᠵᠠ ᠳᠡᠯᠡᠬᠡᠢ ᠳ᠋ᠠᠬᠢᠨ ᠳᠤ ᠲᠠᠷᠬᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠥᠷᠨᠢᠵᠦ ᠪᠤᠢ᠃ ᠬᠥᠮᠥᠨ ᠲᠥᠷᠥᠯᠬᠢᠲᠡᠨ ᠤ ᠪᠣᠯᠪᠠᠰᠤᠨ ᠶᠡᠭᠡ | ᠠᠯᠬᠤᠮ ᠢᠶᠠᠷ ᠤᠷᠤᠭᠰᠢᠯᠠᠬᠤ ᠶᠢᠨ ᠬᠠᠮᠲᠤ ᠠᠮᠤᠷ ᠲᠦᠪᠰᠢᠨ ᠪᠤᠰᠤ᠂ ᠲᠣᠭᠲᠠᠭᠤᠨ ᠪᠤᠰᠤ᠂ ᠲᠣᠬᠲᠠᠭᠠᠯᠲᠤ ᠪᠤᠰᠤ | ᠬᠦᠴᠦᠨ ᠵᠦᠢᠯ ᠴᠦ ᠢᠯᠡᠳᠲᠡ ᠨᠡᠮᠡᠭᠳᠡᠵᠦ ᠪᠠᠶᠢᠨ᠎ᠠ᠃ ᠡᠨᠡ ᠬᠦ ᠶᠡᠭᠡ ᠬᠤᠪᠢᠰᠤᠯᠲᠠ ᠶᠢ ᠰᠠᠶᠢᠲᠤᠷ ᠠᠷᠭᠠᠴᠠᠭᠠᠬᠤ ᠳᠤ | ᠵᠠᠩᠭᠢᠯᠠᠭ᠎ᠠ ᠨᠢ ᠬᠤᠪᠢᠰᠤᠯᠲᠠ ᠶᠢ ᠲᠠᠨᠢᠬᠤ ᠤᠶᠤᠨ ᠤᠬᠠᠭᠠᠨ᠂ ᠬᠤᠪᠢᠰᠤᠯᠲᠠ ᠶᠢ ᠠᠷᠭᠠᠴᠠᠭᠠᠬᠤ ᠠᠷᠭ᠎ᠠ᠂ | ᠬᠤᠪᠢᠰᠤᠯᠲᠠ ᠶᠢ ᠡᠷᠢᠯᠬᠢᠯᠡᠬᠦ ᠡᠷᠡᠯᠬᠡᠭ ᠵᠣᠷᠢᠭ ᠪᠠᠶᠢᠪᠠᠯ ᠵᠣᠬᠢᠨ᠎ᠠ᠃ ᠪᠢᠳᠡ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠢ ᠪᠤᠯᠭᠠᠵᠤ᠂ ︽ᠱᠠᠩᠬᠠᠢ ᠶᠢᠨ ᠵᠣᠷᠢᠭ ᠰᠠᠨᠠᠭ᠎ᠠ︾ ᠶᠢ ᠢᠮᠠᠭᠲᠠ ᠪᠠᠷᠢᠮᠲᠠᠯᠠᠵᠤ᠂ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠡᠯ᠎ᠡ ᠤᠯᠤᠰ ᠤᠨ ᠠᠷᠠᠳ ᠲᠦᠮᠡᠨ ᠢ | ᠠᠮᠤᠷ ᠠᠮᠤᠭᠤᠯᠠᠩ ᠠᠵᠤ ᠲᠦᠷᠦᠭᠦᠯᠵᠦ᠂ ᠵᠣᠯ ᠵᠢᠷᠭᠠᠯ ᠲᠠᠢ ᠠᠮᠢᠳᠤᠷᠠᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃ | ᠨᠢᠭᠡᠳᠦᠭᠡᠷ ᠲᠤ᠂ ᠪᠦᠯᠬᠦᠮᠳᠡᠨ ᠢᠲᠡᠭᠡᠯᠴᠡᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ︽ | ᠱᠠᠩᠬᠠᠢ ᠶᠢᠨ ᠵᠣᠷᠢᠭ ᠰᠠᠨᠠᠭ᠎ᠠ︾ ᠨᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠲᠠᠢ ᠤᠳᠤᠮ ᠤᠯᠠᠮᠵᠢᠯᠠᠯ | ᠨᠢᠭᠡᠲᠡᠢ ᠪᠠᠶᠢᠵᠤ᠂ ᠲᠤᠰ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠦᠷᠳᠡᠭ ᠮᠥᠨ᠂ ᠡᠭᠦᠨ ᠢ ᠬᠤᠪᠢ ᠲᠠᠭᠢᠨ ᠢᠶᠠᠷ | ᠨᠠᠨᠳᠢᠩᠨᠠᠵᠤ ᠢᠮᠠᠭᠲᠠ ᠵᠢᠷᠤᠮᠯᠠᠪᠠᠯ ᠵᠣᠬᠢᠨ᠎ᠠ᠃ ᠪᠢᠳᠡ ᠲᠤᠰ ᠲᠤᠰ ᠤᠨ ᠢᠶᠠᠨ ᠪᠡᠶ᠎ᠡ ᠪᠠᠨ ᠳᠠᠭᠠᠭᠠᠵᠤ ᠰᠣᠩᠭᠤᠭᠰᠠᠨ | ᠬᠥᠭᠵᠢᠯᠲᠡ ᠶᠢᠨ ᠵᠠᠮ ᠢ ᠭᠦᠨᠳᠦᠳᠭᠡᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ | ᠳᠡᠮᠵᠢᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠠᠷᠢᠯᠭᠠᠵᠤ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠦᠶ᠎ᠡ᠃ ᠪᠦᠷᠢᠯᠳᠦᠭᠦᠨ ᠤᠯᠤᠰ ᠤᠳ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠦᠷᠦ ᠶᠢᠨ ᠨᠠᠮ ᠤᠨ ᠶᠠᠷᠢᠶᠠᠨ ᠤ ᠲᠠᠪᠴᠠᠩ ᠢ ᠵᠣᠬᠢᠰᠲᠠᠢ ᠴᠠᠭ ᠲᠤ ᠡᠷᠭᠢᠯᠡᠭᠦ ᠶᠢ ᠳᠤᠮᠳᠠᠳᠤ ᠤᠯᠤᠰ | ᠰᠠᠨᠠᠭᠠᠴᠢᠯᠠᠵᠤ ᠪᠠᠶᠢᠨ᠎ᠠ᠃ | ᠬᠤᠶᠠᠳᠤᠭᠠᠷ ᠲᠤ᠂ ᠠᠮᠤᠷ ᠠᠮᠤᠭᠤᠯᠠᠩ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠡᠯ᠎ᠡ ᠤᠯᠤᠰ ᠴᠥᠮ | ᠠᠮᠤᠷ ᠲᠦᠪᠰᠢᠨ ᠪᠠᠶᠢᠪᠠᠯ ᠰᠠᠶ᠋ᠢ ᠵᠢᠩᠬᠢᠨᠢ ᠠᠮᠤᠷ ᠲᠦᠪᠰᠢᠨ ᠪᠠᠶᠢᠵᠤ ᠴᠢᠳᠠᠨ᠎ᠠ᠃ ᠪᠢᠳᠡ ᠠᠮᠤᠷ ᠲᠦᠪᠰᠢᠨ ᠤ | ᠬᠠᠮᠲᠤᠷᠠᠯᠴᠠᠭᠠᠨ ᠤ ᠲᠣᠭᠲᠠᠴᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠰᠦᠷᠳᠡᠭᠦᠯᠦᠯ ᠪᠠ | ᠥᠷᠢᠰᠦᠯᠳᠦᠭᠡᠨ ᠢ ᠠᠷᠭᠠᠴᠠᠭᠠᠬᠤ ᠶᠡᠷᠦᠩᠬᠡᠶᠢᠯᠡᠭᠰᠡᠨ ᠲᠥᠪ ᠵᠢᠴᠢ ᠲᠡᠭᠦᠨ ᠤ ᠳᠣᠣᠷᠠᠬᠢ ᠪᠠᠶᠢᠭᠤᠯᠤᠮᠵᠢ ᠶᠢ ᠲᠦᠷᠭᠡᠳᠬᠡᠨ | ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠬᠤ ᠲᠥᠪ ᠢ ᠪᠠᠶᠢᠭᠤᠯᠵᠤ᠂ ᠨᠢᠭᠤᠴᠠ ᠮᠡᠳᠡᠭᠡᠨ ᠤ ᠰᠣᠯᠢᠯᠴᠠᠭ᠎ᠠ ᠪᠠᠨ | ᠴᠢᠩᠭᠠᠳᠬᠠᠵᠤ᠂ ᠬᠠᠮᠲᠤᠷᠠᠭᠰᠠᠨ ᠠᠵᠢᠯᠯᠠᠭ᠎ᠠ ᠥᠷᠨᠢᠭᠦᠯᠦᠶ᠎ᠡ᠃ ᠳᠤᠮᠳᠠᠳᠤ ᠤᠯᠤᠰ ︽ᠰᠦᠷᠳᠡᠭᠦᠯᠦᠯ ᠢ ᠡᠰᠡᠷᠭᠦᠴᠡᠬᠦ | ᠬᠠᠮᠵᠢᠯᠴᠠᠭ᠎ᠠ — 2024︾ ᠬᠠᠮᠲᠤᠷᠠᠭᠰᠠᠨ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠵᠡᠷᠭᠡ ᠠᠵᠢᠯᠯᠠᠭ᠎ᠠ ᠶᠢ | ᠰᠠᠶᠢᠲᠤᠷ ᠡᠷᠭᠢᠯᠡᠭᠦ ᠪᠣᠯᠣᠨ᠎ᠠ᠃ ᠠᠹᠭᠠᠨᠢᠰᠲ᠋ᠠᠨ ᠤ ᠬᠥᠷᠰᠢ ᠤᠯᠤᠰ ᠤᠨ ᠵᠣᠬᠢᠴᠠᠭᠤᠯᠭ᠎ᠠ ᠬᠠᠮᠲᠤᠷᠠᠯᠴᠠᠭᠠᠨ ᠤ ᠲᠣᠭᠲᠠᠴᠠ | ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠠᠹᠭᠠᠨᠢᠰᠲ᠋ᠠᠨ ᠤ ᠡᠩᠬᠡ ᠲᠠᠶᠢᠪᠤᠩ ᠢᠶᠠᠷ ᠳᠠᠭᠢᠨ ᠪᠠᠶᠢᠭᠤᠯᠬᠤ ᠵᠠᠮ ᠢᠶᠠᠷ | ᠵᠠᠮᠨᠠᠬᠤ ᠶᠢ ᠠᠬᠢᠭᠤᠯᠤᠶ᠎ᠠ᠃ | ᠭᠤᠷᠪᠠᠳᠤᠭᠠᠷ ᠲᠤ᠂ ᠴᠡᠴᠡᠭᠯᠡᠨ ᠬᠥᠭᠵᠢᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠳᠤᠮᠳᠠᠳᠤ | ᠤᠯᠤᠰ 2025 ᠣᠨ ᠢ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠷᠭᠦᠯᠵᠢᠯᠡᠬᠦ | ᠬᠥᠭᠵᠢᠯᠲᠡ ᠶᠢᠨ ᠣᠨ︾ ᠢᠶᠠᠷ ᠲᠣᠭᠲᠠᠭᠠᠬᠤ ᠶᠢ ᠰᠠᠨᠠᠭᠠᠴᠢᠯᠠᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠵᠢᠱᠢᠶ᠎ᠡ ᠦᠵᠡᠭᠦᠯᠭᠦ ᠰᠠᠭᠤᠷᠢᠨ᠂ ᠣᠷᠣᠨ | ᠨᠤᠲᠤᠭ ᠤᠨ ᠠᠵᠤ ᠠᠬᠤᠢ ᠠᠷᠠᠯᠵᠢᠶᠠᠨ ᠤ ᠵᠢᠱᠢᠶ᠎ᠡ ᠦᠵᠡᠭᠦᠯᠭᠦ ᠣᠷᠣᠨ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠲᠠᠪᠴᠠᠩ ᠢ ᠰᠠᠶᠢᠲᠤᠷ ᠠᠰᠢᠭᠯᠠᠨ ᠣᠷᠣᠨ ᠪᠦᠰᠡ ᠶᠢᠨ | ᠬᠠᠮᠲᠤᠷᠠᠯᠴᠠᠭ᠎ᠠ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠡᠯ᠎ᠡ ᠲᠠᠯ᠎ᠠ ᠶᠢᠨ ᠬᠢᠨ ᠳᠣᠬᠢᠭᠤᠷ ᠲᠤᠯᠤᠭᠠᠨ ᠣᠲᠣ | ᠳᠠᠭᠠᠭᠤᠯᠢ ᠣᠲᠣ ᠪᠠᠷ ᠵᠠᠮᠴᠢᠯᠠᠬᠤ ᠰᠢᠰᠲ᠋ᠧᠮ ᠢ ᠬᠡᠷᠡᠭᠯᠡᠵᠦ᠂ ᠣᠯᠠᠨ ᠤᠯᠤᠰ ᠤᠨ ᠰᠠᠷᠠᠨ ᠪᠥᠮᠪᠥᠷᠴᠡᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠰᠤᠷᠭᠠᠨ | ᠬᠥᠮᠦᠵᠢᠯ ᠤᠨ ᠬᠤᠯᠪᠤᠭ᠎ᠠ ᠪᠠᠶᠢᠭᠤᠯᠬᠤ ᠶᠢ ᠰᠠᠨᠠᠭᠠᠴᠢᠯᠠᠵᠤ᠂ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ | ᠲᠣᠭᠠᠴᠢᠯᠠᠭᠰᠠᠨ ᠮᠡᠷᠭᠡᠵᠢᠯ ᠤᠨ ᠪᠣᠯᠪᠠᠰᠤᠷᠠᠯ ᠤᠨ ᠣᠷᠣᠨ ᠲᠤᠭ᠎ᠠ ᠬᠠᠩᠭᠠᠬᠤ ᠳᠤ ᠳᠤᠷᠠᠲᠠᠢ ᠪᠠᠶᠢᠨ᠎ᠠ᠃ ᠲᠤᠰ ᠵᠣᠬᠢᠶᠠᠨ | ᠪᠠᠶᠢᠭᠤᠯᠤᠯᠲᠠ ᠶᠢᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠵᠤ᠂ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃ | ᠳᠥᠷᠪᠡᠳᠦᠭᠡᠷ ᠲᠤ᠂ ᠡᠶᠡᠯᠳᠡᠭ ᠬᠥᠷᠰᠢ ᠶᠢᠨ ᠨᠥᠭᠦᠷᠰᠡᠭ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭᠠᠨ ᠤ | ᠵᠥᠪᠯᠡᠯ ᠵᠡᠷᠭᠡ ᠠᠷᠠᠳ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠠᠨᠠᠭᠠᠬᠤ | ᠤᠬᠠᠭᠠᠨ ᠤ ᠶᠠᠷᠢᠶᠠᠨ ᠤ ᠲᠠᠪᠴᠠᠩ᠂ ᠠᠷᠠᠳ ᠤᠨ ᠨᠥᠬᠦᠷᠯᠡᠯ ᠤᠨ ᠶᠠᠷᠢᠶᠠᠨ ᠤ ᠲᠠᠪᠴᠠᠩ᠂ ᠵᠠᠯᠠᠭᠤᠴᠤᠳ ᠤᠨ | ᠰᠣᠯᠢᠯᠴᠠᠭᠠᠨ ᠤ ᠬᠤᠸᠠᠷᠠᠨ᠂ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠵᠡᠷᠭᠡ ᠲᠦᠷᠦᠯ ᠲᠡᠮᠳᠡᠭ ᠤᠨ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠡᠯ᠎ᠡ ᠲᠠᠯ᠎ᠠ ᠶᠢᠨ ᠬᠢᠨ ᠤ ᠴᠢᠩᠳᠣᠣ ᠶᠢᠨ ᠪᠣᠬᠢᠷᠳᠤᠯ ᠦᠭᠡᠢ | ᠬᠥᠭᠵᠢᠯᠲᠡ ᠶᠢᠨ ᠶᠠᠷᠢᠶᠠᠨ ᠤ ᠲᠠᠪᠴᠠᠩ᠂ ᠡᠮᠡᠭᠲᠡᠶᠢᠴᠦᠳ ᠤᠨ ᠶᠠᠷᠢᠶᠠᠨ ᠤ ᠲᠠᠪᠴᠠᠩ ᠳᠤ ᠢᠳᠡᠪᠬᠢᠲᠡᠢ ᠣᠷᠤᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ ᠢᠷᠡᠬᠦ 5 ᠵᠢᠯ ᠳᠤ᠂ ᠳᠤᠮᠳᠠᠳᠤ ᠤᠯᠤᠰ ᠲᠤᠰ ᠵᠣᠬᠢᠶᠠᠨ ᠪᠠᠶᠢᠭᠤᠯᠤᠯᠲᠠ ᠶᠢᠨ | ᠤᠯᠤᠰ ᠤᠳ ᠲᠤ 1000 ᠵᠠᠯᠠᠭᠤᠴᠤᠳ ᠤᠨ ᠳᠤᠮᠳᠠᠳᠤ ᠤᠯᠤᠰ ᠲᠤ ᠬᠦᠷᠴᠦ ᠰᠣᠯᠢᠯᠴᠠᠭ᠎ᠠ ᠬᠢᠬᠦ ᠣᠷᠣᠨ ᠲᠤᠭ᠎ᠠ | ᠬᠠᠩᠭᠠᠨ᠎ᠠ᠃ | ᠲᠠᠪᠤᠳᠤᠭᠠᠷ ᠲᠤ᠂ ᠲᠥᠪ ᠭᠤᠣᠯᠴᠢ ᠰᠢᠳᠤᠷᠭᠤ ᠶᠣᠰᠣᠨ ᠤ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ | ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ | ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ | ᠵᠠᠰᠠᠯᠲᠠ ᠶᠢᠨ ᠤᠯᠠᠭᠠᠨ ᠲᠤᠭ᠎ᠠ ᠶᠢ ᠠᠷᠢᠯᠭᠠᠬᠤ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠬᠦᠴᠦᠨ︾ ᠢ ᠨᠡᠮᠡᠷᠢᠯᠡᠨ᠎ᠡ᠃ | ᠰᠢ ᠶᠢᠨ ᠫᠢᠩ᠂ ᠪᠦᠯᠬᠦᠮᠳᠡᠨ ᠬᠠᠮᠵᠢᠯᠴᠠᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠶᠠᠪᠤᠵᠤ ᠢᠷᠡᠭᠰᠡᠨ ᠠᠮᠵᠢᠯᠲᠠ ᠲᠠᠢ ᠲᠤᠷᠰᠢᠯᠭ᠎ᠠ ᠮᠥᠨ᠂ ᠪᠠᠰᠠ ᠴᠤ ᠰᠢᠨ᠎ᠡ ᠠᠶᠠᠨ ᠳᠤ ᠬᠤᠪᠢᠷᠠᠯᠲᠠ ᠶᠢ ᠠᠷᠭᠠᠴᠠᠭᠠᠬᠤ᠂ | ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠠᠰᠲ᠋ᠠᠨᠠ ᠶᠢᠨ ᠲᠦᠷᠦᠭᠦᠴᠦᠳ ᠤᠨ ᠬᠤᠷᠠᠯ ᠤᠨ | ᠳᠠᠷᠠᠭ᠎ᠠ᠂ ᠳᠤᠮᠳᠠᠳᠤ ᠤᠯᠤᠰ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠪᠣᠯᠣᠨ᠎ᠠ᠃ ᠳᠤᠮᠳᠠᠳᠤ | ᠤᠯᠤᠰ ᠳᠤᠷᠠᠲᠠᠶ᠎ᠠ ᠲᠤᠰ ᠵᠣᠬᠢᠶᠠᠨ ᠪᠠᠶᠢᠭᠤᠯᠤᠯᠲᠠ ᠶᠢᠨ ᠬᠠᠨᠢᠲᠠᠨ ᠲᠠᠢ ᠪᠦᠯᠬᠦᠮᠳᠡᠨ ᠬᠠᠮᠵᠢᠯᠴᠠᠵᠤ᠂ ︽ᠱᠠᠩᠬᠠᠢ ᠶᠢᠨ | ᠵᠣᠷᠢᠭ ᠰᠠᠨᠠᠭ᠎ᠠ︾ ᠶᠢ ᠮᠡᠳᠡᠷᠡᠬᠦ ᠨᠡᠩ ᠤᠯᠠᠨ ᠤᠯᠤᠰ ᠪᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠭᠠᠷ | ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠢᠷᠡᠭᠡᠳᠦᠢ ᠶᠢ ᠨᠡᠩ ᠭᠡᠭᠡᠨ ᠰᠠᠷᠠᠭᠤᠯ ᠪᠣᠯᠭᠠᠨ᠎ᠠ ᠭᠡᠵᠦ ᠴᠢᠬᠤᠯᠠᠴᠢᠯᠠᠪᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠡᠱᠧᠨᠺᠧ᠂ ᠺᠢᠷᠭᠢᠽᠰᠲ᠋ᠠᠨ ᠤ | ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠣᠷᠣᠰ ᠤᠨ ᠶᠡᠷᠦᠩᠬᠡᠶᠢᠯᠡᠭᠴᠢ ᠫᠦᠲ᠋ᠢᠨ᠂ | ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠢᠷᠠᠨ ᠤ | ᠣᠷᠣᠯᠠᠭᠴᠢ ᠶᠡᠷᠦᠩᠬᠡᠶᠢᠯᠡᠭᠴᠢ ᠮᠦᠾᠧᠪᠧᠶᠢᠷ ᠪᠣᠯᠣᠨ ᠡᠨᠡᠳᠬᠡᠭ ᠤᠨ ᠲᠥᠯᠥᠭᠡᠯᠡᠭᠴᠢ᠂ ᠠᠵᠢᠭᠯᠠᠭᠴᠢ ᠤᠯᠤᠰ ᠪᠤᠯᠬᠤ | ᠮᠣᠩᠭᠤᠯ ᠤᠯᠤᠰ ᠤᠨ ᠤᠳᠤᠷᠢᠳᠬᠤ ᠬᠥᠮᠥᠨ᠂ ᠲᠡᠷᠢᠭᠦᠯᠡᠭᠴᠢ ᠤᠯᠤᠰ ᠤᠨ ᠵᠣᠴᠢᠨ ᠠᠽᠧᠷᠪᠠᠶᠢᠵᠠᠨ᠂ ᠺᠠᠲ᠋ᠠᠷ᠂ ᠠᠷᠠᠪ ᠤᠨ | ᠬᠤᠯᠪᠣᠭᠠᠲᠤ ᠠᠬᠠᠮᠠᠳᠲᠤ ᠤᠯᠤᠰ᠂ ᠲᠦᠷᠺ᠂ ᠲᠦᠷᠺᠮᠧᠨᠰᠲ᠋ᠠᠨ ᠤ ᠤᠳᠤᠷᠢᠳᠤᠭᠴᠢ ᠵᠢᠴᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠪᠠ᠃ | ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠲᠦᠸᠧᠺᠠᠶᠧᠹ ᠤᠨ ᠬᠤᠷᠠᠯ ᠳᠤ ᠣᠷᠤᠯᠴᠠᠬᠤ | ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠳᠤ ᠣᠷᠣᠯᠴᠠᠬᠰᠠᠨ ᠪᠥᠭᠡᠳ ᠬᠠᠮᠲᠤ ᠭᠡᠷᠡᠯ | ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |