ᠰᠢᠯᠤᠭᠤᠨ  ᠬᠦᠬᠡ ᠬᠤᠰᠢᠭᠤᠨ ᠤ ᠬᠤᠶᠠᠳᠣᠭᠠᠷ ᠬᠤᠭᠤᠴᠠᠭᠠᠨ ᠤ ᠮᠣᠷᠢᠨ ᠣᠷᠣᠯᠳᠣᠭᠠᠨ ᠶᠠᠪᠤᠠᠠᠳᠠᠯ᠎ᠠ
ᠨᠡᠶᠢᠲᠡᠯᠡᠭᠰᠡᠨ ᠴᠠᠭ᠄
2024/8/20
        ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠮᠣᠷᠢᠨ ᠤ ᠭᠤᠤᠯ ᠰᠡᠳᠦᠪᠲᠦ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠮᠣᠷᠢᠨ ᠮᠡᠷᠭᠡᠵᠢᠯ  ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠠᠰᠤᠷᠠᠯᠲᠠ ᠥᠬᠡᠶ ᠥᠷᠭᠡᠳᠬᠡᠨ᠂ ᠮᠠᠨ ᠤ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 12 ᠤᠨ ᠡᠳᠦᠷ᠂  ᠰᠠᠶᠢᠨᠬᠤᠳᠳᠤᠭ ᠰᠤᠮᠤ ᠰᠢᠯᠤᠭᠤᠨ ᠬᠥᠬᠡ ᠬᠤᠰᠢᠭᠤᠨ ᠤ ᠵᠢᠷᠤᠭ᠎ᠠ ᠮᠣᠷᠢ᠂  ᠬᠠᠳᠠᠷᠢᠶ᠎ᠠ ᠮᠣᠷᠢᠨ ᠤ ᠨᠡᠶᠢᠬᠡᠮᠯᠢᠭ ᠲᠠᠢ ᠬᠠᠮᠲᠤᠷᠠᠨ᠂ 2024 ᠣᠨ ᠤ ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠬᠤᠭᠤᠴᠠᠭᠠᠨ ᠤ ᠵᠢᠷᠤᠭ᠎ᠠ ᠮᠣᠷᠢ᠂ ᠬᠠᠲᠠᠷᠢᠶ᠎ᠠ ᠮᠣᠷᠢᠨ ᠤ ᠤᠷᠤᠯᠳᠤᠭᠠᠨ ᠢ ᠡᠷᠬᠢᠯᠡᠨ ᠶᠠᠪᠤᠠᠠᠳᠠᠭᠤᠯᠪᠠ᠃    ᠤᠷᠤᠯᠳᠤᠭᠠᠨ ᠨᠢ ᠮᠣᠩᠭᠤᠯ ᠮᠤᠷᠢᠨ ᠤ ᠵᠢᠷᠤᠭ᠎ᠠ ᠮᠣᠷᠢ᠂ ᠬᠠᠲᠠᠷᠢᠶ᠎ᠠ ᠮᠤᠷᠢᠨ ᠤ ᠤᠷᠤᠯᠳᠤᠭᠠᠨ᠂  ᠡᠬᠦᠯᠳᠡᠷ  ᠤᠨ ᠵᠢᠷᠤᠭ᠎ᠠ ᠮᠣᠷᠢ᠂ ᠬᠠᠲᠠᠷᠢᠶ᠎ᠠ ᠮᠤᠷᠢᠨ ᠤ ᠤᠷᠤᠯᠳᠤᠭᠠᠨ᠂ 3 ᠨᠠᠰᠣ᠂ 4  ᠨᠠᠰᠣᠨ ᠤ ᠬᠠᠲᠠᠷᠢᠶ᠎ᠠ ᠮᠤᠷᠢᠨ ᠤ ᠤᠷᠤᠯᠳᠤᠭᠠᠨ ᠭᠡᠵᠦ ᠲᠠᠪᠤᠨ  ᠲᠦᠷᠦᠯ ᠬᠤᠪᠢᠶᠠᠨ ᠶᠠᠪᠤᠠᠠᠳ᠋ᠬᠠᠰᠠᠨ ᠪᠠᠶᠢᠨ᠎ᠠ᠃   ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂  ᠪᠣᠱᠣᠣᠳᠠᠢ ᠰᠣᠮᠣᠨ ᠤ ᠨᠡᠬᠦᠳᠡᠬᠡᠢ ᠭᠠᠴᠠᠭᠠᠨ ᠤ ᠪᠦᠷᠢᠨᠴᠤᠭᠲᠤ᠂ ᠰᠠᠩ ᠤᠨ ᠳᠠᠯᠠᠢ ᠪᠠᠯᠭᠠᠰᠤᠨ ᠤ ᠵᠢᠪᠬᠤᠯᠠᠩᠲᠤ ᠭᠠᠴᠠᠭᠠᠨ ᠤ ᠰᠡᠴᠡᠨᠪᠠᠲᠤ ᠶᠢᠨ ᠮᠣᠷᠢ ᠲᠤᠰ ᠲᠤᠰ  ᠵᠢᠷᠤᠭ᠎ᠠ ᠮᠣᠷᠢᠨ ᠤ ᠨᠢᠭᠡ ᠬᠤᠶᠠᠷ ᠲᠤ ᠰᠢᠯᠭᠠᠷᠠᠵᠣ᠂ ᠰᠠᠩ ᠤᠨ ᠲᠡᠯᠡᠶ ᠪᠠᠯᠭᠠᠰᠤᠨ ᠤ  ᠪᠣᠯᠠᠭᠠᠨᠴᠠᠭᠠᠨ ᠭᠠᠴᠠᠭᠠᠨ  ᠤ  ᠭᠠᠩᠪᠣᠯᠣᠳ᠂ ᠰᠠᠶᠢᠨᠬᠤᠳᠳᠤᠭ ᠰᠤᠮᠤᠨ ᠤ ᠴᠠᠭᠠᠠᠣᠪᠣᠭ᠎ᠠ ᠭᠠᠴᠠᠭᠠᠨ ᠤ ᠵᠤ᠋ ᠡᠯ ᠮᠢᠨ ᠤ ᠮᠣᠷᠢ ᠲᠣᠰ ᠲᠣᠰ  ᠬᠠᠳᠠᠷᠢᠶ᠎ᠠ ᠮᠣᠷᠢᠨ ᠤ ᠤᠷᠤᠯᠳᠤᠭᠠᠨ ᠤ ᠡᠮᠦᠨ᠎ᠡ ᠬᠤᠶᠠᠷ ᠲᠤ ᠲᠤᠳᠤᠷᠠᠵᠤ᠂ ᠰᠠᠩ ᠤᠨ ᠳᠠᠯᠠᠢ ᠪᠠᠯᠭᠠᠰᠤᠨ ᠤ ᠪᠠᠶᠠᠨᠰᠦ᠋ᠷᠦᠭ ᠭᠠᠴᠠᠭᠠᠨ ᠤ  ᠴᠠᠩᠭᠢᠨᠠᠮ᠎ᠠ᠂ ᠰᠠᠩ ᠤᠨ ᠳᠠᠯᠠᠢ ᠪᠠᠯᠭᠠᠰᠤᠨ ᠤ ᠲᠥᠭᠦᠷᠢᠭ ᠭᠠᠴᠠᠭᠠᠨ ᠤ  ᠹᠧᠩ ᠵᠢᠶᠦ᠋ᠨ ᠤ ᠮᠣᠷᠢ ᠲᠤᠰ ᠲᠤᠰ ᠡᠭᠦᠯᠳᠡᠷ  ᠤᠨ ᠵᠢᠷᠤᠭ᠎ᠠ ᠮᠣᠷᠢᠨ ᠤ ᠤᠷᠤᠯᠳᠤᠭᠠᠨ ᠤ ᠲᠦᠷᠦᠭᠦᠦ ᠬᠤᠶᠠᠷ  ᠳᠤ  ᠢᠷᠡᠵᠤ᠂  ᠰᠠᠶᠢᠨᠬᠤᠳᠳᠤᠭ ᠰᠣᠮᠣᠨ ᠤ ᠴᠠᠭᠠᠠᠣᠪᠣᠭ᠎ᠠ ᠭᠠᠴᠠᠭᠠᠨ ᠤ ᠥᠯᠵᠡᠶᠢᠵᠢᠷᠭᠠᠯ᠂ ᠱᠠᠩᠳᠤ ᠪᠠᠯᠭᠠᠰᠤᠨ ᠤ ᠬᠠᠰ ᠤᠨ ᠮᠣᠷᠢ ᠨᠢ ᠲᠤᠰ ᠲᠤᠰ ᠡᠭᠦᠯᠳᠡᠷ ᠤᠨ ᠬᠠᠳᠠᠷᠢᠶ᠎ᠠ ᠮᠣᠷᠢᠨ ᠤ ᠤᠷᠤᠯᠳᠤᠭᠠᠨ  ᠤ ᠡᠮᠦᠨ᠎ᠡ ᠬᠤᠶᠠᠷ  ᠲᠤ  ᠰᠢᠯᠭᠠᠷᠠᠵᠤ᠂ ᠰᠠᠩ ᠤᠨ ᠲᠡᠯᠡᠶ ᠪᠠᠯᠭᠠᠰᠤᠨ ᠤ ᠵᠢᠪᠬᠤᠯᠠᠩᠲᠤ ᠭᠠᠴᠠᠭᠠᠨ ᠤ ᠪᠦᠷᠢᠨ᠂ ᠰᠠᠶᠢᠨᠬᠤᠳᠳᠤᠭ ᠰᠤᠮᠤᠨ ᠤ ᠨᠠᠷᠠᠰᠤᠲᠤ ᠭᠠᠴᠠᠭᠠᠨ ᠤ ᠠᠯᠠᠮᠠᠰ ᠤᠨ ᠮᠣᠷᠢ ᠲᠣᠰ ᠲᠣᠰ 3  ᠨᠠᠰᠣ᠂ 4  ᠨᠠᠰᠣᠨ ᠤ ᠵᠢᠷᠤᠭ᠎ᠠ᠂ ᠬᠠᠲᠠᠷᠢᠶ᠎ᠠ ᠮᠣᠷᠢᠨ ᠤ ᠤᠷᠤᠯᠳᠤᠭᠠᠨ ᠤ ᠡᠮᠦᠨ᠎ᠡ ᠬᠤᠶᠠᠷ  ᠲᠤ  ᠲᠤᠳᠤᠷᠠᠵᠤ᠂ ᠤᠷᠤᠯᠳᠤᠭᠠᠨ ᠪᠦᠷᠢ  ᠶᠢᠨ ᠡᠮᠦᠨ᠎ᠡ ᠨᠠᠶᠮᠠᠨ ᠨᠡᠷᠡᠰ ᠢ ᠲᠣᠰ ᠲᠣᠰ  ᠱᠠᠩᠨᠠᠵᠠᠢ᠃   ᠰᠢᠯᠤᠭᠤᠨ ᠬᠥᠬᠡ ᠬᠤᠰᠢᠭᠤᠨ ᠤ   ᠬᠠᠳᠠᠷᠢᠶ᠎ᠠ ᠵᠢᠷᠤᠭ᠎ᠠ ᠮᠣᠷᠢᠨ ᠤ ᠨᠡᠶᠢᠭᠡᠮᠯᠢᠭ ᠤᠨ ᠳᠠᠷᠤᠭ᠎ᠠ‌‍ᠲ᠋ᠤᠭᠤᠭᠠᠨᠳᠡᠮᠥᠷ᠄ ︽ᠲᠤᠰ ᠬᠤᠭᠤᠴᠠᠭᠠᠨ ᠤ ᠰᠢᠯᠤᠭᠤᠨ ᠬᠥᠬᠡ ᠬᠤᠰᠢᠭᠤᠨ ᠤ ᠵᠢᠷᠤᠭ᠎ᠠ‌ᠮᠣᠷᠢ᠂ ᠬᠠᠳᠠᠷᠢᠶ᠎ᠠ‌ᠮᠣᠷᠢᠨ‌‍ᠤ‌ᠤᠷᠤᠯᠳᠤᠭᠠᠨ‌‍ᠲ᠋ᠡᠭᠦᠰ‌ᠠᠮᠵᠢᠯᠲᠠ‌‍ᠲ᠋ᠠᠶ  ᠦᠨᠳᠦᠷᠯᠡᠯ᠎ᠡ᠃ ᠪᠢᠳᠡ ᠵᠢᠷᠤᠭ᠎ᠠ ᠮᠣᠷᠢ᠂ ᠬᠠᠲᠠᠷᠢᠶ᠎ᠠ ᠮᠤᠷᠢᠨ  ᠤ ᠨᠡᠶᠢᠭᠡᠮᠯᠢᠭ ᠢ ᠪᠠᠶᠢᠭᠤᠯᠤᠭᠠᠳ ᠨᠢᠭᠡᠨᠲᠡ ᠵᠢᠷᠭᠤᠭᠠᠨ ᠵᠢᠯ ᠪᠤᠯᠵᠤ ᠪᠠᠶᠢᠨ᠎ᠠ᠂ ᠰᠠᠶᠢᠨᠬᠤᠳᠳᠤᠭ ᠰᠤᠮᠤᠨ ᠤ ᠨᠠᠮ  ᠤᠨ ᠬᠤᠷᠢᠶ᠎ᠠ ᠵᠠᠰᠠᠭ ᠤᠨ ᠣᠷᠳᠣᠨ᠂ ᠰᠢᠯᠤᠭᠤᠨ ᠬᠦᠭᠡ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ  ᠳᠡᠮᠵᠢᠯᠭᠡ ᠳᠤ ᠲᠠᠯᠠᠷᠬᠠᠵᠤ ᠪᠠᠶᠢᠨ᠎ᠠ ︾ ᠬᠡᠯ᠎ᠡ᠃   ᠲᠣᠰ ᠤᠳᠠᠭᠠᠨ ᠤ ᠤᠷᠤᠯᠳᠤᠭᠠᠨ ᠨᠢ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠮᠣᠷᠢᠨ ᠮᠡᠷᠭᠡᠵᠢᠯ ᠤᠨ ᠣᠷᠣᠨ ᠵᠠᠢ ᠶᠢ ᠥᠷᠭᠡᠳᠬᠡᠵᠦ᠂ ᠰᠠᠶᠢᠨᠬᠤᠳᠳᠤᠭ ᠰᠤᠮᠤᠨ ᠤ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠵᠣ ᠪᠣᠢ᠃ ᠲᠠᠷᠠᠭᠠᠴᠢ ᠶᠢᠨ ᠠᠯᠬᠤᠮ ᠳᠤ ᠰᠠᠶᠢᠨᠬᠤᠳᠳᠤᠭ ᠰᠤᠮᠤ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠣᠯᠠᠨ ᠠᠷᠭ᠎ᠠ ᠠᠪᠴᠠᠯ ᠢᠶᠠᠷ ᠡᠯ᠎ᠡ ᠲᠥᠷᠥᠯ ᠤᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠭᠠᠵᠠᠷ ᠣᠷᠣᠨ ᠤ ᠤᠯᠠᠮᠵᠢᠯᠠᠯᠲᠤ ᠰᠣᠶᠣᠯ ᠪᠠ ᠣᠷᠣᠨ ᠪᠦᠰᠡ ᠶᠢᠨ ᠣᠨᠴᠠᠯᠢᠭ ᠢᠶᠠᠨ ᠭᠦᠶᠴᠡᠳ ᠢᠯᠡᠷᠡᠭᠦᠯᠵᠦ᠂ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠪᠤᠯᠥᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号