ᠰᠢᠯᠢᠳᠡᠭ ᠪᠠᠭᠰᠢ — ᠵᠢᠩ ᠸᠧᠢ
ᠨᠡᠶᠢᠲᠡᠯᠡᠭᠰᠡᠨ ᠴᠠᠭ᠄
2024/9/29
     ᠰᠢᠯᠤᠭᠤᠨ ᠬᠦᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠡᠦᠬᠡ ᠶᠢᠨ ᠪᠠᠭᠰᠢ ᠵᠢᠩ ᠸᠧᠢ ᠪᠣᠯ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠬᠦᠰᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠦᠬᠡ ᠶᠢᠨ ᠵᠢᠭᠠᠨ ᠰᠤᠷᠭᠠᠯᠲᠠ ᠶᠢ 21 ᠵᠢᠯ ᠬᠢᠵᠣ ᠢᠷᠡᠭᠰᠡᠨ ᠠᠵᠢᠯ ‍ᠤᠨ‌‍ᠲ᠋ᠣᠷᠰᠢᠯᠭ᠎ᠠ ᠲᠠᠢ ᠪᠠᠭᠰᠢ ᠪᠢᠯᠠ᠃ ᠲᠡᠦᠬᠡ ᠶᠢᠨ ᠪᠠᠭᠰᠢ ᠪᠣᠯᠤᠭᠰᠠᠨ ᠤ ᠬᠤᠪᠢ ᠳᠤ᠂ ᠲᠡᠷᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠦᠵᠡᠭᠦᠯᠬᠦ ᠲᠡᠦᠬᠡ ᠶᠢᠨ ᠴᠢᠬᠤᠯᠠ ᠴᠢᠨᠠᠷ ᠢ ᠰᠠᠶᠢᠨ ᠮᠡᠳᠡᠳᠡᠭ ᠢᠶᠠᠷ ᠲᠡᠷᠡ ᠥᠩᠭᠡᠷᠡᠭᠰᠡᠨ ᠵᠢᠯ ᠤᠳ ᠤᠨ ᠰᠡᠳᠦᠪ ᠢ ᠨᠠᠷᠢᠨ ᠬᠢᠨᠠᠮᠠᠭᠠᠢ ᠰᠤᠳᠤᠯᠵᠤ᠂ ᠰᠤᠷᠤᠭᠴᠢᠳ ᠲᠤ ᠬᠠᠨᠳᠤᠯᠭᠠᠲᠤ ᠴᠢᠨᠠᠷ ᠎ ᠲᠠᠢ ᠵᠢᠯᠤᠭᠤᠳᠤᠯᠭ᠎ᠠ ᠬᠢᠵᠣ᠂ ᠮᠠᠰᠢ ᠤᠯᠠᠨ ᠰᠤᠷᠤᠭᠴᠢᠳ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠴᠥᠮ ᠰᠢᠯᠢᠳᠡᠭ ᠬᠢᠷᠢ ᠪᠦᠲᠦᠮᠵᠢ ᠣᠯᠤᠭᠰᠠᠨ ᠪᠠᠶᠢᠨ᠎ᠠ᠃ ᠲᠡᠷᠡ ᠰᠤᠷᠤᠭᠴᠢᠳ ᠤᠨ ᠢᠶᠠᠨ ᠲᠥᠯᠥᠭᠡ ᠶᠠᠳᠠᠷᠠᠯ ᠵᠦᠳᠡᠷᠡᠯ ᠢ ᠬᠠᠶᠢᠬᠤᠷᠤᠯ ᠦᠭᠡᠢ᠂ ᠲᠠᠪᠤᠨ ᠵᠢᠯ ᠳᠠᠷᠠᠭᠠᠯᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠲᠡᠭᠦᠰᠬᠦ ᠠᠩᠬᠢ ᠶᠢᠨ ᠪᠠᠭᠰᠢ ᠪᠤᠯᠵᠤ ᠰᠢᠷᠭᠠᠭᠤ ᠬᠠᠳᠠᠭᠤᠵᠢᠯᠳᠠᠢ ᠠᠵᠢᠯᠯᠬᠠᠰᠠᠭᠠᠷ ᠢᠷᠡᠵᠡᠢ᠃     ᠵᠢᠩ ᠸᠧᠢ ᠪᠠᠭᠰᠢ ᠪᠣᠯ ᠵᠢᠭᠠᠨ ᠰᠤᠷᠭᠠᠬᠤ ᠲᠠᠯ᠎ᠠ ᠪᠠᠷ᠂ ᠥᠪᠡᠷ ᠤᠨ ᠵᠢᠭᠠᠨ ᠰᠤᠷᠭᠠᠬᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠵᠢᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠵᠤ᠂ ᠰᠢᠨ᠎ᠡ ᠮᠠᠶ᠋ᠢᠭ ᠤᠨ ᠵᠢᠭᠠᠨ ᠰᠤᠷᠭᠠᠬᠤ ᠬᠡᠪ ᠵᠠᠭᠪᠤᠷ ᠲᠤ ᠢᠳᠡᠪᠬᠢᠲᠡᠢ ᠣᠷᠣᠯᠴᠠᠵᠤ᠂ ᠬᠢᠴᠢᠶᠡᠯ ᠣᠨᠳᠣᠣᠰᠢᠯ᠂ ᠪᠢᠴᠢᠯ ᠬᠢᠴᠢᠶᠡᠯ᠂ ᠬᠡᠯᠡᠵᠦ ᠨᠡᠪᠲᠡᠷᠡᠭᠦᠯᠬᠦ ᠬᠢᠴᠢᠶᠡᠯ ᠲᠠᠢ ᠠᠳᠠᠯᠢ ᠪᠠᠷ᠂ ᠡᠯ᠎ᠡ ᠭᠠᠵᠠᠷ ᠤᠨ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠰᠤᠷᠤᠯᠴᠠᠵᠤ᠂ ᠴᠠᠭ ᠦᠶ᠎ᠡ ᠶᠢ ᠲᠠᠭᠠᠵᠥ᠂ ᠰᠢᠨ᠎ᠡ ᠬᠡᠷᠡᠭ ᠪᠣᠳᠠᠰ ᠢ ᠵᠣᠷᠢᠭᠲᠠᠢ ᠪᠠᠷ ᠲᠣᠷᠰᠢᠨ‌‍ᠬᠢᠳᠡᠭ᠃ ᠲᠡᠷᠡ ᠰᠤᠷᠤᠭᠴᠢᠳ ᠢ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠨ ᠰᠤᠳᠤᠯᠬᠤ ᠳᠤ ᠴᠢᠳᠠᠮᠠᠭᠠᠢ ᠪᠠᠶᠢᠵᠤ᠂ ᠰᠤᠷᠤᠭᠴᠢᠳ ᠤᠨ ᠶᠠᠷᠢᠯᠴᠠᠬᠤ ᠬᠦᠰᠡᠯ ᠢ ᠬᠥᠭᠵᠢᠭᠡᠵᠦ᠂ ᠰᠤᠷᠤᠭᠴᠢᠳ ᠤᠨ ᠰᠡᠳᠬᠢᠬᠦᠢ ᠎ ᠶᠢᠨ ᠳᠠᠯᠳᠠ ᠬᠦᠴᠦᠨ ᠢ ᠠᠭᠤᠳᠠᠯᠵᠤ᠂ ᠰᠤᠷᠤᠠᠠᠴᠢᠥᠨ ᠲᠠᠢ ᠪᠠᠨ ᠢᠯᠡᠬᠦᠤ‌‍ᠶᠠᠷᠢᠯᠴᠠᠬᠤ ᠶᠢ ᠴᠢᠬᠤᠯᠠᠴᠢᠯᠠᠳᠠᠭ᠃ ᠬᠢᠴᠢᠶᠡᠯ ᠤᠨ ᠲᠠᠩᠬᠢᠮ ᠳᠤ ᠦᠷᠭᠦᠯᠵᠢ ᠬᠥᠮᠦᠰ ᠤᠨ ᠰᠡᠳᠬᠢᠯ ᠢ ᠬᠥᠳᠡᠯᠭᠡᠮ᠎ᠡ ᠵᠢᠵᠢᠭ ᠦᠯᠢᠭᠡᠷ ᠤᠳ ᠢᠶᠠᠷ ᠳᠠᠮᠵᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠨᠡᠩ ᠠᠮᠢᠳᠤᠯᠢᠭ ᠪᠥᠭᠡᠳ ᠰᠣᠨᠢᠷᠬᠠᠯᠲᠠᠢ ᠪᠣᠯᠭᠠᠵᠤ ᠬᠥᠭᠵᠢᠭᠡᠳᠡᠭ ᠪᠠᠶᠢᠯ᠎ᠠ᠃      ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠢᠩ ᠸᠧᠶ᠄ ︽ᠰᠤᠷᠭᠠᠨ ᠬᠥᠮᠦᠵᠢᠯ ᠤᠨ ᠣᠭ ᠰᠠᠨᠠᠭ᠎ᠠ ᠪᠣᠯ ᠴᠢᠳᠠᠪᠤᠷᠢᠲᠠᠨ ᠢ ᠬᠥᠮᠦᠵᠢᠭᠦᠯᠬᠦ ᠶᠠᠪᠤᠳᠠᠯ ᠪᠣᠯᠤᠨ᠎ᠠ᠂ ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠦᠶᠯᠡᠴᠢᠯᠡᠵᠦ᠂ ᠠᠷᠠᠳ ᠲᠦᠮᠡᠨ ᠳᠤ ᠦᠶᠯᠡᠴᠢᠯᠡᠵᠦ᠂ ᠦᠶᠯᠡᠳᠪᠦᠷᠢᠯᠡᠯ ᠬᠥᠳᠡᠯᠮᠦᠷᠢ‌‍ᠪᠠ‌ᠨᠡᠶᠢᠭᠡᠮ‌‍ᠦᠨ‌ᠦᠶᠯᠡᠳᠦᠯᠭᠡ ᠲᠠᠢ ᠤᠶᠠᠯᠳᠤᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠤᠯᠥᠨ᠎ᠠ᠃ ᠰᠤᠷᠭᠠᠨ ᠬᠥᠮᠦᠵᠢᠯ ᠤᠨ ᠡᠭᠦᠷᠭᠡ ᠪᠣᠯ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠶᠠᠪᠤᠳᠠᠯ ᠮᠥᠨ᠃ ᠪᠢᠳᠡ ᠥᠪᠡᠷ ᠤᠨ ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠦᠵᠡᠯ ᠰᠡᠳᠬᠢᠯᠭᠡ ᠲᠠᠢ᠂ ᠡᠷᠳᠡᠮ ᠮᠡᠳᠡᠯᠭᠡ ᠲᠠᠢ᠂ ᠡᠨᠡᠷᠢᠩᠭᠦᠢ ᠰᠡᠳᠬᠢᠯ ᠲᠠᠢ ︿ᠲᠦᠷᠪᠡ ᠶᠢ ᠪᠦᠷᠢᠯᠳᠦᠭᠦᠯᠦᠭᠰᠡᠨ ᠰᠠᠶᠢᠨ ᠪᠠᠭᠰᠢ﹀ ᠪᠣᠯᠬᠤ ᠪᠠᠷ ᠴᠢᠷᠮᠠᠶᠢᠬᠤ ᠪᠤᠯᠥᠨ᠎ᠠ︾ ᠬᠡᠯ᠎ᠡ᠃      ᠵᠢᠩ ᠸᠧᠢ ᠣᠯᠠᠨ ᠤᠳᠠᠭ᠎ᠠ ᠬᠤᠰᠢᠭᠤ ᠲᠡᠰ ᠤᠨ ᠰᠢᠨᠵᠢᠯᠡᠭᠡᠨ ᠤ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ ᠤ ᠢᠷᠠᠭᠤ ᠠᠯᠳᠠᠷ ᠪᠠ ᠰᠤᠷᠭᠠᠭᠤᠯᠢ ᠶᠢᠨ ᠲᠡᠰ ᠤᠨ ᠢᠷᠠᠭᠤ ᠠᠯᠳᠠᠷ ᠢ ᠣᠯᠠᠨᠳᠠ ᠬᠥᠷᠳᠡᠵᠤ ᠥᠩᠭᠡᠷᠡᠭᠰᠡᠨ ᠪᠢᠯᠡ᠃ ᠡᠬᠦᠨ ᠠᠴᠠ ᠭᠠᠳᠠᠨ᠎ᠠ ᠠᠶᠢᠮᠠᠭ ᠤᠨ ᠲᠡᠰ ᠤᠨ ᠲᠣᠭᠤᠷᠢᠨ ᠦᠵᠡᠬᠦ ᠪᠠ‌ᠦᠵᠡᠬᠦᠯᠭᠡ ᠶᠢᠨ ᠬᠢᠴᠢᠶᠡᠯ᠂ ᠬᠤᠰᠢᠭᠤ ᠲᠡᠰ ᠤᠨ ᠵᠢᠱᠢᠶ᠎ᠡ ᠦᠵᠡᠭᠦᠯᠬᠦ ᠬᠢᠴᠢᠶᠡᠯ ᠳᠤ ᠣᠷᠣᠯᠴᠠᠵᠤ ᠰᠢᠯᠢᠳᠡᠭ ᠰᠠᠶᠢᠨ ᠬᠢᠷᠢ ᠪᠥᠳᠥᠮᠵᠢ ᠲᠠᠢ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠭᠤᠨ ᠬᠥᠮᠦᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠪᠠᠶᠢᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠥᠷᠭᠡᠨ ᠤᠯᠠᠨ ᠪᠠᠭᠰᠢ ᠰᠤᠷᠤᠭᠴᠢᠳ ᠲᠤ ᠰᠢᠨ᠎ᠡ ᠴᠠᠭ ᠦᠶ᠎ᠡ ᠶᠢᠨ ᠨᠠᠮ ᠤᠨ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠡᠭᠦᠷᠭᠡ ᠶᠢ ᠡᠭᠦᠷᠭᠡᠯᠡᠵᠦ ᠪᠠᠶᠢᠳᠠᠭ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号