ᠨᠠᠶᠢᠷ ᠤᠨ ᠰᠢᠷᠡᠭᠡ ᠨᠡᠶᠢᠭᠡᠮ ᠲᠣᠭᠤᠷᠢᠭ ᠤᠨ ᠲᠤᠰᠬᠠᠢ ᠲᠠᠯᠠᠪᠠᠢ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/8/6
      2024 ᠣᠨ ᠤ ︽ᠰᠢᠷ᠎ᠠ ᠲᠠᠯ᠎ᠠ ᠶᠢᠨ ᠵᠤᠨ︾ ᠰᠢᠷᠢᠰ ᠤᠯᠠᠨ ᠲᠦᠮᠡᠨᠴᠢ ᠤᠷᠠᠨ ᠰᠠᠶᠢᠬᠠᠨ ᠤ ᠲᠣᠭᠯᠠᠯᠲᠠ ᠎ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠨᠠᠶᠢᠷ ᠎ ᠤᠨ ᠰᠢᠷᠡᠭᠡ ᠨᠡᠶᠢᠭᠡᠮ ᠲᠤᠭᠤᠷᠢᠭ ᠤᠨ ᠲᠤᠰᠬᠠᠢ ᠲᠤᠭᠯᠠᠯᠳᠠ 8 ᠰᠠᠷ᠎ᠠ ᠶᠢᠨ 3᠎ ᠤ ᠣᠷᠣᠶ ᠬᠤᠪᠢᠯᠠᠢ ᠳᠠᠯᠠᠪᠠᠢ ᠳᠤ ᠶᠠᠪᠤᠭᠳᠠᠯ᠎ᠠ᠃     ᠪᠦᠬᠦᠶᠢᠯᠡ ᠲᠤᠭᠯᠠᠯᠳᠠ ᠨᠢ ᠬᠠᠮᠳᠤ ᠶᠢᠨ ᠪᠦᠵᠢᠭ ᠢᠶᠠᠷ ᠬᠦᠰᠢᠭᠡ ᠪᠠᠨ ᠰᠡᠬᠦᠵᠦ᠂ ᠭᠤᠴᠣᠯᠠᠯ ᠳᠠᠭᠤᠤ᠂ ᠨᠠᠶᠢᠷᠠᠯ ᠳᠠᠭᠤᠤ ᠵᠡᠷᠭᠡ ᠪᠠᠶᠠᠯᠢᠭ ᠠᠭᠤᠯᠭ᠎ᠠ ᠪᠦᠬᠦᠢ ᠲᠣᠭᠯᠠᠯᠲᠠ ᠨᠢ ᠠᠬᠤᠢ ᠲᠠᠯᠠᠪᠠᠢ ᠳᠠᠬᠢ ᠦᠵᠡᠭᠴᠢᠳ ᠤᠨ ᠬᠠᠷᠠᠭ᠎ᠠ ᠰᠤᠨᠤᠷ ᠢ ᠮᠢᠯᠢᠶᠠᠨ᠂ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠬᠦᠳᠤᠯᠤᠨ ᠵᠢᠯᠤᠭᠤᠳᠤᠭᠰᠠᠨ ᠪᠠᠶᠢᠨ᠎ᠠ᠃     ᠲᠤᠰ ᠣᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠨᠡᠶᠢᠭᠡᠮ ᠲᠣᠭᠤᠷᠢᠭ ᠪᠣᠯᠤᠨ ᠤᠯᠠᠨ ᠲᠦᠮᠡᠨ ᠤ ᠬᠤᠭᠤᠷᠣᠨᠳᠣᠬᠢ ᠰᠠᠶᠢᠨ ᠰᠠᠶᠢᠬᠠᠨ ᠢᠳᠡᠭᠡᠯ ᠨᠠᠶᠢᠳᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠷᠢᠯᠴᠢᠨ ᠡᠶ᠎ᠡ ᠵᠣᠬᠢᠴᠠᠩᠭᠤᠢ ᠰᠣᠯᠢᠯᠴᠠᠭ᠎ᠠ ᠶᠢ ᠠᠬᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号