| | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠄ 2024 | ᠣᠨ ᠤ 1 — 7 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠭᠰᠠᠨ | ᠬᠡᠮᠵᠢᠶ᠎ᠡ ᠨᠢ ᠪᠥᠬᠦ ᠤᠯᠤᠰ ᠲᠠᠬᠢ ᠨᠢᠭᠡᠳᠦᠭᠡᠷ ᠪᠠᠶᠢᠷᠢ ᠪᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ | ᠡᠨᠧᠷᠭᠢ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠣᠯᠠᠨ ᠵᠦᠢᠯ ᠤᠨ ᠭᠦᠢᠴᠡᠳᠭᠡᠯ ᠲᠤᠭ᠎ᠠ ᠨᠢ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠲᠦᠭᠦᠬᠡᠶ ᠨᠡᠭᠦᠷᠡᠰᠦᠨ ᠤ ᠦᠢᠯᠡᠳᠪᠦᠷᠢᠯᠡᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ | ᠨᠡᠭᠦᠷᠡᠰᠦᠨ ᠤ ᠭᠠᠷᠤᠯᠲᠠ ᠨᠢ 7.38 ᠳ᠋ᠦᠩᠰᠢᠭᠤᠷ ᠲᠣᠨ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠪᠠ︔ | ᠲᠦᠭᠦᠬᠡᠶ ᠨᠡᠭᠦᠷᠡᠰᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠪᠠᠨ 4.2% ᠢᠶᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ ᠪᠠᠨ 0.4 ᠵᠠᠭᠤᠨ ᠤ ᠴᠡᠭ ᠲᠦᠷᠭᠡᠳᠪᠡ᠃ | ᠡᠭᠦᠨ ᠳᠤ᠂ 7 ᠳ᠋ᠤᠭᠠᠷ ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ ᠨᠢ 1.04 ᠳ᠋ᠦᠩᠰᠢᠭᠤᠷ ᠲᠣᠨ ︵ᠠᠳᠠᠯᠢ | ᠬᠤᠭᠤᠴᠠᠭᠠᠨ ᠤ ᠬᠢ ᠠᠴᠠ ᠪᠠᠨ 6.7% ᠪᠠᠷ ᠨᠡᠮᠡᠭᠳᠡᠪᠡ︶ ᠪᠠᠶᠢᠵᠤ᠂ 5 ᠰᠠᠷ᠎ᠠ ᠳᠠᠷᠠᠭᠠᠯᠠᠨ ᠳ᠋ᠦᠩᠰᠢᠭᠤᠷ | ᠲᠣᠨ ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠭᠤᠣᠯ ᠭᠠᠷᠤᠯᠲᠠ ᠶᠢᠨ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠡᠨᠡ ᠵᠢᠯ ᠤᠨ 1 | — 7 ᠳ᠋ᠤᠭᠠᠷ ᠰᠠᠷ᠎ᠠ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠨᠢ 5.1 ᠳ᠋ᠦᠩᠰᠢᠭᠤᠷ | ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 4.7% ᠪᠠᠷ ᠨᠡᠮᠡᠭᠳᠡᠨ᠂ ᠪᠥᠬᠦ ᠣᠷᠣᠨ ᠤ ᠲᠦᠭᠦᠬᠡᠶ | ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ | ᠲᠦᠭᠦᠬᠡᠶ ᠨᠡᠭᠦᠷᠡᠰᠦᠨ ᠤ ᠭᠠᠷᠤᠯᠲᠠ ᠨᠢ 0.8 ᠳ᠋ᠦᠩᠰᠢᠭᠤᠷ ᠲᠣᠨ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠨ᠂ ᠪᠥᠬᠦ ᠣᠷᠣᠨ ᠤ ᠲᠦᠭᠦᠬᠡᠶ ᠨᠡᠭᠦᠷᠡᠰᠦᠨ ᠤ | ᠭᠠᠷᠤᠯᠲᠠ ᠶᠢᠨ ᠨᠡᠮᠡᠭᠳᠡᠯ ᠢ 0.9 ᠵᠠᠭᠤᠨ ᠤ ᠴᠡᠭ ᠳᠠᠶᠢᠴᠢᠯᠠᠪᠠ᠃ ᠬᠤᠶᠠᠷ ᠠᠶᠢᠮᠠᠭ ᠬᠤᠲᠠ ᠶᠢᠨ ᠲᠦᠭᠦᠬᠡᠶ | ᠨᠡᠭᠦᠷᠡᠰᠦᠨ ᠤ ᠭᠠᠷᠤᠯᠲᠠ ᠨᠡᠶᠢᠯᠡᠭᠡᠳ ᠪᠦᠬᠦ ᠣᠷᠣᠨ ᠤ 80% ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃ | ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ | ᠬᠡᠮᠵᠢᠶ᠎ᠡ ᠨᠢ 4620.1 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠵᠤ᠂ | ᠠᠳᠠᠯᠢ ᠬᠤᠭᠤᠴᠠᠭᠠᠨ ᠤ ᠬᠢ ᠠᠴᠠ ᠪᠠᠨ 10.9% ᠪᠠᠷ ᠨᠡᠮᠡᠭᠳᠡᠪᠡ᠃ ᠡᠭᠦᠨ ᠳᠤ᠂ 7 ᠳ᠋ᠤᠭᠠᠷ ᠰᠠᠷ᠎ᠠ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ ᠪᠠᠨ 6.3% ᠪᠠᠷ ᠨᠡᠮᠡᠭᠳᠡᠪᠡ᠃ | ᠭᠤᠣᠯ ᠪᠣᠯᠬᠤ ᠴᠠᠬᠢᠯᠭᠠᠨ ᠭᠠᠷᠭᠠᠭᠰᠠᠨ ᠲᠥᠷᠥᠯ ᠵᠦᠢᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ | ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 3540.4 ᠳ᠋ᠦᠩᠰᠢᠭᠤᠷ ᠺᠢᠯᠣᠸᠠᠲ ᠴᠠᠭ ︵ | ᠠᠳᠠᠯᠢ ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ | ᠣᠷᠣᠪᠠ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 877.3 ᠳ᠋ᠦᠩᠰᠢᠭᠤᠷ ᠺᠢᠯᠣᠸᠠᠲ ᠴᠠᠭ | ︵ᠠᠳᠠᠯᠢ ᠬᠤᠭᠤᠴᠠᠭᠠᠨ ᠤ ᠬᠢ ᠠᠴᠠ ᠪᠠᠨ 15.7% ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ | ᠨᠢᠭᠡᠳᠦᠭᠡᠷ ᠲᠤ ᠣᠷᠣᠪᠠ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 176.5 ᠳ᠋ᠦᠩᠰᠢᠭᠤᠷ | ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ ᠪᠠᠨ 42.8% ᠪᠠᠷ ᠨᠡᠮᠡᠭᠳᠡᠪᠡ︶ ᠪᠠᠶᠢᠵᠤ᠂ ᠪᠥᠬᠦ | ᠤᠯᠤᠰ ᠤᠨ ᠬᠤᠶᠠᠳᠤᠭᠠᠷ ᠲᠤ ᠣᠷᠣᠪᠠ᠃ |