| | | 8 ᠰᠠᠷ᠎ᠠ ᠶᠢᠨ 2 ᠤᠨ ᠡᠳᠦᠷ᠂ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠪᠣᠷᠣᠬᠤᠳᠠ ᠵᠢᠱᠢᠶ᠎ᠡ | ᠦᠵᠡᠭᠦᠯᠬᠦ ᠲᠣᠭᠤᠷᠢᠭ ᠤᠨ ᠰᠢᠷ᠎ᠠ ᠯᠤᠤᠪᠠᠩ ᠳᠠᠷᠢᠬᠤ ᠲᠣᠭᠤᠷᠢᠭ ᠲᠤ ᠬᠥᠷᠬᠦ ᠳᠤ᠂ ᠠᠵᠢᠯᠴᠢᠳ ᠢᠯᠭᠠᠬᠤ᠂ | ᠤᠭᠤᠲᠠᠯᠠᠬᠤ ᠠᠵᠢᠯ ᠢ ᠬᠢᠵᠦ᠂ ᠲᠤᠬᠠᠶ ᠶᠢᠨ ᠲᠠᠯᠠᠪᠠᠶ ᠳᠤ ᠡᠯᠪᠡᠭ ᠬᠤᠷᠢᠶᠠᠯᠲᠠ ᠶᠢᠨ ᠪᠠᠶᠠᠷᠪᠠᠭ᠋ᠠᠳᠤᠯ ᠬᠠᠷᠬᠠᠳᠠᠵᠤ | ᠪᠠᠶᠢᠯ᠎ᠠ᠃᠃ | ᠲᠠᠷᠢᠶᠠᠴᠢᠨ ᠵᠠᠩ ᠰᠢᠶᠣᠤ ᠴᠢᠨ ᠰᠤᠷᠪᠤᠯᠵᠢᠯᠠᠭᠴᠢ ᠳᠤ᠄ ︽ᠡᠨᠡ ᠵᠢᠯ ᠪᠢᠳᠡ 500 ᠭᠠᠷᠤᠢ ᠮᠦ ᠰᠢᠷ᠎ᠠ | ᠯᠣᠣᠪᠠᠩ ᠲᠠᠷᠢᠵᠦ᠂ ᠣᠳᠣᠬᠠᠨ ᠳᠤ ᠪᠢᠳᠡ ᠶᠠᠭ ᠲᠡᠭᠦᠵᠦ ᠬᠤᠷᠢᠶᠠᠵᠤ ᠪᠠᠶᠢᠨ᠎ᠠ᠂ ᠤᠳᠤ ᠶᠢᠨ ᠵᠠᠬ᠎ᠠ ᠳᠡᠯᠭᠡᠭᠦᠷ ᠤᠨ | ᠦᠨ᠎ᠡ ᠪᠠᠷᠤᠭ 0.8 ᠲᠥᠭᠦᠷᠢᠭ ᠠᠴᠠ0.9 ᠲᠥᠭᠦᠷᠢᠭ ᠣᠷᠴᠢᠮ ᠪᠠᠶᠢᠵᠤ᠂ ᠮᠦ ᠪᠦᠷᠢ ᠶᠢᠨ ᠤᠨᠠᠯᠲᠠ ᠣᠳᠣᠬᠠᠨ | ᠳᠤ 1 ᠲᠦᠮᠡ ᠭᠠᠷᠤᠢ ᠵᠢᠩ ᠪᠠᠶᠢᠨ᠎ᠠ︾ ᠬᠡᠯᠡ᠃ | ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠪᠣᠷᠣᠬᠤᠳᠠ ᠵᠢᠱᠢᠶ᠎ᠡ ᠦᠵᠡᠭᠦᠯᠬᠦ | ᠲᠣᠭᠤᠷᠢᠭ ᠨᠢ ᠭᠠᠵᠠᠷ ᠰᠢᠷᠣᠶ ᠥᠷᠭᠡᠨ ᠠᠭᠤᠳᠠᠮ᠂ ᠤᠰᠤᠨ ᠤ ᠡᠬᠢ ᠪᠠᠶᠠᠯᠢᠭ ᠰᠠᠶᠢᠨ ᠪᠠᠶᠢᠬᠤ ᠠᠰᠢᠭᠲᠠᠶ | ᠨᠥᠬᠦᠴᠡᠯ ᠢ ᠭᠦᠶᠴᠡᠳ ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠪᠦᠲᠦᠮᠵᠢᠲᠡᠶ | ᠤᠨᠴᠠᠯᠢᠬᠳᠤ ᠲᠠᠷᠢᠮᠠᠯ ᠳᠠᠷᠢᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ | ᠵᠢᠯᠣᠭᠤᠳᠣᠯᠭ᠎ᠠ ᠵᠡᠷᠭᠡ ᠠᠷᠭ᠎ᠠ ᠬᠡᠯᠪᠡᠷᠢ ᠪᠠᠷ ᠳᠡᠮᠵᠢᠨ ᠲᠡᠳᠬᠦᠨ ᠳᠡᠮᠵᠢᠬᠦ ᠪᠠ ᠬᠥᠲᠥᠯᠥᠨ ᠵᠢᠯᠣᠭᠤᠳᠬᠤ ᠡᠷᠴᠢᠮ | ᠢᠶᠠᠨ ᠴᠢᠩᠭᠠᠷᠠᠭᠤᠯᠤᠨ᠂ ᠣᠯᠠᠨ ᠲᠦᠮᠡᠨ ᠳᠤ ᠤᠨᠴᠠᠯᠢᠬᠳᠤ ᠲᠠᠷᠢᠮᠠᠯ ᠤᠨ ᠠᠵᠤ ᠦᠶᠯᠡᠰ ᠤᠨ ᠬᠥᠭᠵᠢᠯᠲᠡ ᠶᠢᠨ | ᠰᠡᠳᠬᠢᠮᠵᠢ ᠶᠢ ᠢᠳᠡᠪᠬᠢᠲᠡᠶ ᠲᠥᠯᠥᠪᠵᠢᠭᠦᠯᠵᠦ ᠥᠭᠭᠦᠭᠰᠡᠨ ᠤ ᠬᠠᠮᠲᠤ᠂ ᠲᠠᠷᠢᠮᠠᠯ ᠤᠨ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠶ᠃ | |