ᠬᠤᠶᠠᠷ ᠪᠠᠶᠠᠷ ᠤᠨ ᠠᠮᠠᠷᠠᠯᠲᠠ ᠳᠤ ᠰᠢᠯᠤᠭᠤᠨ ᠬᠥᠬᠡ ᠬᠤᠰᠢᠭᠤᠨ ᠤ ᠵᠠᠬ᠎ᠠ ᠳᠡᠯᠭᠡᠭᠦᠷ ᠤᠨ ᠪᠠᠷᠠᠭᠠᠨ ᠤ ᠦᠨ᠎ᠡ ᠬᠠᠩᠰᠢ ᠲᠣᠭᠲᠠᠭᠤᠨ ᠪᠥᠭᠡᠥᠨ‌ᠬᠠᠩᠭᠠᠯᠭ᠎ᠠ ᠡᠯᠪᠡᠭ ᠪᠠᠶᠢᠨ᠎ᠠ
ᠨᠡᠶᠢᠲᠡᠯᠡᠭᠰᠡᠨ ᠴᠠᠭ᠄
2024/9/29
     ︽ᠬᠤᠶᠠᠷ ᠪᠠᠶᠠᠷ︾ ᠤᠨ ᠠᠮᠠᠷᠠᠯᠳᠠ ᠬᠦᠷᠴᠦ ᠢᠷᠡᠬᠦ ᠲᠠᠰᠢᠷᠠᠮ ᠢᠶᠠᠷ᠂ ᠰᠢᠯᠤᠭᠤᠨ ᠬᠥᠬᠡ ᠬᠤᠰᠢᠭᠤᠨ ᠤ ᠡᠯ᠎ᠡ ᠲᠣᠮᠣ ᠬᠤᠳᠠᠯᠳᠤᠭ᠎ᠠ ᠳᠡᠯᠭᠡᠭᠦᠷ ᠤᠷᠢᠳᠴᠢᠯᠠᠨ ᠲᠥᠯᠥᠪᠯᠡᠵᠦ᠂ ᠪᠠᠷᠠᠭᠠᠨ ᠤ ᠢᠷᠡᠯᠲᠡ ᠶᠢ ᠭᠦᠶᠴᠡᠳ ᠪᠡᠯᠡᠳᠬᠡᠨ᠂ ᠦᠨ᠎ᠡ ᠬᠠᠩᠰᠢ ᠴᠤ ᠲᠣᠭᠲᠠᠭᠤᠨ ᠪᠠᠶᠢᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠥᠳᠬᠡᠨ‌‍ᠪᠠᠶᠢᠨ᠎ᠠ᠃   9 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠡᠯ᠎ᠡ ᠲᠣᠮᠣ ᠬᠡᠲᠦ ᠳᠡᠯᠭᠡᠭᠦᠷ ᠪᠣᠯᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠬᠦ ᠳᠤ᠂ ᠰᠢᠨ᠎ᠡ ᠰᠣᠷᠭᠤᠭ ᠨᠣᠭᠤᠭ᠎ᠠ ᠵᠢᠮᠢᠰ᠂ ᠠᠮᠤ ᠲᠣᠰᠣ ᠬᠤᠯᠢᠰᠢᠨ ᠢᠳᠡᠭᠡᠨ᠂ ᠲᠤᠲᠤᠷᠭ᠎ᠠ᠂ ᠭᠤᠯᠢᠷ᠂ ᠢᠳᠡᠰᠢᠨ ᠲᠣᠰᠣ ᠪᠥᠬᠦ ᠵᠥᠢᠯᠡᠰ ᠭᠦᠶᠴᠡᠳ ᠪᠠᠶᠢᠯ᠎ᠠ᠃  ᠰᠢᠯᠤᠭᠤᠨ ᠬᠥᠬᠡ ᠬᠤᠰᠢᠭᠤᠨ ᠤ ᠸᠠᠨ ᠺᠧ ᠯᠦᠩ ᠬᠤᠳᠠᠯᠳᠣᠭᠠᠨ ᠤ ᠲᠥᠪ ᠲᠤ᠂ ᠬᠤᠳᠠᠯᠳᠤᠨ ᠠᠪᠤᠭᠴᠢ ᠮᠠ ᠠᠪᠠᠭ᠋ᠠᠶ ᠰᠤᠷᠪᠤᠯᠵᠢᠯᠠᠭᠴᠢ ᠳᠤ᠄ ︽ᠠᠳᠡᠬᠢ ᠪᠠᠷᠠᠭ᠎ᠠ ᠲᠠᠸᠠᠷ ᠡᠯᠪᠡᠭ᠂ ᠴᠢᠨᠠᠷ ᠨᠢ ᠴᠦ ᠵᠦᠭᠡᠷ᠂ ᠦᠨ᠎ᠡ ᠬᠠᠩᠰᠢ  ᠨᠢ ᠲᠣᠬᠢᠷᠠᠮᠵᠢᠳᠠᠢ᠃ ᠪᠤᠤᠪᠤ ᠪᠤᠭᠤᠷᠰᠤᠭ ᠣᠯᠠᠨ ᠶᠠᠩᠵᠤ ᠪᠠᠶᠢᠵᠤ᠂ ᠵᠢᠮᠢᠰ ᠨᠣᠭᠤᠭ᠎ᠠ‌ᠨᠢ ᠴᠤ ᠰᠢᠨ᠎ᠡ‌‍ᠰᠣᠷᠭᠤᠭ᠂ ᠦᠶᠯᠡᠴᠢᠯᠡᠭᠡ ᠨᠢ ᠪᠠᠰᠠ ᠰᠠᠶᠢᠨ᠂ ᠪᠢ ᠭᠡᠷ ᠤᠨ ᠬᠥᠮᠦᠰ ᠲᠠᠢ ᠪᠠᠨ ᠬᠠᠮᠲᠤ ᠪᠠᠶᠠᠷ ᠤᠨ ᠡᠳᠥᠷ ᠲᠤ ᠵᠤᠷᠢᠭᠤᠯᠥᠨ ᠪᠡᠯᠡᠳᠬᠡᠵᠦ ᠪᠠᠶᠢᠨ᠎ᠠ︾ ᠬᠡᠯ᠎ᠡ᠃  ᠲᠤᠰ ᠴᠢᠯᠥᠭᠡᠳᠤ ᠲᠡᠯᠭᠡᠬᠦᠷ ᠲᠤ ᠨᠤᠭᠤᠭ᠎ᠠ ᠵᠢᠮᠢᠰ ᠪᠤᠤᠪᠤ ᠪᠤᠭᠤᠷᠰᠤᠭ ᠠᠴᠠ ᠭᠠᠳᠠᠨ᠎ᠠ ᠦᠬᠡᠷ ᠤᠨ ᠮᠢᠬ᠎ᠠ᠂ ᠬᠤᠨᠢᠨ ᠮᠢᠬ᠎ᠠ᠂ ᠭᠠᠭ᠋ᠠᠢ ᠶᠢᠨ ᠮᠢᠬ᠎ᠠ᠂ ᠲᠠᠬᠢᠶᠠᠨ ᠥᠨᠳᠡᠭᠡ᠂ ᠦᠨᠢᠶᠡᠨ ᠰᠦ ᠵᠡᠷᠭᠡ ᠡᠯ᠎ᠡ ᠲᠥᠷᠥᠯ ᠤᠨ ᠠᠮᠢᠳᠤᠷᠠᠯ  ᠤᠨ ᠬᠡᠷᠡᠭᠰᠡᠯ ᠤᠨ ᠲᠥᠷᠥᠯ ᠵᠦᠶᠯ ᠪᠠᠰᠠ‌‍ᠪᠦ᠋ᠷᠢᠨ ᠭᠦᠶᠴᠡᠳ ᠪᠠᠶᠢᠯ᠎ᠠ᠃  ᠰᠢᠯᠤᠭᠤᠨ ᠬᠥᠬᠡ ᠬᠤᠰᠢᠭᠤᠨ ᠤ ᠸᠠᠨ ᠺᠧ ᠯᠦᠩ ᠬᠤᠳᠠᠯᠳᠤᠭᠠᠨ ᠤ ᠲᠥᠪ ᠤᠨ ᠠᠵᠢᠯᠲᠠᠨ ᠤ ᠬᠠᠮᠢᠶᠠᠷᠤᠭᠴᠢ ᠸᠠᠩ ᠯᠦ ᠶᠣᠣ᠄ ︽ᠬᠤᠶᠠᠷ ᠪᠠᠶᠠᠷ ᠤᠳᠠᠯ ᠥᠬᠡᠶ ᠪᠣᠯᠬᠤ ᠭᠡᠵᠦ ᠪᠠᠶᠢᠨ᠎ᠠ᠂ ᠪᠢᠳᠡ ᠤᠷᠢᠳᠴᠢᠯᠠᠨ ᠪᠡᠯᠡᠳᠬᠡᠵᠦ᠂ ᠡᠯᠪᠡᠭ ᠳᠡᠯᠪᠡᠭ ᠲᠠᠸᠠᠷ ᠤᠨ ᠬᠠᠩᠭᠠᠯᠭ᠎ᠠ ᠶᠢ ᠪᠠᠲᠤᠯᠠᠵᠤ᠂ ᠵᠦᠶᠯ ᠪᠥᠷᠢ ᠶᠢᠨ ᠪᠤᠤᠪᠤ ᠪᠤᠭᠤᠷᠰᠤᠭ᠂ ᠰᠢᠨ᠎ᠡ ᠰᠣᠷᠭᠤᠭ ᠵᠢᠮᠢᠰ᠂ ᠢᠳᠡᠰᠢᠨ ᠨᠣᠭᠤᠭ᠎ᠠ ᠬᠦᠷᠲᠡᠯ᠎ᠡ ᠴᠥᠮ ᠪᠦᠷᠢᠨ ᠪᠠᠶᠢᠵᠤ᠂ ᠪᠣᠷᠣᠯᠠᠭᠤᠯᠭ᠎ᠠ ᠲᠠᠰᠤᠷᠠᠬᠤ ᠥᠬᠡᠶ ᠪᠠᠶᠢᠬᠤ ᠶᠢ ᠴᠢᠷᠮᠠᠶᠢᠨ ᠪᠡᠶᠡᠯᠡᠬᠦᠯᠵᠦ ᠪᠠᠶᠢᠨ᠎ᠠ᠃ ᠪᠢᠳᠠ ᠢᠮᠠᠭᠲᠠ ᠬᠡᠷᠡᠭᠯᠡᠭᠴᠢᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠲᠠᠸᠠᠷ ᠪᠠ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠬᠡᠷᠡᠭᠯᠡᠭᠴᠢᠳ  ᠤᠨ ᠪᠠᠷᠠᠭ᠎ᠠ ᠬᠤᠳᠠᠯᠳᠤᠨ ᠠᠪᠬᠤ ᠲᠠᠨᠢᠯᠲᠠ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠶᠢᠨ ᠬᠠᠮᠳᠣ᠂ ᠪᠠᠰᠠ ᠪᠠᠶᠠᠷ  ᠤᠨ ᠡᠳᠦᠷ ᠤᠨ ᠬᠤᠭᠤᠴᠠᠭᠠᠨ ᠳᠤ ᠭᠡᠷᠡᠭᠯᠡᠭᠴᠢᠥᠨ ᠲᠤ ᠬᠠᠷᠭᠠᠯᠵᠢᠯᠠᠯ ᠤᠨ ᠰᠢᠷᠢᠰ ᠠᠵᠢᠯᠯᠠᠭ᠎ᠠ ᠥᠷᠨᠢᠭᠦᠯᠵᠦ᠂ ᠣᠯᠠᠨ ᠲᠥᠮᠡᠨ ᠤ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠂ ᠲᠡᠳᠡᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠦᠩᠭᠡᠷᠡᠬᠦᠯᠬᠦ ᠶᠢ ᠬᠦᠰᠡᠵᠦ ᠪᠠᠶᠢᠨ᠎ᠠ︾ ᠬᠡᠯ᠎ᠡ᠃  ᠬᠤᠶᠠᠷ ᠪᠠᠶᠠᠷ ᠤᠨ ᠬᠤᠭᠤᠴᠠᠭᠠᠨ ᠳᠤ ᠰᠢᠯᠤᠭᠤᠨ ᠬᠥᠬᠡ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ‌ᠮᠥ᠋ᠴᠢᠷ‌ᠤᠷᠢᠳᠴᠢᠯᠠᠨ ᠲᠥᠯᠥᠪᠵᠢᠭᠦᠯᠵᠦ᠂ ᠡᠯ᠎ᠡ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠢᠳᠡᠪᠬᠢᠲᠡᠶ ᠵᠣᠬᠢᠴᠠᠭᠤᠯᠤᠨ ᠲᠠᠸᠠᠷ ᠤᠨ ᠬᠤᠳᠠᠯᠳᠤᠨ ᠠᠪᠬᠤ ᠪᠠ ᠨᠥᠭᠡᠴᠡᠯᠡᠬᠦ ᠡᠷᠴᠢᠮ ᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠢᠨᠠᠯᠳᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠳᠤᠯᠠᠵᠤ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号