ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠠᠭᠠᠨᠮᠥ᠋ᠴᠢᠷ ᠤᠨ ᠲᠤᠰᠬᠠᠢ ᠳᠤᠭᠯᠠᠯᠳᠠ ᠶᠠᠪᠤᠭᠳᠠᠯ᠎ᠠ
ᠨᠡᠶᠢᠲᠡᠯᠡᠭᠰᠡᠨ ᠴᠠᠭ᠄
2024/8/13
        ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠭᠠᠨᠮᠥ᠋ᠴᠢᠷ ᠎ ᠤᠨ ᠦᠢᠯᠡᠰ ᠤᠨ ᠬᠥᠭᠵᠢᠯᠲᠡ ᠵᠢᠴᠢ 2024 ᠣᠨ ᠤ ︽ᠰᠢᠷ᠎ᠠ ᠲᠠᠯ᠎ᠠ ᠶᠢᠨ ᠵᠤᠨ︾ ᠰᠢᠷᠢᠰ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠬᠦᠨᠵᠡᠭᠡᠢ ᠠᠬᠢᠭᠤᠯᠤᠨ᠂ ᠬᠤᠶᠠᠷ ᠬᠤᠰᠢᠭᠤᠨ ᠤ ᠤᠯᠠᠭᠠᠨᠮᠥ᠋ᠴᠢᠷ ᠤᠨ ᠰᠣᠶᠣᠯ ᠎ ᠤᠨ ᠰᠣᠯᠢᠯᠴᠠᠭ᠎ᠠ ᠶᠢ ᠠᠬᠢᠭᠤᠯᠵᠤ ᠬᠠᠷᠢᠯᠴᠠᠨ ᠰᠤᠷᠤᠯᠴᠠᠬᠤ ᠶᠢᠨ ᠲᠤᠰᠠᠳᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠠᠭᠠᠨᠮᠥ᠋ᠴᠢᠷ 8 ᠰᠠᠷ᠎ᠠ ᠶᠢᠨ 8᠎ ᠤ ᠤᠷᠤᠢ ᠬᠤᠪᠢᠯᠠᠢ ᠳᠠᠯᠠᠪᠠᠢ ᠳᠤ ᠲᠤᠰᠬᠠᠢ ᠲᠤᠭᠯᠠᠯᠳᠠ ᠭᠠᠷᠭᠠᠯ᠎ᠠ᠃      ᠲᠣᠭᠯᠠᠯᠲᠠ ᠨᠢ ︽ᠠᠳᠤᠭᠤᠴᠢᠨ︾ ᠭᠡᠬᠦ ᠪᠦᠵᠢᠭ ᠢᠶᠠᠷ ᠡᠬᠢᠯᠡᠯᠳᠡ ᠶᠢᠨ ᠬᠦᠰᠢᠭᠡ ᠪᠠᠨ ᠰᠡᠬᠦᠵᠦ᠂ ︽ᠲᠠᠯ᠎ᠠ ᠨᠤᠲᠤᠭ︾ ︽ᠠᠯᠲᠠᠨ ᠨᠠᠮᠤᠷ︾ ︽ᠡᠵᠢ ᠳᠡᠭᠡᠨ ᠳᠠᠭᠤᠯᠠᠬᠤ ᠳᠠᠭᠤᠤ︾ ︽ᠴᠠᠭᠠᠨ ᠰᠠᠷᠠᠯ︾ ︽ᠭᠤᠶᠦᠯᠠᠯ ︾ ᠵᠡᠷᠭᠡ ᠳᠠᠭᠤᠤ ᠪᠦᠵᠢᠭ ᠨᠢ ᠤᠯᠠᠮᠵᠢᠯᠠᠯ ᠪᠠ ᠤᠳᠤ ᠦᠶ᠎ᠡ ᠶᠢᠨ ᠳᠠᠭᠤᠤ ᠤᠷᠠᠯᠢᠭ ᠤᠨ ᠠᠭᠤᠰᠤᠯᠴᠠᠯ ᠢ ᠪᠦᠷᠢᠨ ᠬᠠᠷᠠᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠦᠨᠳᠦᠰᠦᠨ ᠱᠠᠲᠤᠨ ᠳᠤ ᠰᠠᠭᠤᠷᠢᠰᠢᠬᠤ᠂ ᠣᠯᠠᠨ ᠲᠦᠮᠡᠨ ᠳᠤ ᠦᠶᠯᠡᠴᠢᠯᠡᠬᠦ ᠤᠯᠠᠭᠠᠨᠮᠥ᠋ᠴᠢᠷ ᠤᠨ ᠤᠭ ᠰᠠᠨᠠᠭ᠎ᠠ ᠡᠭᠦᠷᠭᠡ ᠵᠤᠷᠢᠯᠳᠠ ᠶᠢ ᠬᠦᠨᠵᠡᠭᠡᠢ ᠬᠠᠷᠠᠭᠤᠯᠵᠤ᠂ ᠦᠵᠡᠭᠴᠢᠳ ᠎ ᠤᠨ ᠳᠠᠭᠠᠰᠢᠶᠠᠯ ᠳᠤ ᠬᠦᠷᠦᠭᠰᠡᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号