ᠣᠪᠣᠭᠠᠨ ᠰᠢᠷᠡᠭᠡ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠲᠤᠰᠬᠠᠶ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/8/6
     ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠣᠶᠣᠯ ᠤᠨ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠰᠠᠭᠤᠭᠠᠯᠢ ᠠᠷᠠᠳ ᠤᠨ ᠣᠯᠠᠨ ᠡᠰᠢᠲᠦ ᠰᠣᠶᠣᠯ ᠤᠨ ᠬᠡᠷᠡᠭᠴᠡᠭᠡ ᠶᠢ ᠪᠠᠶᠠᠯᠢᠭᠵᠢᠭᠤᠯᠬᠤ ᠶᠢᠨ ᠲᠥᠯᠥᠭᠡ ᠱᠠᠩᠲᠤ ᠪᠠᠯᠭᠠᠰᠤᠨ ᠤ ᠤᠪᠤᠭᠠᠨ ᠰᠢᠷᠡᠭᠡ ᠨᠡᠶᠢᠭᠡᠮ ᠲᠤᠭᠤᠷᠢᠭ 8 ᠰᠠᠷ᠎ᠠ ᠶᠢᠨ 5᠎ ᠤ ᠤᠷᠤᠢ ᠬᠤᠪᠢᠯᠠᠢ ᠳᠠᠯᠠᠪᠠᠢ ᠳᠤ ᠤᠷᠠᠨ ᠰᠠᠶᠢᠬᠠᠨ ᠤ ᠲᠤᠰᠬᠠᠢ ᠲᠣᠭᠯᠠᠯᠲᠠ ᠭᠠᠷᠭᠠᠯ᠎ᠠ᠃    ᠲᠣᠭᠯᠠᠯᠲᠠ ᠨᠢ ︽ᠪᠢ ᠡᠬᠡ ᠤᠯᠤᠰ ᠲᠠᠢ ᠪᠠᠨ︾ ᠭᠡᠬᠦ ᠢᠷᠠᠭᠤ ᠰᠠᠶᠢᠬᠠᠨ ᠬᠠᠮᠲᠤ ᠶᠢᠨ ᠪᠥᠵᠢᠭ ᠢᠶᠠᠷ ᠬᠥᠰᠢᠭᠡ ᠪᠠᠨ ᠰᠡᠬᠦᠵᠦ᠂ ᠲᠤᠭᠯᠠᠭᠴᠢᠳ ︽ᠠᠯᠳᠠᠩᠬᠤᠸ᠎ᠠ ᠶᠢᠨ ᠲᠠᠯ᠎ᠠ︾ ︽ᠡᠭᠡ ᠤᠯᠤᠰ ᠲᠠᠭᠠᠨ ᠵᠥᠩᠨᠡᠯ ᠳᠡᠪᠰᠢᠭᠦᠯᠦᠶ᠎ᠡ︾ ︽ᠪᠤᠯᠠᠭᠠᠨ ᠲᠤᠬᠤᠢ︾ ︽ᠪᠠᠭᠠᠲᠤᠷ ᠤᠨ ᠮᠠᠭᠲᠠᠭᠠᠯ︾ ᠵᠡᠷᠭᠡ ᠰᠣᠩᠭᠤᠳᠠᠭ ᠪᠦᠲᠦᠭᠡᠯ ᠢᠶᠠᠷ ᠎ ᠢᠶᠠᠨ ᠡᠭᠡ ᠤᠯᠤᠰ ᠤᠨ ᠢᠶᠠᠨ ᠲᠤᠬᠠᠢ ᠬᠠᠶᠢᠷ᠎ᠠ ᠰᠡᠳᠬᠢᠯᠭᠡ ᠪᠣᠯᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢᠶᠠᠨ ᠬᠠᠷᠠᠭᠤᠯᠵᠤ᠂ ︽ᠠᠮᠤᠷ ᠰᠠᠶᠢᠬᠠᠨ︾᠂ ︽ᠨᠠᠶᠢᠷ ᠤᠨ ᠳᠠᠭᠤᠤ︾᠂ ︽ᠪᠠᠶᠠᠰᠤᠯᠳᠤ ᠨᠠᠭᠠᠳᠤᠮ︾ ᠵᠡᠷᠭᠡ ᠪᠦᠵᠢᠭ ᠢᠶᠠᠷ ᠵᠣᠯ ᠵᠢᠷᠭᠠᠯᠲᠤ ᠠᠮᠢᠳᠤᠷᠠᠯ ᠪᠠ ᠭᠡᠷ ᠨᠤᠳᠤᠭ ᠢᠶᠠᠨ ᠮᠠᠭᠲᠠᠨ ᠳᠠᠭᠤᠯᠠᠭᠰᠠᠨ ᠰᠡᠳᠬᠢᠯᠭᠡ ᠪᠠᠨ ᠢᠯᠡᠷᠡᠭᠦᠯᠦᠭᠰᠡᠨ ᠪᠠᠶᠢᠨ᠎ᠠ᠃    ᠲᠣᠰ ᠤᠳᠠᠭᠠᠨ ᠤ ᠲᠣᠭᠯᠠᠯᠲᠠ ᠨᠢ ᠰᠠᠭᠤᠭᠠᠯᠢ ᠠᠷᠠᠳ ᠲᠤ ᠪᠡᠶ᠎ᠡ ᠰᠡᠳᠬᠢᠯ ᠤᠨ ᠠᠯᠵᠢᠶᠠᠯ ᠢᠶᠠᠨ ᠳᠠᠶᠢᠯᠬᠤ ᠲᠣᠬᠢᠶᠠᠯ ᠤᠯᠭᠤᠵᠤ᠂ ᠰᠤᠶᠤᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠨᠡᠩ ᠴᠦ ᠡᠯ᠎ᠡ ᠦᠨᠳᠦᠰᠦᠲᠡᠨ ᠤ ᠨᠢᠭᠲᠠᠷᠠᠯ ᠪᠦᠯᠬᠦᠮᠳᠡᠯ ᠢ ᠴᠢᠩᠭᠠᠳᠬᠠᠬᠤ ᠶᠢ ᠠᠬᠢᠭᠤᠯᠵᠠᠢ᠃ ᠲᠠᠷᠠᠭᠠᠴᠢ ᠶᠢᠨ ᠠᠯᠬᠤᠮ ᠳᠤ᠂ ᠤᠪᠤᠭᠠᠨ ᠰᠢᠷᠡᠭᠡ ᠨᠡᠶᠢᠭᠡᠮ ᠲᠣᠭᠤᠷᠢᠭ ᠦᠷᠭᠦᠯᠵᠢᠯᠡᠨ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾᠎ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠳᠤ ︽ᠦᠩᠭᠡ ᠨᠡᠮᠡᠷᠢᠯᠡᠵᠦ︾᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠳᠤ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠪᠤᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号