︿ᠳᠣᠷᠣᠨᠠᠳᠠᠬᠢᠨ ᠤ ᠰᠤᠩᠭᠤᠮᠠᠯ﹀ ᠪᠦᠯᠬᠦᠮ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠠᠶᠢᠯᠴᠢᠯᠠᠯ᠎ᠠ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 18 ᠤ ᠡᠳᠦᠷ᠂ ︿ᠳᠣᠷᠣᠨᠠᠳᠠᠬᠢᠨ ᠤ ᠰᠤᠩᠭᠤᠮᠠᠯ﹀ ᠪᠦᠯᠬᠦᠮ ᠤᠨ ᠬᠢᠨ ᠰᠢᠯᠤᠭᠤᠨ ᠬᠦᠭᠡ ᠬᠤᠰᠢᠭᠤᠨ ᠳᠤ ᠢᠷᠡᠵᠦ᠂ ︿ᠰᠢᠨ᠎ᠡ ᠲᠤᠷᠤᠨᠠᠳᠠᠬᠢᠨ﹀ ᠢ ᠡᠭᠦᠰᠭᠡᠨ ᠪᠠᠶᠢᠭᠤᠯᠤᠭᠴᠢ ᠢᠦᠢ ᠮᠢᠨ ᠬᠤᠩ ᠨᠠᠷ ᠶᠤᠸᠠᠨ  ᠤ ᠳᠡᠭᠡᠳᠦ ᠨᠡᠶᠢᠰᠯᠡᠯ ᠤᠨ ᠪᠠᠭᠤᠷᠢ ᠪᠠᠷ ᠲᠤᠭᠤᠷᠢᠨ ᠦᠵᠡᠵᠦ ᠰᠢᠭᠤᠳ ᠨᠡᠪᠳᠡᠷᠡᠭᠦᠯᠭᠡ ᠬᠢᠯ᠎ᠡ᠃    ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠰᠢᠭᠤᠳ ᠨᠡᠪᠲᠡᠷᠡᠭᠦᠯᠭᠡ ᠪᠠᠷ   ᠭᠤᠴᠤ ᠰᠠᠶᠢᠬᠠᠨ ᠳᠠᠭᠤᠤ ᠪᠦᠵᠢᠭ ᠤᠨ ᠲᠤᠭᠯᠠᠯᠳᠠ ᠭᠠᠷᠭᠠᠨ ᠰᠢᠯᠤᠭᠤᠨ ᠬᠥᠬᠡ ᠬᠤᠰᠢᠭᠤᠨ ᠤ ᠥᠪᠡᠷᠮᠢᠴᠡ ᠰᠣᠶᠣᠯ ᠤᠨ ᠷᠢᠳᠢ ᠰᠢᠳᠢ ᠪᠠ ᠲᠠᠯ᠎ᠠ ᠨᠤᠲᠤᠭ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠬᠠᠷᠠᠭᠤᠯᠵᠤ᠂ ᠲᠡᠦᠬᠡ ᠰᠣᠶᠣᠯ ᠪᠣᠯᠤᠨ ᠲᠠᠯ᠎ᠠ ᠨᠤᠲᠤᠭ ᠤᠨ ᠭᠤᠶᠤ ᠰᠠᠶᠢᠬᠠᠨ ᠦᠩᠭᠡ ᠦᠵᠡᠮᠵᠢ ᠶᠢ ᠮᠠᠬᠳᠠᠨ ᠳᠠᠭᠤᠯᠠᠭᠰᠠᠨ ᠪᠠᠶᠢᠨ᠎ᠠ᠃    ᠢᠦᠢ ᠮᠢᠨ ᠬᠤᠩ ︿ᠳᠣᠷᠣᠨᠠᠳᠠᠬᠢᠨ ᠤ ᠰᠤᠩᠭᠤᠮᠠᠯ﹀ ᠳᠠᠪᠴᠠᠩ ᠤᠨ ᠨᠡᠪᠲᠡᠷᠡᠭᠦᠯᠦᠭᠴᠢᠳ ᠲᠠᠢ ᠬᠠᠮᠲᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠤᠯᠠᠨ ᠳᠤ ᠳᠠᠨᠢᠯᠴᠠᠭᠤᠯᠵᠤ᠂ ᠪᠠᠭᠤᠷᠢ ᠶᠢᠨ ᠪᠠᠶᠢᠷᠢᠰᠢᠯ᠂ ᠲᠤᠬᠠᠢ  ᠶᠢᠨ ᠦᠶ᠎ᠡ ᠶᠢᠨ ᠪᠠᠷᠢᠯᠭ᠎ᠠ ᠶᠢᠨ ᠬᠡᠪ ᠨᠠᠮᠪᠠ ᠵᠢᠴᠢ ᠲᠡᠦᠬᠡ ᠰᠣᠶᠣᠯ ᠤᠨ ᠠᠭᠤᠯᠤᠭᠳᠠᠬᠤᠨ ᠤ ᠲᠤᠬᠠᠢ ᠬᠦᠮᠦᠰ ᠤᠨ ᠲᠠᠨᠢᠯᠲᠠ ᠶᠢ ᠤᠯᠠᠮ ᠬᠦᠨᠵᠡᠭᠡᠶᠢᠷᠡᠭᠦᠯᠦᠭᠰᠡᠨ ᠪᠠᠶᠢᠨ᠎ᠠ᠃    ᠰᠢᠭᠤᠳ ᠨᠡᠪᠲᠡᠷᠡᠭᠦᠯᠭᠡ ᠶᠢᠨ ᠦᠵᠡᠭᠴᠢᠳ ᠤᠨ ᠲᠤᠭ᠎ᠠ ᠤᠬᠤᠷᠬᠠᠨ ᠬᠤᠭᠤᠴᠠᠭᠠᠨ ᠳᠤ ᠠᠷᠪᠠᠨ ᠲᠦᠮᠡ ᠶᠢ ᠳᠠᠪᠠᠵᠤ᠂ ᠰᠦᠯᠵᠢᠶᠡᠨ ᠠᠨᠳᠠ ᠠᠴᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠩᠭᠡ ᠦᠵᠡᠮᠵᠢ᠂ ᠰᠢᠯᠤᠭᠤᠨ ᠬᠦᠭᠡ ᠬᠤᠰᠢᠭᠤᠨ ᠤ ᠰᠤᠶᠤᠯ ᠳᠡᠦᠭᠡ ᠶᠢᠨ ᠲᠤᠬᠠᠢ ᠮᠠᠰᠢ ᠤᠯᠠᠨ ᠰᠤᠨᠢᠷᠬᠠᠯᠳᠠᠢ ᠠᠰᠠᠭᠤᠯᠳᠠ ᠳᠤᠷᠠᠳᠤᠨ ᠢᠳᠡᠪᠬᠢᠳᠡᠢ ᠤᠷᠤᠯᠴᠠᠵᠤ ᠪᠠᠶᠢᠯ᠎ᠠ᠃     ᠰᠢᠭᠤᠳ ᠨᠡᠪᠳᠡᠷᠡᠭᠦᠯᠭᠡ ᠶᠢᠨ ᠳᠠᠷᠠᠭ᠎ᠠ ᠢᠦᠢ ᠮᠢᠨ ᠬᠤᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠠᠳᠡᠬᠢ ᠦᠩᠭᠡ ᠦᠵᠡᠮᠵᠢ ᠶᠢ ︿ᠭᠤᠶᠤ ᠰᠠᠶᠢᠬᠠᠨ﹀ ︿ᠦᠷᠭᠡᠨ ᠠᠭᠤᠳᠠᠮ﹀ ᠭᠡᠳᠡᠭ ᠦᠬᠡ ᠪᠠᠷ ᠯᠡ ᠵᠦᠢᠷᠯᠡᠪᠡᠯ ᠵᠤᠬᠢᠰᠳᠠᠢ᠃ ᠠᠳᠡ ᠠᠴᠠ ᠲᠠᠯ᠎ᠠ ᠨᠤᠲᠤᠭ ᠤᠨ ᠦᠵᠡᠮᠵᠢ ᠶᠢ ᠰᠤᠨᠢᠷᠬᠠᠵᠤ ᠪᠤᠯᠬᠤ ᠪᠠᠷ ᠪᠠᠷᠠᠬᠤ ᠦᠭᠡᠢ ᠪᠠᠰᠠ ᠰᠤᠶᠤᠯ ᠳᠡᠦᠭᠡ ᠶᠢ ᠤᠶᠢᠯᠠᠭᠠᠵᠤ ᠪᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠣᠯ ᠳᠤᠮᠳᠠᠳᠤ ᠤᠯᠤᠰ  ᠤᠨ ᠤᠯᠠᠨ ᠦᠨᠳᠦᠰᠦᠲᠡᠨ ᠤ ᠰᠣᠶᠣᠯ ᠤᠨ ᠰᠣᠯᠢᠯᠴᠠᠭ᠎ᠠ ᠶᠢ ᠬᠤᠯᠪᠣᠭᠰᠠᠨ ᠭᠠᠵᠠᠷ ᠪᠤᠯᠬᠤ ᠪᠠᠷ ᠪᠠᠷᠠᠬᠤ ᠦᠭᠡᠢ ᠪᠠᠰᠠ ᠴᠦ ᠲᠡᠦᠬᠡ ᠶᠢᠨ ᠭᠡᠷᠡᠴᠢ ᠪᠣᠯᠬᠤ ᠶᠤᠮ ︾ ᠭᠡᠯ᠎ᠡ᠃    ᠲᠤᠰ ᠤᠳᠠᠭᠠᠨ ᠤ ᠰᠢᠭᠤᠳ ᠨᠡᠪᠲᠡᠷᠡᠭᠦᠯᠭᠡ ᠨᠢ ᠰᠦᠯᠵᠢᠶᠠᠨ ᠤᠷᠴᠢᠨ ᠳᠠᠬᠢ ᠰᠢᠯᠤᠭᠤᠨ ᠬᠥᠬᠡ ᠬᠤᠰᠢᠭᠤᠨ  ᠤ ᠠᠯᠳᠠᠷᠰᠢᠯ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠪᠥᠬᠦ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠪᠠ ᠰᠣᠶᠣᠯ ᠢ ᠤᠯᠠᠮᠵᠢᠯᠠᠬᠤ ᠳᠤ ᠢᠳᠡᠪᠬᠢᠲᠡᠶ ᠦᠶᠯᠡᠳᠦᠯ ᠦᠵᠡᠭᠦᠯᠦᠭᠰᠡᠨ ᠪᠠᠶᠢᠨ᠎ᠠ᠃ ︿ᠳᠣᠷᠣᠨᠠᠳᠠᠬᠢᠨ ᠤ ᠰᠤᠩᠭᠤᠮᠠᠯ﹀ ᠪᠦᠯᠬᠦᠮ ᠪᠠ ᠢᠦᠢ ᠮᠢᠨ ᠬᠤᠩ ᠪᠠᠭᠰᠢ ᠶᠢᠨ ᠠᠶᠢᠯᠴᠢᠯᠠᠵᠤ ᠢᠷᠡᠭᠰᠡᠨ ᠨᠢ ᠦᠵᠡᠰᠬᠦᠯᠡᠩᠲᠦ ᠰᠠᠶᠢᠬᠠᠨ ᠰᠢᠯᠤᠭᠤᠨ ᠬᠥᠬᠡ ᠬᠤᠰᠢᠭᠤ ᠵᠢᠴᠢ ᠮᠢᠩᠭᠠᠨ ᠤᠨ ᠤ ᠰᠣᠶᠣᠯ ᠢ ᠠᠴᠢᠶᠠᠯᠠᠭᠰᠠᠨ ᠶᠤᠸᠠᠨ ᠤ ᠳᠡᠭᠡᠰᠦ ᠨᠡᠶᠢᠰᠯᠡᠯ ᠤᠨ ᠪᠠᠭᠤᠷᠢ ᠶᠢ ᠳᠠᠬᠢᠨ ᠨᠢᠭᠡ ᠤᠳᠠᠭ᠎ᠠ ᠤᠯᠠᠨ ᠤ ᠬᠠᠷᠠᠭᠠᠨ ᠳᠤ ᠬᠦᠷᠳᠡᠭᠡᠵᠦ᠂ ᠨᠡᠩ ᠤᠯᠠᠨ ᠬᠦᠮᠦᠰ ᠢ ᠲᠡᠦᠬᠡ ᠶᠢᠨ ᠠᠭᠤᠯᠤᠭᠳᠠᠬᠤᠨ ᠪᠠ ᠪᠠᠶᠢᠭᠠᠯᠢ ᠶᠢᠨ ᠭᠤᠸ᠎ᠠ ᠰᠠᠶᠢᠬᠠᠨ ᠪᠦᠷᠢᠳᠦᠭᠰᠡᠨ ᠲᠠᠯ᠎ᠠ ᠨᠤᠳᠤᠭ ᠲᠤ ᠤᠷᠢᠨ ᠢᠷᠡᠬᠦᠯᠬᠦ ᠨᠢ ᠳᠠᠮᠵᠢᠭ ᠦᠭᠡᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号