ᠰᠢᠯᠤᠭᠤᠨ ᠬᠥᠬᠡ ᠬᠤᠰᠢᠭᠤ ᠦᠨᠳᠦᠰᠦᠨ ᠱᠠᠲᠤᠨ ᠤ ᠡᠮᠡᠭᠲᠡᠶᠢᠴᠦᠳ ᠤᠨ ᠭᠦᠢᠴᠡᠳᠬᠡᠭᠴᠢ ᠭᠡᠰᠢᠭᠦᠨ ᠤ ᠪᠣᠯᠪᠠᠰᠤᠷᠠᠯ  ᠡᠷᠬᠢᠯᠡᠪᠡ
ᠨᠡᠶᠢᠲᠡᠯᠡᠭᠰᠡᠨ ᠴᠠᠭ᠄
2024/8/20
         ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ‌ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 14 ᠤ ᠡᠳᠦᠷ᠂ ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠦᠨᠳᠦᠰᠦᠨ ᠱᠠᠲᠤᠨ ᠤ ᠡᠮᠡᠭᠲᠡᠶᠢᠴᠦᠳ ᠤᠨ ᠬᠦᠢᠴᠡᠳᠬᠡᠭᠴᠢ ᠭᠡᠰᠢᠭᠦᠨ  ᠤ ᠪᠣᠯᠪᠠᠰᠤᠷᠠᠯ ᠡᠷᠬᠢᠯᠡᠵᠦ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠡᠯ᠎ᠡ ᠭᠠᠴᠠᠭ᠎ᠠ ᠲᠣᠰᠬᠤᠨ  ︵ᠨᠡᠶᠢᠭᠡᠮ ᠲᠣᠭᠤᠷᠢᠭ︶ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠪᠣᠯᠪᠠᠰᠤᠷᠠᠯ ᠳᠤ ᠣᠷᠣᠯᠴᠠᠪᠠ᠃        ᠪᠤᠯᠪᠠᠰᠤᠷᠠᠯ ᠲᠡᠭᠡᠷ᠎ᠠ᠂ ᠬᠤᠰᠢᠭᠤ ᠡᠮᠡᠭᠳᠡᠶᠢᠴᠥᠥᠨ ᠤᠨ ᠬᠤᠯᠪᠤᠭᠠᠳᠤ ᠬᠤᠷᠠᠯ ᠤᠨ ᠨᠠᠮ ᠤᠨ ᠲᠤᠭᠤᠶᠢᠯᠠᠩ ᠤᠨ ᠱᠦᠵᠢ᠂ ᠲᠡᠷᠢᠬᠦᠯᠡᠭᠴᠢ ᠬᠠᠰᠭᠡᠷᠡᠯ ᠠᠴᠠ ︿︿ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ﹀﹀ ᠶᠢ ᠲᠠᠭᠠᠭᠤᠯᠥᠨ ᠰᠤᠷᠤᠯᠴᠬᠠᠰᠠᠠ ᠤ ᠬᠠᠮᠳᠤ ᠪᠥᠬᠦ ᠬᠤᠰᠢᠭᠤᠨ ᠤ ᠡᠯ᠎ᠠ ᠱᠠᠳᠤᠨ ‍ᠤ‌ᠡᠮᠡᠭᠳᠡᠶᠢᠴᠥᠥᠨ ‍ᠤᠨ‌ᠬᠤᠯᠪᠤᠭᠠᠳᠤ ᠬᠤᠷᠠᠯ ‍ᠤᠨ‌ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠵᠤᠬᠢᠶᠠᠨ ᠪᠠᠶᠢᠭᠤᠯᠥᠨ‌‍ᠰᠤᠷᠤᠯᠴᠠᠬᠤ ᠲᠤᠬᠠᠢ ᠪᠤᠳᠠᠳᠠᠢ ᠪᠠᠶᠢᠷᠢᠯᠠᠭᠤᠯᠥᠯᠳᠠ ᠬᠢᠭᠰᠡᠨ ᠪᠠᠶᠢᠨ᠎ᠠ᠃        ᠪᠣᠯᠪᠠᠰᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠡᠾᠦ᠋ᠸᠧ ᠷᠦᠢ ᠬᠤᠩ᠂  ︽ᠥᠭᠡᠷᠡᠴᠢᠯᠡᠯᠲᠡ ᠶᠢ ᠠᠳᠬᠤᠨ ᠬᠥᠭᠵᠢᠯᠲᠡ ᠶᠢ ᠠᠬᠢᠭᠤᠯᠵᠤ‌ᠠᠷᠠᠳ‌‍ᠤᠨ‌ᠠᠮᠢᠳᠤᠷᠠᠯ‌‍ᠤᠨ‌ᠵᠣᠯ ᠵᠢᠷᠭᠠᠯ  ᠢ ᠲᠠᠰᠤᠷᠠᠯᠲᠠ ᠥᠬᠡᠶ  ᠨᠡᠮᠡᠭᠳᠡᠬᠦᠯᠦᠶ᠎ᠡ︾ ᠭᠡᠬᠦ ᠰᠡᠳᠦᠪ  ᠤᠨ ᠲᠤᠭᠤᠷᠢᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠶᠡᠷᠦᠩᠬᠡᠶ ᠲᠣᠶᠢᠮᠣ ᠪᠠᠶᠢᠳᠠᠯ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠶ ᠱᠠᠭᠠᠷᠳᠠᠯᠭ᠎ᠠ᠂ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ  ᠲᠡᠭᠦᠯᠳᠡᠷᠵᠢᠬᠦᠯᠬᠦ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠬᠠᠭᠤᠯᠤᠨ ᠲᠠᠶᠢᠯᠪᠣᠷᠢᠯᠠᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ᠂ ᠴᠢᠬᠤᠯᠠ  ᠵᠠᠷᠴᠢᠮ ᠪᠠ ᠰᠢᠰᠲ᠋ᠧᠮ ᠤᠨ ᠪᠠᠶᠢᠷᠢᠯᠠᠭᠤᠯᠤᠯᠲᠠ  ᠢ ᠣᠯᠠᠮ ᠨᠢᠬᠡ ᠠᠯᠬᠤᠮ  ᠣᠶᠢᠯᠠᠭᠠᠭᠤᠯᠣᠠᠠᠰᠠᠨ  ᠪᠠᠶᠢᠨ᠎ᠠ᠃         ᠬᠤᠰᠢᠭᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠭᠰᠡᠨ ᠪᠥᠭᠡᠳ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠢᠴᠢ ᠭᠡᠷ ᠪᠦᠯᠢ ᠶᠢᠨ ᠳᠠᠩᠰᠠ ᠡᠳ᠋ ᠤᠨ ᠶᠠᠪᠤᠳᠠᠯ ᠢ ᠬᠠᠮᠢᠶᠠᠷᠬᠤ ᠲᠤᠬᠠᠶ ᠲᠠᠶᠢᠯᠤᠮᠵᠢ ᠬᠢᠵᠠᠢ᠃  ᠪᠥᠬᠦ ᠤᠷᠤᠯᠴᠬᠠᠰᠠᠥᠨ‌‍ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠳᠦᠷ ᠲᠤᠲᠤᠮ ᠤᠨ ᠠᠵᠢᠯ ᠤᠨ ᠳᠤᠮᠳᠠ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠡᠮᠡᠭᠲᠡᠶᠢᠴᠦᠳ  ᠤᠨ ᠠᠵᠢᠯ ᠢ ᠠᠩᠬᠠᠷᠣᠨ ᠬᠠᠯᠠᠮᠵᠢᠯᠠᠵᠣ᠂ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠪᠣᠳᠠᠲᠠᠶ ᠠᠷᠭ᠎ᠠ ᠪᠣᠳᠣᠯᠭ᠎ᠠ ᠳᠤᠷᠠᠳᠴᠤ᠂ ᠴᠢᠳᠠᠪᠤᠷᠢ ᠲᠠᠢ᠂ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶᠢᠨ ᠡᠮᠡᠭᠲᠡᠶ ᠺᠠᠳ᠋ᠷ ᠪᠣᠯᠤᠨ᠎ᠠ ᠬᠡᠵᠠᠬᠡᠯ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号