| | 2024 ᠣᠨ ᠳᠤ ᠮᠠᠨ ᠤ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ 89.74 | ᠲᠦᠮᠡᠨ ᠮᠤ᠋ ᠵᠠᠰᠠᠬᠤ ᠪᠠᠷ ᠪᠠᠶᠢᠵᠦ᠂ ᠡᠭᠦᠨ ᠳᠤ 46.09 ᠲᠦᠮᠡᠨ ᠮᠥ ︵ᠣᠶᠢᠵᠢᠭᠤᠯᠵᠤ ᠨᠣᠭᠤᠭᠠᠷᠠᠭᠤᠯᠬᠤ | ᠲᠥᠷᠥᠯ ᠵᠦᠶᠯ 0.8 ᠲᠦᠮᠡᠨ ᠮᠤ᠋᠂ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠢᠨᠵᠧᠨᠧᠷᠢᠩ 0.6 ᠲᠦᠮᠡᠨ ᠮᠥ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ 23.24 ᠲᠦᠮᠡᠨ ᠮᠥ᠂ ᠥᠪᠥᠷ | ᠮᠣᠩᠭᠤᠯ ᠾᠧᠪᠧᠶ ᠶᠢᠨ ᠵᠠᠭᠠᠭ ᠲᠠᠬᠢ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠶᠡᠷᠦᠩᠭᠡᠶᠢᠯᠡᠨ ᠵᠠᠰᠠᠬᠤ ᠡᠭᠦᠷᠭᠡ | ᠶᠢ ᠤᠷᠢᠳᠴᠢᠯᠠᠨ ᠪᠡᠶᠡᠯᠡᠬᠦᠯᠬᠦ 21.45 ᠲᠦᠮᠡᠨ ᠮᠥ︶ ᠡᠯᠡᠰᠦ ᠶᠢ ᠵᠠᠰᠠᠬᠤ ᠡᠭᠦᠷᠭᠡ ᠶᠢ ᠨᠢᠭᠡᠨᠳᠡ ᠡᠬᠢᠯᠡᠨ | ᠬᠡᠷᠡᠭᠵᠢᠭᠦᠯᠵᠦ᠂ ᠣᠳᠣᠬᠠᠨ ᠪᠣᠯᠲᠠᠯ᠎ᠠ ᠨᠢᠭᠡᠨᠲᠡ 48.87 ᠲᠦᠮᠡᠨ ᠮᠥ ᠶᠢ ᠪᠡᠶᠡᠯᠡᠭᠦᠯᠦᠭᠰᠡᠨ ᠪᠠᠶᠢᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤ ᠨᠢ ᠲᠤᠩᠭᠠᠯᠠᠭ᠂ ᠤᠷᠭᠤᠴᠠ ᠨᠢ | ᠦᠳᠭᠡᠨ ᠲᠠᠯ᠎ᠠ ᠨᠤᠳᠤᠭ ᠤᠨ ᠳᠠᠩᠰᠤᠭ ᠤᠷᠴᠢᠨ ᠢ ᠪᠤᠢ ᠪᠣᠯᠭᠠᠬᠤ ᠶᠢᠨ ᠲᠥᠯᠥᠭᠡ᠂ ᠣᠶᠢᠷ᠎ᠠ ᠶᠢᠨ ᠵᠢᠯ | ᠰᠢᠯᠤᠭᠤᠨ ᠬᠥᠬᠡ ᠬᠤᠰᠢᠭᠤ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠠᠮᠠᠭᠠᠯᠠᠬᠤ᠂ ᠨᠢᠰᠬᠡᠯ ᠢᠶᠠᠷ ᠳᠠᠷᠢᠬᠤ᠂ ᠪᠢᠲᠡᠭᠦᠮᠵᠢᠯᠡᠨ ᠳᠠᠷᠢᠬᠤ᠂ | ᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠬᠢ ᠰᠠᠶᠢᠨ ᠠᠮᠢ ᠠᠬᠤᠶ ᠶᠢᠨ ᠰᠢᠰᠲ᠋ᠧᠮ ᠢ ᠪᠣᠶ | ᠪᠣᠯᠭᠠᠵᠤ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠵᠠᠰᠠᠨ | ᠰᠠᠶᠢᠵᠢᠷᠠᠭᠤᠯᠤᠭᠰᠠᠨ ᠪᠠᠶᠢᠨ᠎ᠠ᠃ | 2024 ᠣᠨ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ | ᠳᠠᠶᠢᠯᠠᠯᠳᠤᠭᠠᠨ ᠤ ᠪᠣᠭᠤᠮᠲᠠ ᠰᠢᠪᠲᠤᠯᠬᠤ ᠵᠢᠯ ᠪᠣᠯᠤᠭᠰᠠᠨ ᠤ ᠬᠤᠪᠢ ᠳᠤ ᠰᠢᠯᠤᠭᠤᠨ ᠬᠦᠬᠡ ᠬᠤᠰᠢᠭᠤ ᠠᠮᠢ | ᠠᠬᠤᠢ ᠶᠢᠨ ᠵᠠᠰᠠᠯᠲᠠ ᠶᠢᠨ ᠠᠵᠢᠯ ᠢ ᠦᠷᠭᠦᠯᠵᠢᠯᠡᠨ ᠬᠦᠨᠵᠡᠭᠡᠢ ᠦᠷᠨᠢᠬᠦᠯᠵᠦ᠂ ︽ᠣᠢ ᠰᠢᠭᠤᠢ᠂ ᠡᠪᠡᠰᠦ | ᠪᠡᠯᠴᠢᠭᠡᠷ᠂ ᠨᠤᠭᠤ ᠭᠠᠵᠠᠷ︾ ᠢ ᠨᠢᠭᠡ ᠴᠣᠭᠴᠠᠵᠢᠭᠤᠯᠤᠨ ᠵᠠᠰᠠᠬᠤ᠂ ︽ᠣᠶᠢᠵᠢᠭᠤᠯᠬᠤ᠂ ᠬᠠᠮᠢᠶᠠᠷᠬᠤ᠂ | ᠬᠠᠮᠠᠭᠠᠯᠠᠬᠤ︾ ᠶᠢ ᠵᠡᠷᠭᠡᠪᠡᠷ ᠬᠡᠷᠡᠭᠵᠢᠭᠦᠯᠬᠦ ᠪᠠᠷ ᠳᠠᠮᠵᠢᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ | ᠵᠠᠰᠠᠬᠤ ᠠᠯᠬᠤᠴᠠ ᠪᠠᠨ ᠲᠦᠷᠭᠡᠳᠬᠡᠵᠦ᠂ ᠭᠤᠣᠯᠳᠠᠯᠭ᠎ᠠ ᠲᠠᠢ ᠵᠠᠰᠠᠬᠤ ᠪᠠ ᠨᠡᠶᠢᠳᠡᠮ ᠳᠤᠨᠢ ᠵᠠᠰᠠᠬᠤ ᠶᠢ ᠬᠠᠷᠢᠯᠴᠠᠨ | ᠤᠶᠠᠯᠳᠤᠭᠤᠯᠬᠤ᠂ ᠢᠨᠵᠧᠨᠧᠷᠢᠩ ᠤᠨ ᠠᠷᠭ᠎ᠠ ᠬᠡᠮᠵᠢᠶ᠎ᠡ ᠪᠠ ᠠᠶᠠᠨᠳᠠᠭᠠᠨ ᠵᠠᠰᠠᠨ ᠰᠡᠷᠭᠦᠭᠡᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠢ ᠡᠮᠬᠢ | ᠴᠡᠭᠴᠡ ᠲᠠᠢ ᠦᠷᠨᠢᠬᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ | ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠪᠣᠯᠭᠠᠨ᠂ ᠪᠦᠬᠦ ᠬᠤᠰᠢᠭᠤᠨ ᠤ ᠣᠢ ᠰᠢᠭᠤᠢ ᠨᠤᠲᠤᠭ | ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠵᠤ ᠪᠤᠢ᠃ | ᠰᠢᠯᠤᠭᠤᠨ ᠬᠥᠬᠡ ᠬᠤᠰᠢᠭᠤᠨ ᠤ ᠣᠶ ᠰᠢᠭᠤᠶ ᠶᠢᠨ ᠠᠵᠢᠯ ᠤᠨ ᠦᠷᠳᠡᠭᠡᠨ ᠤ ᠳᠡᠳ᠋ ᠳᠠᠷᠤᠭ᠎ᠠ ᠶᠠᠩ | ᠶᠠᠨ ᠴᠧᠩ᠄ ︽2024 ᠣᠨ ᠳᠤ ᠮᠠᠨ ᠤ ᠬᠤᠰᠢᠭᠤ ︿ᠥᠪᠥᠷ ᠮᠣᠩᠭᠤᠯ ᠾᠧᠪᠧᠢ ᠶᠢᠨ ᠵᠠᠭᠠᠭ﹀ ᠲᠠᠬᠢ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢ 31 ᠲᠦᠮᠡᠨ ᠮᠥ | ᠪᠡᠶᠡᠯᠡᠭᠦᠯᠬᠦ ᠪᠠᠷ ᠪᠠᠶᠢᠵᠦ ᠣᠳᠣᠬᠠᠨ ᠳᠤ 24.23 ᠲᠦᠮᠡᠨ ᠮᠥ ᠶᠢ ᠨᠢᠭᠡᠨᠳᠡ ᠪᠡᠶᠡᠯᠡᠭᠦᠯᠦᠨ᠂ ᠥᠪᠡᠷᠲᠡᠭᠡᠨ | ᠵᠠᠰᠠᠬᠤ ᠣᠷᠣᠨ ᠤ ᠣᠶᠢᠵᠢᠭᠤᠯᠵᠤ ᠨᠣᠭᠤᠭᠠᠷᠠᠭᠤᠯᠬᠤ ᠲᠥᠷᠥᠯ ᠵᠦᠶᠯ ᠢ 0.8 ᠲᠦᠮᠡᠨ ᠮᠥ᠂ ᠵᠡᠭᠦᠨ ᠬᠡᠰᠡᠭ ᠤᠨ | ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 0.6 ᠲᠦᠮᠡᠨ ᠮᠥ | ᠬᠡᠷᠡᠭᠵᠢᠭᠦᠯᠵᠦ᠂ ᠭᠤᠤᠯᠳᠠᠭᠤ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠶᠢ ᠪᠢᠲᠡᠭᠦᠮᠵᠢᠯᠡᠨ ᠡᠪᠡᠰᠦ ᠲᠠᠷᠢᠬᠤ᠂ | ᠬᠥᠮᠦᠨ ᠤ ᠬᠦᠴᠦ ᠪᠠᠷ ᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠥᠷᠥᠯ ᠵᠦᠶᠯ ᠤᠨ ᠲᠤᠭᠤᠷᠢᠭ ᠤᠨ | ᠬᠡᠪᠴᠢᠶᠠᠨ ᠳᠠᠬᠢ ᠨᠡᠭᠦᠳᠡᠯ ᠡᠯᠡᠰᠦᠷᠬᠡᠭ ᠭᠠᠵᠠᠷ ᠪᠠ ᠬᠠᠭᠠᠰ ᠲᠣᠭᠲᠠᠮᠠᠯ ᠡᠯᠡᠰᠦᠷᠬᠡᠭ ᠭᠠᠵᠠᠷ ᠢ ᠦᠨᠳᠦᠰᠦᠨ ᠳᠡᠭᠡᠨ | ᠲᠣᠭᠲᠠᠪᠤᠷᠢᠵᠢᠭᠤᠯᠵᠤ᠂ ᠤᠷᠭᠤᠮᠠᠯ ᠤᠨ ᠬᠤᠴᠢᠯᠭ᠎ᠠ ᠨᠡᠮᠡᠭᠳᠡᠨ᠂ ᠢᠯᠡᠷᠭᠡᠢ ᠦᠷ᠎ᠡ ᠪᠦᠲᠦᠮᠵᠢ ᠤᠯᠵᠠᠢ᠃ ᠪᠢᠳᠡ | ᠦᠷᠬᠦᠯᠵᠢᠯᠡᠨ ᠬᠦᠴᠢᠷ ᠢ ᠳᠡᠰᠪᠦᠷᠢᠯᠡᠨ ᠤᠳᠠᠭᠠᠨ ᠳᠠᠭᠠᠭᠠᠮᠠᠭᠠᠶ ᠠᠵᠢᠯᠯᠠᠵᠤ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠢᠯᠡᠯᠳᠡ ᠶᠢ ᠤᠯᠬᠤ ᠪᠠᠷ ᠴᠢᠷᠮᠠᠶᠢᠨ᠎ᠠ︾ ᠭᠡᠯᠡ᠃ | | ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ | ᠣᠷᠣᠯᠴᠠᠭᠤᠯᠬᠤ ᠶᠢᠨ ᠲᠤᠰᠠᠳᠠ ᠰᠢᠯᠤᠭᠤᠨ ᠬᠥᠬᠡ ᠬᠤᠰᠢᠭᠤ ︽ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ︾ ᠶᠢ ᠬᠡᠷᠡᠭᠵᠢᠭᠦᠯᠵᠦ᠂ ︽ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠬᠡ︾ ᠶᠢᠨ ᠬᠡᠯᠪᠡᠷᠢ ᠪᠠᠷ | ᠳᠠᠮᠵᠢᠭᠤᠯᠤᠨ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠵᠤ ᠡᠯᠡᠰᠦ ᠶᠢ ᠵᠠᠰᠠᠬᠤ ᠲᠥᠷᠥᠯ ᠵᠦᠢᠯ ᠳᠤ | ᠤᠷᠤᠯᠴᠠᠭᠤᠯᠤᠭᠰᠠᠨ ᠪᠠᠶᠢᠨ᠎ᠠ᠃ ᠡᠨᠡ ᠨᠢ ᠮᠠᠯᠴᠢᠨ ᠲᠠᠷᠢᠶᠠᠴᠢᠳ ᠲᠤ ᠠᠵᠢᠯ ᠣᠯᠭᠤᠬᠤ ᠲᠣᠬᠢᠶᠠᠯ ᠬᠠᠩᠭᠠᠭᠰᠠᠨ | ᠢᠶᠠᠷ ᠪᠠᠷᠠᠬᠤ ᠥᠬᠡᠶ ᠪᠠᠰᠠ ᠡᠯᠡᠰᠦ ᠶᠢ ᠵᠠᠰᠠᠬᠤ ᠪᠠ ᠤᠷᠤᠯᠭ᠎ᠠ ᠪᠠᠨ ᠨᠡᠮᠡᠭᠳᠡᠭᠦᠯᠬᠦ ᠶᠢ ᠣᠷᠭᠠᠨᠢᠭ ᠢᠶᠠᠷ | ᠤᠶᠠᠯᠳᠤᠭᠤᠯᠬᠤ ᠶᠢ ᠪᠡᠶᠡᠯᠡᠭᠦᠯᠵᠦ ᠴᠢᠳᠠᠵᠠᠢ᠃ ᠣᠳᠣᠬᠠᠨ ᠪᠣᠯᠲᠠᠯ᠎ᠠ᠂ 23 ᠬᠤᠷᠰᠢᠶᠠᠵᠢᠯ ᠬᠤᠯᠠᠨ ᠰᠢᠷᠭ᠎ᠠ ᠲᠠᠭ᠎ᠠ | ᠶᠢᠨ ᠡᠯᠡᠰᠦ ᠶᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠤᠷᠤᠯᠴᠠᠵᠤ᠂ ᠡᠯᠡᠰᠦ ᠶᠢ ᠵᠠᠰᠠᠬᠤ | ᠠᠵᠢᠯᠯᠠᠭ᠎ᠠ ᠳᠤ ᠣᠷᠣᠯᠴᠠᠭᠰᠠᠨ ᠮᠠᠯᠴᠢᠨ ᠲᠠᠷᠢᠶᠠᠴᠢᠨ ᠨᠢᠭᠡᠪᠦᠷᠢ ᠳᠤᠮᠳᠠᠴᠢ ᠪᠠᠷ ᠡᠳᠦᠷ ᠪᠦᠷᠢ 200 ᠠᠴᠠ 300 | ᠲᠥᠭᠦᠷᠢᠭ ᠤᠨ ᠤᠷᠤᠯᠭ᠎ᠠ ᠤᠯᠵᠤ ᠪᠤᠢ᠃ | ᠰᠢᠯᠤᠭᠤᠨ ᠬᠥᠬᠡ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠦᠷᠳᠡᠭᠡᠨ ᠤ ᠳᠠᠷᠤᠭ᠎ᠠ | ᠤᠨᠳᠤᠷᠭᠠᠨ᠄ ︽ᠰᠢᠯᠤᠭᠤᠨ ᠬᠥᠬᠡ ᠬᠤᠰᠢᠭᠤᠨ ᠤ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ | ᠵᠦᠢᠯ ᠤᠨ ᠶᠡᠷᠦᠩᠬᠡᠢ ᠲᠠᠯᠠᠪᠠᠢ ᠨᠢ 23.24 ᠲᠦᠮᠡᠨ ᠮᠦ ᠪᠠᠶᠢᠵᠤ᠂ 6 ᠰᠤᠮᠤ ᠪᠠᠯᠭᠠᠰᠤᠨ ᠤ 23 ᠭᠠᠴᠠᠭᠠᠨ ᠤ | 326 ᠡᠷᠦᠬᠡ ᠳᠤ ᠬᠤᠯᠪᠤᠭᠳᠠᠵᠤ ᠪᠤᠢ᠃ ᠡᠭᠦᠨ ᠳᠤ 23.24 ᠲᠦᠮᠡᠨ ᠮᠥ ᠶᠢ ᠬᠦᠷᠢᠶᠡᠯᠡᠨ᠂ 2.29 ᠲᠦᠮᠡᠨ | ᠮᠥ ᠳᠤ ᠨᠥᠬᠦᠵᠦ ᠳᠠᠷᠢᠵᠤ᠂ 0.42 ᠲᠦᠮᠡᠨ ᠮᠥ ᠳᠤ ᠤᠷᠭᠤᠮᠠᠯ ᠤᠨ ᠬᠠᠯᠬᠠᠪᠴᠢ ᠲᠠᠷᠢᠬᠤ᠂ 1.86 ᠲᠦᠮᠡᠨ | ᠮᠥ ᠳᠤ ᠡᠩ ᠤᠨ ᠬᠠᠯᠬᠠᠪᠴᠢ ᠪᠠᠶᠢᠭᠤᠯᠬᠤ᠂ 11.97 ᠲᠦᠮᠡᠨ ᠮᠥ ᠳᠤ ᠪᠣᠷᠲᠣᠭᠤᠷ ᠤᠷᠤᠭᠤᠯᠬᠤ ᠵᠡᠷᠭᠡ ᠠᠷᠭ᠎ᠠ | ᠬᠡᠯᠪᠡᠷᠢ ᠪᠠᠷ ᠶᠠᠪᠤᠭᠳᠠᠵᠠᠢ᠃ ᠲᠥᠷᠥᠯ ᠵᠦᠢᠯ ᠤᠨ ᠲᠤᠭᠤᠷᠢᠭ ᠤᠨ ᠪᠣᠳᠠᠲᠤ ᠪᠠᠶᠢᠳᠠᠯ ᠵᠢᠴᠢ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠷᠢᠶᠡᠯᠡᠵᠦ | ᠪᠢᠲᠡᠭᠦᠮᠵᠢᠯᠡᠨ ᠲᠠᠷᠢᠬᠤ᠂ ᠪᠡᠯᠴᠢᠭᠡᠷᠯᠡᠭᠦᠯᠬᠦ ᠶᠢ ᠬᠤᠷᠢᠭᠯᠠᠵᠤ ᠬᠠᠮᠠᠭᠠᠯᠠᠬᠤ ᠪᠠᠷ ᠭᠤᠣᠯ ᠪᠤᠯᠭᠠᠨ᠂ ᠢᠨᠵᠧᠨᠧᠷᠢᠩ | ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠨᠥᠬᠦᠵᠦ ᠲᠠᠷᠢᠬᠤ ᠪᠠ ᠪᠣᠷᠳᠣᠭᠤᠷ ᠣᠷᠣᠭᠤᠯᠬᠤ ᠪᠠᠷ ᠬᠠᠪᠰᠤᠷᠤᠮᠵᠢ | ᠪᠣᠯᠭᠠᠭᠰᠠᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠠᠪᠴᠤ᠂ ᠡᠯᠡᠰᠦᠷᠬᠡᠭ ᠭᠠᠵᠠᠷ ᠢ ᠬᠠᠭᠠᠰ ᠲᠣᠭᠲᠠᠪᠤᠷᠢᠭᠰᠠᠨ | ᠡᠯᠡᠰᠦᠷᠬᠡᠭ ᠭᠠᠵᠠᠷ ᠪᠣᠯᠭᠠᠨ ᠬᠤᠪᠢᠷᠠᠭᠤᠯᠵᠤ᠂ ᠬᠠᠭᠠᠰ ᠲᠣᠭᠲᠠᠪᠤᠷᠢᠵᠢᠭᠰᠠᠨ ᠡᠯᠡᠰᠦᠷᠬᠡᠭ ᠭᠠᠵᠠᠷ ᠢ | ᠲᠣᠭᠲᠠᠪᠤᠷᠢᠵᠢᠭᠰᠠᠨ ᠡᠯᠡᠰᠦᠷᠬᠡᠭ ᠭᠠᠵᠠᠷ ᠪᠣᠯᠭᠠᠨ ᠬᠤᠪᠢᠷᠠᠭᠤᠯᠵᠤ᠂ ᠣᠶ ᠰᠢᠭᠤᠢ ᠤᠷᠭᠤᠮᠠᠯ ᠤᠨ ᠬᠤᠴᠢᠯᠭ᠎ᠠ ᠶᠢ | ᠮᠡᠳᠡᠭᠳᠡᠬᠦᠶᠢᠴᠡ ᠳᠡᠭᠡᠭᠰᠢᠯᠡᠭᠦᠯᠦᠭᠰᠡᠨ ᠪᠠᠶᠢᠨ᠎ᠠ︾ ᠭᠡᠯᠡ᠃ | ᠡᠭᠦᠨ ᠤ ᠬᠠᠮᠲᠤ᠂ ᠰᠢᠯᠤᠭᠤᠨ ᠬᠥᠬᠡ ᠬᠤᠰᠢᠭᠤ ᠡᠯᠡᠰᠦ ᠶᠢ ᠵᠠᠰᠠᠬᠤ ᠮᠡᠷᠭᠡᠵᠢᠯ ᠪᠠ ᠠᠷᠭ᠎ᠠ ᠬᠡᠯᠪᠡᠷᠢ ᠪᠠᠨ | ᠲᠠᠰᠤᠷᠠᠯᠲᠠ ᠥᠬᠡᠶ ᠰᠢᠨᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠰᠠᠨ ᠲᠥᠰᠦᠯ ᠪᠠ ᠮᠡᠷᠭᠡᠵᠢᠯ ᠤᠨ | ᠬᠦᠴᠦᠨ ᠢᠶᠠᠷ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ ᠪᠤᠢ᠃ ᠡᠪᠡᠰᠦ ᠪᠡᠯᠴᠢᠭᠡᠷ ᠢᠶᠠᠷ | ᠡᠯᠡᠰᠦ ᠶᠢ ᠲᠣᠭᠲᠠᠪᠤᠷᠢᠵᠢᠭᠤᠯᠬᠤ᠂ ᠨᠢᠰᠬᠡᠯ ᠢᠶᠠᠷ ᠳᠠᠷᠢᠵᠤ ᠣᠶᠢᠵᠢᠭᠤᠯᠬᠤ᠂ ᠴᠦᠯᠯᠡᠷᠭᠡᠭᠵᠢᠯ ᠢ ᠶᠡᠷᠦᠩᠬᠡᠶᠢᠯᠡᠨ | ᠵᠠᠰᠠᠬᠤ ᠮᠠᠰᠢᠨ ᠬᠥᠮᠦᠨ᠂ ᠵᠢᠯᠣᠭᠤᠴᠢ ᠥᠬᠡᠶ ᠨᠢᠰᠬᠡᠯ ᠵᠡᠷᠭᠡ ᠠᠷᠭ᠎ᠠ ᠮᠡᠷᠭᠡᠵᠢᠯ ᠢ ᠥᠷᠭᠡᠨ ᠢᠶᠠᠷ ᠭᠡᠷᠡᠭᠯᠡᠵᠦ ᠡᠯᠡᠰᠦ | ᠶᠢ ᠵᠠᠰᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ | |