ᠥᠪᠡᠷᠲᠡᠭᠡᠨ ᠵᠠᠰᠠᠬᠤ ᠣᠷᠣᠨ ᠤ ︽ᠰᠠᠷ᠎ᠠ ᠪᠦᠷᠢ 3᠂15︾ ᠵᠢᠴᠢ ᠰᠢᠯᠢ  ᠵᠢᠨ‌ᠭᠤᠤᠯ ᠠᠶᠢᠮᠠᠭ ᠤᠨ ︿︿ᠶᠠᠰᠤ ᠴᠢᠨᠠᠷ ᠤᠨ ᠰᠠᠷ᠎ᠠ﹀﹀ ᠶᠢᠨ ᠤᠬᠠᠭᠤᠯᠭ᠎ᠠ ᠶᠢᠨ ᠠᠵᠢᠯᠯᠠᠭ᠎ᠠ ᠰᠢᠯᠤᠭᠤᠨ ᠬᠥᠬᠡ ᠬᠤᠰᠢᠭᠤᠨ  ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/14
      9 ᠳ᠋ᠦ᠋ᠭᠡᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ  ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ᠂ ᠰᠢᠯᠤᠭᠤᠨ ᠬᠥᠬᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠭᠰᠡᠨ ︽ᠰᠠᠷ᠎ᠠ ᠪᠦᠷᠢ 3᠂15︾ ᠤ ᠶᠠᠰᠤ ᠴᠢᠨᠠᠷ ᠤᠨ ᠢᠲᠡᠭᠡᠮᠵᠢ ᠶᠢ ᠲᠥᠭᠡᠮᠡᠯᠵᠢᠬᠦᠯᠬᠦ ᠤᠬᠠᠭᠤᠯᠭ᠎ᠠ ᠶᠢᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠭᠦᠶᠴᠡᠳᠬᠡᠬᠦ ᠳᠡᠳ᠋ ᠳᠠᠷᠤᠭ᠎ᠠ ᠭᠡᠷᠡᠯᠲᠦ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ  ᠤᠨ ᠳᠠᠷᠤᠭ᠎ᠠ ᠯᠢᠦ ᠲᠢᠩ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠢᠶᠠᠨ ᠵᠢᠶᠦ᠋ᠨ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠵᠣᠷᠢᠭᠰᠠᠶᠢᠬᠠᠨ ᠠᠵᠢᠯᠯᠠᠭ᠎ᠠ ᠳᠤ ᠣᠷᠣᠯᠴᠠᠨ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠰᠢᠯᠢ ᠶᠢᠨ ᠭᠤᠤᠯ ᠠᠶᠢᠮᠠᠭ ᠤᠨ ︽ᠶᠠᠰᠤ ᠴᠢᠨᠠᠷ ᠤᠨ ᠰᠠᠷ᠎ᠠ︾ ᠶᠢᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ᠃    ᠠᠵᠢᠯᠯᠠᠭ᠎ᠠ ᠲᠡᠬᠡᠷ᠎ᠡ᠂ ᠭᠡᠷᠡᠯᠲᠦ ᠪᠠᠶᠠᠷ ᠤᠨ ᠦᠭᠡ ᠬᠡᠯᠡᠵᠦ᠂ ᠲᠢᠶᠠᠨ ᠵᠢᠶᠦ᠋ᠨ 2024 ᠣᠨ ᠤ ᠰᠢᠯᠢ ᠶᠢᠨ ᠭᠤᠤᠯ ᠠᠶᠢᠮᠠᠭ ᠤᠨ ᠶᠠᠰᠤ ᠴᠢᠨᠠᠷ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠨᠡᠶᠢᠲᠡᠯᠡᠵᠦ᠂ ᠵᠣᠷᠢᠭᠰᠠᠶᠢᠬᠠᠨ ᠶᠠᠷᠢᠶ᠎ᠠ ᠲᠠᠯᠪᠢᠪᠠ᠃    ᠠᠵᠢᠯᠯᠠᠭ᠎ᠠ ᠪᠠᠷ ᠪᠠᠰᠠ‌‍ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠢ ᠬᠦᠯᠢᠶᠡᠨ ᠠᠪᠬᠤ ᠲᠥᠪ ᠪᠣᠯᠤᠨ ᠰᠢᠯᠤᠭᠤᠨ ᠬᠦᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡ ᠬᠤᠶᠠᠷ ᠠᠵᠤ ᠠᠬᠤᠶᠢᠯᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠡᠷᠡᠭᠯᠡᠭᠡᠨ ᠤ ᠬᠥᠮᠦᠵᠢᠯ ᠤᠨ ᠰᠠᠭᠤᠷᠢᠨ︾ ᠫᠠᠶᠢᠰᠠ ᠢᠯᠡᠷᠭᠡᠶᠢᠯᠡᠯ  ᠢ  ᠤᠯᠭᠤᠵᠤ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠢ ᠭᠥᠯᠢᠶᠡᠨ ᠠᠪᠬᠤ ᠲᠥᠪ᠂ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡ᠂ ᠴᠠᠩ ᠬᠤᠩ ᠰᠢᠯᠢ ᠶᠢᠨ ᠭᠤᠤᠯ ᠤᠨ ᠴᠠᠭᠠᠨ ᠢᠳᠡᠬᠡᠨ ᠤ ᠳᠡᠯᠭᠡᠭᠦᠷ᠂ ᠱᠠᠩᠳᠤ ᠠᠮᠢᠳᠤᠷᠠᠯ ᠤᠨ ᠠᠭᠤᠳᠠᠮ ᠲᠠᠯᠠᠪᠠᠶ᠂ ᠰᠠᠶᠢᠨ ᠰᠠᠶᠢᠨ ᠬᠠᠯᠠᠭᠤᠨ ᠲᠣᠭᠤᠭ᠎ᠠ ᠬᠤᠭᠤᠯᠠᠨ ᠭᠡᠷ ᠵᠡᠷᠭᠡ ᠠᠵᠤ ᠠᠬᠤᠶᠢᠯᠠᠯ ᠳᠤ ᠰᠢᠯᠢ ᠶᠢᠨ ᠭᠤᠤᠯ ᠠᠶᠢᠮᠠᠭ  ᠤᠨ ︽ᠠᠮᠤᠷ ᠲᠥᠪᠰᠢᠨ ᠬᠡᠷᠡᠭᠯᠡᠭᠡ︾ ᠶᠢᠨ ᠨᠢᠭᠡᠴᠡ ᠵᠢᠴᠢ ︽ᠪᠠᠷᠠᠭ᠎ᠠ ᠲᠠᠸᠠᠷ ᠪᠤᠴᠠᠭᠠᠵᠤ ᠰᠤᠯᠢᠵᠤ ᠪᠤᠯᠬᠤ︾ ᠨᠢᠭᠡᠴᠡ ᠶᠢᠨ ᠫᠠᠶᠢᠰᠠ ᠢᠯᠡᠷᠬᠡᠶᠢᠯᠡᠯ ᠣᠯᠭᠤᠠᠠᠰᠠᠨ ᠪᠠᠶᠢᠨ᠎ᠠ᠃    ᠱᠠᠩᠨᠠᠯ ᠣᠯᠤᠭᠰᠠᠨ ᠠᠵᠤ ᠠᠬᠤᠶᠢᠯᠠᠯ ᠨᠢ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠴᠠᠭᠠᠨ ᠢᠳᠡᠭᠡ᠂ ᠦᠬᠡᠷ ᠬᠤᠨᠢᠨ ᠮᠢᠬᠠᠨ ᠤ ᠪᠦᠲᠦᠭᠡᠭᠳᠡᠬᠦᠨ ᠢ ᠳᠡᠯᠭᠡᠨ ᠦᠵᠡᠭᠦᠯᠦᠭᠰᠡᠨ ᠪᠥᠭᠡᠳ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠲᠣᠰ ᠲᠣᠰ ᠤᠨ ᠪᠦᠲᠦᠭᠡᠭᠳᠡᠬᠦᠨ ᠢᠶᠠᠨ ᠪᠡᠯᠡᠳᠬᠡᠨ ᠲᠠᠨᠢᠯᠴᠠᠭᠤᠯᠪᠠ᠃    ᠱᠠᠩᠳᠣ ᠠᠮᠢᠳᠤᠷᠠᠯ ᠤᠨ ᠠᠭᠤᠳᠠᠮ ᠲᠠᠯᠠᠪᠠᠶ ᠳᠤ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ ᠂ ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ  ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠬᠡᠷᠡᠭᠯᠡᠭᠴᠢᠳ ᠥᠪᠡᠷ ᠤᠨ ᠡᠷᠬᠡ ᠠᠰᠢᠭ ᠢᠶᠠᠨ ᠬᠡᠷᠬᠢᠨ ᠵᠥᠪ ᠬᠡᠷᠡᠭᠯᠡᠬᠦ᠂ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃    ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠢ ᠬᠦᠯᠢᠶᠡᠨ ᠠᠪᠬᠤ ᠲᠥᠪ ᠲᠤ ᠪᠠᠶᠢᠴᠠᠭᠠᠨ ᠦᠵᠡᠭᠰᠡᠨ ᠪᠤᠶᠤ ᠲᠠᠶᠢᠯᠤᠮᠵᠢ ᠰᠤᠨᠤᠰᠴᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号