ᠰᠢᠷ᠎ᠠ ᠯᠤᠤᠪᠠᠩ ᠤᠨ ᠡᠯᠪᠡᠭ ᠬᠤᠷᠢᠶᠠᠯᠲᠠ ᠣᠯᠪᠡ
ᠨᠡᠶᠢᠲᠡᠯᠡᠭᠰᠡᠨ ᠴᠠᠭ᠄
2024/8/6
              8 ᠰᠠᠷ᠎ᠠ ᠶᠢᠨ 2 ᠤᠨ ᠡᠳᠦᠷ᠂ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠪᠣᠷᠣᠬᠤᠳᠠ ᠵᠢᠱᠢᠶ᠎ᠡ ᠦᠵᠡᠭᠦᠯᠬᠦ ᠲᠣᠭᠤᠷᠢᠭ ᠤᠨ ᠰᠢᠷ᠎ᠠ ᠯᠤᠤᠪᠠᠩ ᠳᠠᠷᠢᠬᠤ ᠲᠣᠭᠤᠷᠢᠭ ᠲᠤ ᠬᠥᠷᠬᠦ ᠳᠤ᠂ ᠠᠵᠢᠯᠴᠢᠳ ᠢᠯᠭᠠᠬᠤ᠂ ᠤᠭᠤᠲᠠᠯᠠᠬᠤ ᠠᠵᠢᠯ ᠢ ᠬᠢᠵᠦ᠂ ᠲᠤᠬᠠᠶ ᠶᠢᠨ ᠲᠠᠯᠠᠪᠠᠶ ᠳᠤ ᠡᠯᠪᠡᠭ ᠬᠤᠷᠢᠶᠠᠯᠲᠠ ᠶᠢᠨ ᠪᠠᠶᠠᠷ‌‍ᠪᠠᠭ᠋ᠠᠳᠤᠯ ᠬᠠᠷᠬᠠᠳᠠᠵᠤ ᠪᠠᠶᠢᠯ᠎ᠠ᠃᠃     ᠲᠠᠷᠢᠶᠠᠴᠢᠨ ᠵᠠᠩ ᠰᠢᠶᠣᠤ ᠴᠢᠨ ᠰᠤᠷᠪᠤᠯᠵᠢᠯᠠᠭᠴᠢ ᠳᠤ᠄ ︽ᠡᠨᠡ ᠵᠢᠯ ᠪᠢᠳᠡ 500 ᠭᠠᠷᠤᠢ ᠮᠦ ᠰᠢᠷ᠎ᠠ ᠯᠣᠣᠪᠠᠩ ᠲᠠᠷᠢᠵᠦ᠂ ᠣᠳᠣᠬᠠᠨ ᠳᠤ ᠪᠢᠳᠡ ᠶᠠᠭ ᠲᠡᠭᠦᠵᠦ ᠬᠤᠷᠢᠶᠠᠵᠤ ᠪᠠᠶᠢᠨ᠎ᠠ᠂ ᠤᠳᠤ ᠶᠢᠨ ᠵᠠᠬ᠎ᠠ ᠳᠡᠯᠭᠡᠭᠦᠷ ᠤᠨ ᠦᠨ᠎ᠡ ᠪᠠᠷᠤᠭ 0.8 ᠲᠥᠭᠦᠷᠢᠭ ᠠᠴᠠ0.9 ᠲᠥᠭᠦᠷᠢᠭ ᠣᠷᠴᠢᠮ ᠪᠠᠶᠢᠵᠤ᠂ ᠮᠦ ᠪᠦᠷᠢ ᠶᠢᠨ ᠤᠨᠠᠯᠲᠠ ᠣᠳᠣᠬᠠᠨ  ᠳᠤ 1 ᠲᠦᠮᠡ ᠭᠠᠷᠤᠢ ᠵᠢᠩ ᠪᠠᠶᠢᠨ᠎ᠠ︾ ᠬᠡᠯ᠎ᠡ᠃      ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤᠨ ᠤ ᠪᠣᠷᠣᠬᠤᠳᠠ ᠵᠢᠱᠢᠶ᠎ᠡ ᠦᠵᠡᠭᠦᠯᠬᠦ ᠲᠣᠭᠤᠷᠢᠭ ᠨᠢ ᠭᠠᠵᠠᠷ ᠰᠢᠷᠣᠶ ᠥᠷᠭᠡᠨ ᠠᠭᠤᠳᠠᠮ᠂ ᠤᠰᠤᠨ ᠤ ᠡᠬᠢ ᠪᠠᠶᠠᠯᠢᠭ ᠰᠠᠶᠢᠨ ᠪᠠᠶᠢᠬᠤ ᠠᠰᠢᠭᠲᠠᠶ ᠨᠥᠬᠦᠴᠡᠯ ᠢ ᠭᠦᠶᠴᠡᠳ ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠪᠦᠲᠦᠮᠵᠢᠲᠡᠶ ᠤᠨᠴᠠᠯᠢᠬᠳᠤ ᠲᠠᠷᠢᠮᠠᠯ ᠳᠠᠷᠢᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠷᠭ᠎ᠠ ᠬᠡᠯᠪᠡᠷᠢ ᠪᠠᠷ ᠳᠡᠮᠵᠢᠨ ᠲᠡᠳᠬᠦᠨ ᠳᠡᠮᠵᠢᠬᠦ ᠪᠠ ᠬᠥᠲᠥᠯᠥᠨ ᠵᠢᠯᠣᠭᠤᠳᠬᠤ ᠡᠷᠴᠢᠮ  ᠢᠶᠠᠨ ᠴᠢᠩᠭᠠᠷᠠᠭᠤᠯᠤᠨ᠂ ᠣᠯᠠᠨ ᠲᠦᠮᠡᠨ ᠳᠤ ᠤᠨᠴᠠᠯᠢᠬᠳᠤ ᠲᠠᠷᠢᠮᠠᠯ ᠤᠨ ᠠᠵᠤ ᠦᠶᠯᠡᠰ ᠤᠨ ᠬᠥᠭᠵᠢᠯᠲᠡ ᠶᠢᠨ ᠰᠡᠳᠬᠢᠮᠵᠢ ᠶᠢ ᠢᠳᠡᠪᠬᠢᠲᠡᠶ ᠲᠥᠯᠥᠪᠵᠢᠭᠦᠯᠵᠦ ᠥᠭᠭᠦᠭᠰᠡᠨ ᠤ ᠬᠠᠮᠲᠤ᠂ ᠲᠠᠷᠢᠮᠠᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号