ᠰᠢᠯᠤᠭᠤᠨ ᠬᠥᠬᠡ ᠬᠤᠰᠢᠭᠤᠨ ᠤ  ︽ᠲᠠᠯ᠎ᠠ ᠨᠤᠲᠤᠭ ᠤᠨ ᠨᠣᠮ ᠤᠨ ᠥᠷᠥᠭᠡ︾  ᠶᠢᠨ ᠨᠣᠮ ᠪᠢᠴᠢᠭ ᠢ ᠰᠤᠷᠭᠠᠭᠤᠯᠢ ᠂ ᠨᠡᠶᠢᠭᠡᠮ ᠲᠣᠭᠤᠷᠢᠭ ᠲᠤ  ᠣᠷᠣᠭᠤᠯᠪᠡ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 15 ᠤ ᠡᠳᠦᠷ᠂ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠤ ᠬᠤᠶᠠᠷ ᠪᠤᠮᠪᠤ ᠨᠡᠶᠢᠭᠡᠮ ᠲᠣᠭᠤᠷᠢᠭ ᠲᠤ  ︽ᠲᠠᠯ᠎ᠠ ᠨᠤᠲᠤᠭ ᠤᠨ ᠨᠣᠮ ᠤᠨ ᠥᠷᠥᠭᠡ︾  ᠵᠢᠨ‌ᠨᠤᠮ ᠪᠢᠴᠢᠭ ᠢ ᠰᠤᠷᠭᠠᠭᠤᠯᠢ᠂ ᠨᠡᠶᠢᠭᠡᠮ ᠲᠣᠭᠤᠷᠢᠭ ᠲᠤ  ᠣᠷᠣᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠣᠭᠤᠯᠵᠦ᠂ ᠱᠠᠩᠳᠤ ᠪᠠᠯᠭᠠᠰᠤᠨ ᠤ 2 ᠨᠡᠶᠢᠭᠡᠮ ᠲᠣᠭᠤᠷᠢᠭ ᠪᠠ 2 ᠰᠤᠷᠭᠠᠭᠤᠯᠢ ᠳᠤ ᠪᠥᠬᠦ ᠬᠤᠰᠢᠭᠤᠨ ᠤ 103 ᠲᠠᠯ᠎ᠠ ᠨᠤᠲᠤᠭ ᠤᠨ ᠨᠣᠮ ᠤᠨ ᠥᠷᠥᠭᠡ‌ᠡᠴᠡ‌ᠨᠡᠶᠢᠳᠠ3100 ᠭᠠᠷᠤᠶ ᠨᠣᠮ ᠪᠢᠴᠢᠭ ᠢ   ᠤᠷᠤᠭᠤᠯᠪᠠ᠃    ᠡᠨᠡ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤ  ︽ᠲᠠᠯ᠎ᠠ ᠨᠤᠲᠤᠭ ᠤᠨ ᠨᠣᠮ ᠤᠨ ᠥᠷᠥᠭᠡ ︾ ᠶᠢ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ  ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠨᠣᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂  ᠬᠦᠮᠦᠨ ᠣᠯᠠᠨ ᠲᠥᠪᠯᠡᠷᠡᠭᠰᠡᠨ ᠨᠡᠶᠢᠭᠡᠮ ᠲᠣᠭᠤᠷᠢᠭ ᠪᠠ ᠰᠤᠷᠭᠠᠭᠤᠯᠢ ᠳᠤ ᠵᠢᠭᠡᠯᠡᠨ ᠣᠩᠰᠢᠭᠤᠯᠬᠤ  ᠶᠢᠨ ᠬᠠᠮᠲᠤ  ︽ᠲᠠᠯ᠎ᠠ ᠨᠤᠲᠤᠭ ᠤᠨ ᠨᠣᠮ ᠤᠨ ᠥᠷᠥᠭᠡ︾ ᠳᠤ ᠲᠦᠰᠢᠭᠯᠡᠨ ᠡᠯ᠎ᠡ ᠲᠥᠷᠥᠯ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂  ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠨᠣᠮ ᠪᠢᠴᠢᠭ  ᠤᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠬᠠᠮᠢᠶᠠᠷᠤᠯᠲᠠ  ᠶᠢ ᠴᠢᠩᠭᠠᠥᠠᠬᠠᠪᠠ᠃   ᠱᠠᠩᠳᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠰᠢᠤᠢ‌‍ᠰᠢᠶᠤᠤ ᠳ᠋ᠦᠩ ᠢᠯᠡᠷᠬᠡᠶᠢᠯᠡᠬᠦ ᠳᠡᠭᠡᠨ᠂ ᠪᠥᠬᠦ ᠬᠤᠰᠢᠭᠤᠨ ᠤ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ᠂ ᠰᠤᠷᠤᠭᠴᠢᠳ᠂ ᠬᠡᠷ ᠤᠨ ᠠᠬᠠᠮᠠᠳ ᠤᠨ ᠣᠯᠠᠩᠬᠢ ᠨᠢ ᠱᠠᠩᠳᠤ ᠪᠠᠯᠭᠠᠰᠤ ᠳᠤ ᠰᠠᠭᠤᠵᠣ  ᠪᠠᠶᠢᠭ᠎ᠠ ᠪᠣᠯᠬᠤᠷ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠨᠣᠮ ᠪᠢᠴᠢᠭ ᠢ ᠰᠤᠷᠭᠠᠭᠤᠯᠢ ᠪᠠ ᠨᠡᠶᠢᠭᠡᠮ ᠲᠣᠭᠤᠷᠢᠭ ᠲᠤ   ᠣᠷᠣᠭᠤᠯᠵᠣ ᠦᠶᠯᠡᠳᠦᠯ  ᠢ ᠨᠢ ᠤᠯᠠᠮ ᠰᠠᠶᠢᠨ ᠪᠠᠳᠠᠷᠠᠭᠤᠯᠵᠤ ᠴᠢᠳᠠᠨ᠎ᠠ᠃ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠡᠲᠡᠭᠡᠷ ᠨᠣᠮ ᠪᠢᠴᠢᠭ ᠢ ᠤᠯᠠᠮ ᠰᠠᠶᠢᠲᠤᠷ ᠬᠠᠮᠢᠶᠠᠷᠴᠤ᠂ ᠵᠢᠭᠡᠯᠡᠨ ᠤᠩᠰᠢᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂  ᠡᠳᠡᠬᠡᠷ ᠨᠣᠮ ᠪᠢᠴᠢᠭ ᠢ ᠪᠣᠳᠠᠳᠠᠢ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠨ᠎ᠠ ᠬᠡᠯ᠎ᠡ᠃   ᠰᠢᠯᠤᠭᠤᠨ ᠬᠥᠬᠡ ᠬᠤᠰᠢᠭᠤ  ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠰᠤᠷᠭᠠᠭᠤᠯᠢ ᠳᠤ ᠣᠷᠣᠭᠤᠯᠬᠤ ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠨᠣᠮ ᠤᠨ ᠥᠷᠥᠭᠡ ᠶᠢᠨ ᠡᠬᠢ ᠪᠠᠶᠠᠯᠢᠭ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠣᠬᠢᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠨᠳᠦᠰᠦᠨ ᠱᠠᠲᠤᠨ ᠳᠤ ᠣᠶᠢᠷᠠᠳᠬᠤ᠂ ᠣᠯᠠᠨ ᠲᠦᠮᠡᠨ ᠳᠤ ᠣᠶᠢᠷᠠᠳᠬᠤ ᠳᠠᠪᠠᠭᠤᠯᠢᠭ ᠦᠶᠯᠡᠳᠦᠯ ᠢ ᠭᠦᠶᠴᠡᠳ ᠪᠠᠳᠠᠷᠠᠭᠤᠯᠵᠤ᠂ ᠣᠯᠠᠨ ᠶᠠᠩᠵᠤ ᠶᠢᠨ ᠪᠠᠶᠠᠯᠢᠭ ᠰᠠᠶᠢᠬᠠᠨ ᠤᠩᠰᠢᠯᠭ᠎ᠠ ᠶᠢᠨ ᠠᠵᠢᠯᠯᠠᠭ᠎ᠠ  ᠦᠷᠨᠢᠬᠦᠯᠬᠦ ᠪᠣᠯᠣᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号