| ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ | ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠥᠭᠴᠦ᠂ ︽ᠪᠡᠭᠡᠵᠢᠩ ᠤᠨ ᠳᠤᠮᠳᠠ ᠲᠡᠩᠭᠡᠯᠢᠭ ᠱᠤᠭᠤᠮ – | ᠳᠤᠮᠳᠠᠳᠤ ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ ᠪᠦᠲᠦᠭᠡᠯ︾ ᠪᠠ ︽ᠪᠠᠳᠠᠢ ᠶᠢᠨ ᠵᠢᠷᠠᠨ ᠤ | ᠡᠯᠡᠰᠦ – ᠡᠯᠡᠰᠦ ᠠᠭᠤᠯᠠ ᠨᠠᠭᠤᠷ ᠪᠦᠷᠢᠳᠦ ᠶᠢᠨ ᠪᠦᠯᠦᠭᠵᠢᠯ︾᠂ ︽ᠳᠤᠮᠳᠠᠳᠤ ᠤᠯᠤᠰ ᠤᠨ ᠰᠢᠷ᠎ᠠ ︵ᠪᠦᠧᠧᠬᠠᠢ︶ | ᠲᠠᠩᠭᠢᠰ ᠤᠨ ᠨᠡᠭᠦᠳᠡᠯ ᠤᠨ ᠰᠢᠪᠠᠭᠤᠳ ᠤᠨ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ ᠬᠤᠭᠤᠴᠠᠭ᠎ᠠ︶︾ ᠢ ︽ | ᠳᠡᠯᠡᠬᠡᠢ ᠶᠢᠨ ᠥᠪ ᠤᠨ ᠨᠡᠷᠡᠰ︾ ᠲᠤ ᠠᠮᠵᠢᠯᠲᠠ ᠲᠠᠢ ᠪᠦᠷᠢᠳᠬᠡᠭᠦᠯᠦᠭᠰᠡᠨ ᠨᠢ ᠪᠣᠳᠠᠰ ᠤᠨ ᠪᠣᠯᠪᠠᠰᠤᠨ ᠪᠠ ᠣᠶᠤᠨ ᠤ | ᠪᠣᠯᠪᠠᠰᠤᠨ ᠬᠠᠷᠢᠯᠴᠠᠨ ᠵᠣᠬᠢᠴᠠᠯᠳᠤᠬᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠠᠶᠢᠭᠤᠯᠬᠤ ᠳᠤ ᠢᠳᠡᠪᠬᠢᠲᠡᠢ ᠠᠴᠢ ᠬᠤᠯᠪᠣᠭᠳᠠᠯ ᠲᠠᠢ ᠪᠠᠶᠢᠵᠤ᠂ | ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠭᠰᠡᠨ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠰᠣᠶᠣᠯ ᠤᠨ ᠥᠪ ᠢᠶᠠᠷ ᠡᠷᠡᠮᠡᠯᠵᠡᠵᠦ ᠠᠮᠵᠢᠯᠲᠠ ᠣᠯᠣᠭᠰᠠᠨ ᠶᠠᠪᠤᠳᠠᠯ ᠢᠶᠠᠷ | ᠠᠵᠠ ᠲᠣᠭᠢᠶᠠᠯ ᠪᠤᠯᠭᠠᠵᠤ᠂ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ | ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠥᠪ ᠢ ᠬᠠᠮᠠᠭᠠᠯᠠᠬᠤ ᠴᠢᠳᠠᠪᠤᠷᠢ ᠪᠣᠯᠣᠨ ᠲᠦᠪᠰᠢᠨ ᠢ | ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠠᠶᠢᠬᠠᠮᠰᠢᠭᠲᠤ ᠡᠷᠳᠡᠨᠢ ᠪᠣᠯᠣᠨ | ᠪᠠᠶᠢᠭᠠᠯᠢ ᠶᠢᠨ ᠬᠤᠪᠣᠷ ᠡᠷᠳᠡᠨᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠢ | ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠭᠦᠨ ᠢ ᠰᠢᠨ᠎ᠡ ᠴᠠᠭ ᠦᠶ᠎ᠡ ᠳᠤ | ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ | ᠥᠪ ᠤᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦᠭᠦᠬᠡᠨ ᠡᠨᠡᠳᠬᠡᠭ ᠤᠨ ᠰᠢᠨ᠎ᠡ ᠳ᠋ᠧᠯᠢ ᠳᠤ ᠶᠠᠪᠤᠭᠳᠠᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ 46 ᠳ᠋ᠤᠭᠠᠷ ᠬᠤᠭᠤᠴᠠᠭᠠᠨ ᠤ | ᠳᠡᠯᠡᠬᠡᠢ ᠶᠢᠨ ᠥᠪ ᠤᠨ ᠶᠡᠭᠡ ᠬᠤᠷᠠᠯ ᠠᠴᠠ ᠰᠢᠢᠳᠪᠦᠷᠢ ᠪᠠᠲᠤᠯᠠᠵᠤ᠂ ᠮᠠᠨ ᠤ ᠤᠯᠤᠰ ᠤᠨ ᠳᠡᠯᠡᠬᠡᠢ ᠶᠢᠨ ᠰᠣᠶᠣᠯ ᠤᠨ | ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠡᠭᠡᠵᠢᠩ ᠤᠨ ᠳᠤᠮᠳᠠ ᠲᠡᠩᠭᠡᠯᠢᠭ ᠱᠤᠭᠤᠮ – ᠳᠤᠮᠳᠠᠳᠤ | ᠤᠯᠤᠰ ᠤᠨ ᠬᠦᠰᠡᠯᠡᠩᠲᠦ ᠬᠤᠲᠠ ᠶᠢᠨ ᠡᠮᠬᠢ ᠵᠢᠷᠤᠮ ᠤᠨ ᠰᠣᠳᠣᠨ ᠪᠦᠲᠦᠭᠡᠯ︾ ᠪᠠ ᠳᠡᠯᠡᠬᠡᠢ ᠶᠢᠨ ᠪᠠᠶᠢᠭᠠᠯᠢ ᠶᠢᠨ | ᠥᠪ ᠢᠶᠠᠷ ᠨᠡᠷ᠎ᠡ ᠳᠤᠷᠠᠳᠤᠭᠳᠠᠭᠰᠠᠨ ᠲᠦᠷᠦᠯ ᠵᠦᠢᠯ ︽ᠪᠠᠳᠠᠢ ᠶᠢᠨ ᠵᠢᠷᠠᠨ ᠤ ᠡᠯᠡᠰᠦ – ᠡᠯᠡᠰᠦ ᠴᠣᠬᠢᠶ᠎ᠠ ᠨᠠᠭᠤᠷ | ᠪᠦᠷᠢᠳᠦ ᠶᠢᠨ ᠰᠦᠷᠦᠭᠵᠢᠯ︾᠂ ︽ᠳᠤᠮᠳᠠᠳᠤ ᠤᠯᠤᠰ ᠤᠨ ᠰᠢᠷ᠎ᠠ ︵ᠪᠦᠧᠧᠬᠠᠢ︶ ᠲᠠᠩᠭᠢᠰ ᠤᠨ ᠨᠡᠭᠦᠳᠡᠯ ᠤᠨ | ᠰᠢᠪᠠᠭᠤᠨ ᠤ ᠣᠷᠣᠰᠢᠨ ᠠᠮᠢᠳᠤᠷᠠᠬᠤ ᠭᠠᠵᠠᠷ ︵ᠬᠤᠶᠠᠳᠤᠭᠠᠷ ᠬᠤᠭᠤᠴᠠᠭ᠎ᠠ︶︾ ᠢ ︽ᠳᠡᠯᠡᠬᠡᠢ ᠶᠢᠨ ᠥᠪ ᠤᠨ ᠨᠡᠷᠡᠰ︾ | ᠲᠤ ᠵᠢᠭᠰᠠᠭᠠᠨ ᠣᠷᠣᠭᠤᠯᠪᠠ᠃ ᠢᠩᠭᠢᠭᠡᠳ ᠮᠠᠨ ᠤ ᠤᠯᠤᠰ ᠤᠨ ᠳᠡᠯᠡᠬᠡᠢ ᠶᠢᠨ ᠥᠪ ᠤᠨ ᠶᠡᠷᠦᠩᠬᠡᠢ ᠲᠤᠭ᠎ᠠ 59 ᠪᠣᠯᠵᠤ | ᠂ ᠳᠡᠯᠡᠬᠡᠢ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ |