2024 ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/1/13
        2025 ᠣᠨ ᠤ 1 ᠰᠠᠷ᠎ᠠ ᠶᠢᠨ 12᠎ ᠤᠨ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ         ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ       ᠬᠤᠰᠢᠭᠤ ᠳᠠᠷᠤᠭ᠎ᠠ                            ᠯᠢᠦ ᠰᠢᠶᠤᠤ ᠮᠢᠨᠲᠥᠯᠥᠭᠡᠯᠡᠭᠴᠢᠳ ᠡ᠄     ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2024 ᠣᠨ ᠤ ᠠᠵᠢᠯ ᠤᠨ ᠲᠣᠶᠢᠮᠦ      2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠂ ᠮᠥᠨᠴᠦ ᠰᠢᠯᠤᠭᠤᠨ ᠬᠥᠬᠡ ᠬᠤᠰᠢᠭᠤᠨ ᠤ ᠬᠦᠭᠵᠢᠯ ᠤᠨ ᠲᠡᠦᠬᠡᠨ ᠳᠡᠭᠡᠷᠡᠬᠢ ᠮᠠᠰᠢ ᠶᠡᠭᠡ ᠰᠣᠷᠢᠯᠲᠠ ᠲᠠᠢ᠂ ᠭᠡᠴᠡᠭᠦᠦ ᠨᠢᠭᠡ ᠵᠢᠯ ᠪᠠᠶᠢᠯ᠎ᠠ᠃ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠎ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠶᠠᠷ ᠶᠡᠭᠡ ᠶᠠᠪᠤᠳᠠᠯ ᠵᠢᠴᠢ ︽ᠵᠢᠷᠭᠤᠭᠠᠨ ᠢᠨᠵᠧᠨᠧᠷᠢᠩ︾᠎ ᠢ ᠴᠢᠨᠠᠷ ᠲᠠᠢ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠲᠠᠭᠤᠨ ᠤ ᠳᠤᠮᠳᠠ ᠥᠭᠡᠷᠡᠴᠢᠯᠡᠯᠲᠡ ᠶᠢ ᠬᠠᠶᠢᠵᠤ᠂ ᠪᠡᠷᠬᠡᠰᠢᠶᠡᠯ ᠤᠨ ᠳᠤᠮᠳᠠ ᠠᠮᠵᠢᠯᠲᠠ ᠶᠢ ᠡᠷᠢᠯᠬᠢᠯᠡᠨ᠂ ᠥᠪᠡᠷ ᠤᠨ ᠭᠡᠰᠡᠨ ᠬᠦᠭᠵᠢᠯ ᠳᠠᠪᠰᠢᠯ ᠤᠨ ᠦᠷ᠎ᠡ ᠪᠦᠳᠦᠮᠵᠢ ᠪᠠᠨ ᠣᠯᠣᠭᠰᠠᠨ ᠪᠠᠶᠢᠨ᠎ᠠ᠃      — ᠪᠦᠬᠦ ᠵᠢᠯ ᠳᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ 6 %᠎ ᠪᠠᠷ ᠨᠡᠮᠡᠭᠳᠡᠵᠦ᠂ 29. 35 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠬᠦᠯᠵᠡᠢ᠃ ᠡᠩ ᠎ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 9 %᠎ ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠨᠢ 4 %᠎ ᠪᠠᠷ ᠳᠡᠭᠡᠭᠰᠢᠯᠡᠪᠡ᠃ ᠨᠡᠶᠢᠲᠡ ᠶᠢᠨ ᠬᠡᠷᠡᠭᠯᠡᠭᠡᠨ ᠤ ᠪᠠᠷᠠᠭᠠᠨ ᠤ ᠵᠢᠵᠢᠭᠯᠡᠨ ᠪᠣᠷᠤᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 3 %᠎ ᠪᠠᠷ ᠥᠰᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ 5 % ᠪᠠ 6 %᠎ ᠪᠠᠷ ᠨᠡᠮᠡᠭᠳᠡᠭᠰᠡᠨ ᠪᠠᠶᠢᠨ᠎ᠠ᠃      —ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠡᠷᠴᠢᠮ ᠲᠠᠢ ᠥᠷᠨᠢᠵᠦ᠂ ᠪᠥᠬᠦ ᠣᠷᠣᠨ ᠤ ᠠᠩᠬᠠᠳᠠᠭᠴᠢ ︽ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠠᠵᠢᠯ ᠤᠨ ᠮᠡᠳᠡᠭᠡ ᠵᠠᠩᠭᠢ ᠶᠢᠨ ᠲᠠᠪᠴᠠᠩ︾᠎ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ 82. 97 ᠲᠦᠮᠡᠨ ᠮᠥ ᠵᠠᠰᠠᠵᠤ᠂ ᠵᠠᠰᠠᠭᠰᠠᠨ ᠲᠠᠯᠠᠪᠠᠶ ᠪᠠ ᠬᠤᠷᠳᠤᠴᠠ ᠨᠢ ᠴᠥᠮ ᠪᠥᠬᠦ ᠠᠶᠢᠮᠠᠭ ᠲᠠᠭᠠᠨ ᠲᠡᠷᠢᠭᠦᠯᠡᠪᠡ᠃      —ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠠᠰᠢᠭᠯᠠᠯᠲᠠ ᠶᠢᠨ ᠲᠤᠬᠠᠢ ᠰᠠᠭᠤᠳᠠᠯ ᠤᠨ ᠬᠤᠷᠠᠯ ᠢ ᠴᠢᠨᠠᠷᠲᠠᠢ ᠡᠷᠭᠢᠯᠡᠵᠦ᠂ ︽ᠬᠥᠮᠦᠨ ᠲᠥᠷᠥᠯᠬᠢᠲᠡᠨ ᠤ ᠳᠤᠷᠠᠰᠤᠮᠵᠢ— ᠳᠤᠮᠳᠠᠳᠤ ᠤᠯᠤᠰ ᠤᠨ ᠳᠡᠯᠡᠬᠡᠶ ᠶᠢᠨ ᠥᠪ ᠶᠤᠸᠠᠨ ᠤ ᠳᠡᠭᠡᠳᠦ ᠨᠡᠶᠢᠰᠯᠡᠯ︾ ᠬᠡᠮᠡᠬᠦ ᠲᠣᠮᠣ ᠬᠡᠯᠪᠡᠷᠢ ᠶᠢᠨ ᠪᠠᠷᠢᠮᠲᠠᠲᠤ ᠺᠢᠨᠣ᠋ ᠶᠢ ᠲᠥᠪ ᠲᠧᠯᠸᠢᠰ ᠢᠶᠠᠷ ᠨᠡᠪᠲᠡᠷᠡᠭᠦᠯᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠭᠰᠠᠳ ᠢ ᠭᠥᠯᠢᠶᠡᠨ ᠠᠪᠤᠭᠰᠠᠨ ᠬᠡᠮᠵᠢᠶ᠎ᠡ ᠨᠢ 52 %᠎ ᠢᠶᠠᠷ ᠨᠡᠮᠡᠭᠳᠡᠵᠦ᠂ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠪᠠ ᠵᠤᠭᠠᠴᠠᠭᠰᠠᠳ ᠤᠨ ᠬᠤᠭᠤᠷᠤᠨᠳᠤᠬᠢ ᠬᠠᠷᠢᠯᠴᠠᠨ ᠳᠠᠳᠠᠯᠴᠠᠯ ᠢ ᠪᠤᠢ ᠪᠣᠯᠭᠠᠵᠠᠢ᠃     —ᠠᠯᠲᠠᠩᠬᠤᠸ᠎ᠠ ᠴᠡᠴᠡᠭ ᠰᠣᠨᠢᠷᠬᠠᠬᠤ ᠨᠠᠶᠢᠷ ᠦᠪᠡᠳᠡᠭᠰᠢ ᠶᠡᠭᠡ ᠪᠠᠷ ᠶᠠᠪᠤᠭᠳᠠᠵᠤ᠂ ᠰᠦᠯᠵᠢᠶᠡᠨ ᠤ ᠨᠡᠶᠢᠲᠡ ᠦᠵᠡᠭᠴᠢᠳ ᠤᠨ ᠲᠤᠭ᠎ᠠ 1. 25 ᠳ᠋ᠦᠩᠰᠢᠭᠤᠷ ᠢ ᠳᠠᠪᠠᠵᠤ᠂ ᠮᠠᠰᠢ ᠶᠡᠭᠡ ᠬᠠᠨᠳᠤᠯᠭ᠎ᠠ ᠬᠦᠯᠢᠶᠡᠵᠦ ᠠᠪᠴᠠᠢ᠃ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠮᠥᠰᠥ ᠴᠠᠰᠤᠨ ᠤ ᠪᠠᠷᠲᠠᠭᠠᠲᠤ ᠠᠶᠠᠯᠠᠯ ᠤᠨ ᠠᠵᠢᠯᠯᠠᠭ᠎ᠠ ᠨᠢ ᠲᠥᠪ ᠲᠧᠯᠸᠢᠰ ᠤᠨ ᠰᠣᠨᠢᠨ ᠮᠡᠳᠡᠭᠡ ᠳᠤ ᠭᠠᠷᠴᠤ᠂ ᠣᠯᠠᠨ ᠮᠢᠩᠭᠠᠨ ᠬᠦᠮᠦᠨ ᠤ ᠰᠣᠨᠢᠷᠬᠠᠯ ᠢ ᠲᠠᠲᠠᠵᠠᠢ᠃ ᠡᠭᠦᠨᠴᠢᠯᠡᠨ ︽ᠠᠯᠲᠠᠩᠬᠤᠸ᠎ᠠ ᠴᠡᠴᠡᠭ︾ ︽ᠬᠤᠯᠠᠨ ᠰᠢᠷᠭ᠎ᠠ ᠲᠠᠭ᠎ᠠ︾ ᠭᠡᠬᠦ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠨᠢ ᠣᠯᠠᠨ ᠲᠥᠮᠡᠨ ᠤ ᠲᠠᠭᠠᠰᠢᠶᠠᠯ ᠳᠤ ᠬᠦᠷᠴᠦ ᠴᠢᠳᠠᠭᠰᠠᠨ ᠪᠠᠶᠢᠨ᠎ᠠ᠃      — ᠬᠠᠢ ᠲᠠᠢ ᠵᠢᠯ ᠤᠨ 1 GW ᠴᠠᠬᠢᠯᠭᠠᠨ ᠭᠠᠷᠭᠠᠬᠤ ᠨᠠᠷᠠᠨ ᠤ ᠡᠨᠧᠷᠭᠢ ᠶᠢᠨ ᠴᠠᠬᠢᠯᠭᠠᠨ ᠤ ᠲᠣᠨᠣᠭᠯᠠᠯ ᠤᠨ ᠳᠥᠰᠥᠯ ᠢ ᠵᠠᠭᠤᠬᠠᠨ ᠡᠳᠦᠷ ᠤᠨ ᠳᠣᠲᠤᠷ᠎ᠠ ᠪᠠᠶᠢᠭᠤᠯᠵᠤ ᠳᠠᠭᠤᠰᠬᠠᠨ᠂ ᠰᠢᠯᠤᠭᠤᠨ ᠬᠥᠬᠡ ᠬᠤᠰᠢᠭᠤᠨ ᠤ ᠳᠥᠰᠥᠯ ᠤᠨ ᠪᠠᠶᠢᠭᠤᠯᠤᠯᠲᠠ ᠶᠢᠨ ︽ᠰᠢᠭᠤᠷᠬᠠᠢ︾᠎ ᠶᠢ ᠬᠠᠷᠠᠭᠤᠯᠵᠤ᠂ ᠪᠦᠬᠦ ᠠᠶᠢᠮᠠᠭ ᠤᠨ ᠨᠠᠷᠠᠨ ᠤ ᠡᠨᠧᠷᠭᠢ ᠶᠢᠨ ᠴᠡᠨᠡᠭ ᠲᠣᠨᠣᠭᠯᠠᠯ ᠤᠨ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠪᠡ᠃      —ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠨ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠵᠦ᠂ 139 ᠦᠨᠳᠦᠰᠦᠨ ᠬᠠᠮᠢᠶᠠᠷᠤᠯᠲᠠ ᠶᠢᠨ ᠲᠣᠣᠷ ᠢ ᠨᠠᠷᠢᠯᠢᠭ ᠬᠤᠪᠢᠶᠠᠵᠤ᠂ 165 ᠨᠤᠲᠤᠭ ᠪᠡᠯᠴᠢᠭᠡᠷ ᠤᠨ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠮᠢᠯᠠᠨ᠂ 27 ᠬᠢᠨᠠᠯᠲᠠ ᠶᠢᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠨᠢᠭᠡ ᠴᠣᠭᠴᠠᠵᠢᠭᠤᠯᠤᠭᠰᠠᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠰᠢᠯᠤᠭᠤᠨ ᠬᠥᠬᠡ ᠬᠤᠰᠢᠭᠤᠨ ᠤ ᠪᠠᠨ ᠪᠦᠳᠦᠮᠵᠢᠲᠡᠢ ᠠᠷᠭ᠎ᠠ ᠲᠤᠷᠰᠢᠯᠭ᠎ᠠ ᠪᠠᠨ ᠪᠦᠬᠦ ᠣᠷᠣᠨ ᠳᠤ ᠳᠡᠯᠭᠡᠷᠡᠭᠦᠯᠦᠭᠰᠡᠨ ᠪᠠᠶᠢᠨ᠎ᠠ᠃      ᠥᠩᠭᠡᠷᠡᠭᠰᠡᠨ ᠨᠢᠭᠡ ᠵᠢᠯ ᠳᠤ ᠪᠢᠳᠡ ᠨᠥᠭᠡᠴᠡ ᠪᠣᠯᠤᠯᠴᠠᠭ᠎ᠠ ᠪᠠᠨ ᠭᠦᠨᠵᠡᠭᠡᠢ ᠠᠰᠢᠭᠯᠠᠵᠤ᠂ ᠥᠭᠡᠷᠡᠴᠢᠯᠡᠯᠲᠡ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠦᠰᠦᠷᠦᠯᠲᠡ ᠶᠢ ᠪᠡᠶᠡᠯᠡᠬᠦᠯᠵᠡᠢ      ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠶᠢ ᠪᠠᠬᠢᠵᠢᠬᠦᠯᠦᠯ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠵᠢᠴᠢ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠠᠶᠢᠭᠤᠯᠬᠤ 62 ᠵᠦᠢᠯ ᠤᠨ ᠠᠵᠢᠯ ᠡᠭᠦᠷᠭᠡ ᠪᠠᠨ ᠪᠦᠬᠦᠨ ᠢ ᠪᠡᠶᠡᠯᠡᠭᠦᠯᠪᠡ᠃ ᠪᠦᠬᠦ ᠵᠢᠯ ᠳᠤ 34. 76 ᠲᠦᠮᠡᠨ ᠲᠣᠯᠣᠭᠠᠢ ᠮᠠᠯ ᠪᠣᠷᠤᠯᠠᠭᠤᠯᠵᠤ᠂ 14. 8 %᠎ ᠪᠠᠷ ᠨᠡᠮᠡᠭᠳᠡᠪᠡ᠃ ᠣᠷᠣᠨ ᠤ ᠲᠡᠰ ᠤᠨ 1 ᠰᠠᠭᠤᠷᠢ ᠬᠤᠸᠠ ᠰᠢ ᠦᠬᠡᠷ ᠤᠨ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠭᠤᠶᠤᠴᠢᠯᠠᠨ ᠮᠡᠳᠡᠭᠦᠯᠵᠦ᠂ ᠠᠶᠢᠮᠠᠭ ᠤᠨ ᠲᠡᠰ ᠤᠨ 60 ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠪᠠ 366 ᠡᠷᠦᠬᠡ ᠭᠡᠷ ᠪᠦᠯᠢ ᠶᠢᠨ ᠮᠠᠯᠵᠢᠯ ᠤᠨ ᠲᠠᠯᠠᠪᠠᠢ ᠲᠠᠢ ᠪᠣᠯᠵᠤ᠂ 15. 9 ᠲᠦᠮᠡᠨ ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠵᠤ᠂ ᠮᠢᠬᠠᠨ ᠤ ᠦᠬᠡᠷ ᠤᠨ ᠲᠤᠭ᠎ᠠ ᠲᠣᠯᠤᠭᠠᠢ 21. 2 ᠲᠥᠮᠡ ᠳᠤ ᠬᠦᠷᠴᠡᠢ᠃ 6 ᠲᠦᠮᠡᠨ ᠲᠡᠭᠰᠢ ᠳᠥᠷᠪᠡᠯᠵᠢᠨ ᠮᠧᠲᠷ ᠳᠤᠯᠠᠭᠠᠨ ᠫᠧᠩ ᠪᠠᠶᠢᠭᠤᠯᠵᠤ᠂ ᠬᠠᠰᠢᠶᠠᠯᠠᠨ ᠮᠠᠯᠵᠢᠬᠤ ᠬᠡᠪᠴᠢᠶ᠎ᠡ ᠶᠢ 8 ᠲᠦᠮᠡᠨ ᠲᠣᠯᠣᠭᠠᠢ ᠳᠤ ᠬᠦᠷᠭᠡᠪᠡ᠃ 6 ᠡᠷᠦᠬᠡ ᠨᠢᠲᠤᠯᠠᠵᠤ ᠡᠳ᠋ᠰᠢᠭᠦᠯᠬᠦ ᠠᠵᠤ ᠠᠬᠤᠶᠢᠯᠠᠯ ᠲᠠᠢ ᠪᠣᠯᠵᠤ᠂ ᠵᠢᠯ ᠳᠤ 8 ᠲᠦᠮᠡᠨ ᠲᠣᠯᠣᠭᠠᠢ ᠮᠠᠯ ᠨᠢᠳᠤᠯᠠᠵᠤ ᠡᠳ᠋ᠰᠢᠭᠦᠯᠵᠦ ᠴᠢᠳᠠᠨ᠎ᠠ᠃ ᠪᠦᠬᠦ ᠬᠤᠰᠢᠭᠤᠨ ᠤ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠵᠢᠴᠢ ᠰᠦᠨ ᠤ ᠭᠠᠷᠤᠯᠲᠠ ᠨᠢ ᠲᠣᠰᠪᠣᠷᠢ 11. 5 % ᠪᠠ 10. 2 % ᠎ ᠪᠠᠷ ᠨᠡᠮᠡᠭᠳᠡᠪᠡ᠃ ᠴᠠᠩ ᠬᠤᠩ ᠴᠠᠭᠠᠨ ᠢᠳᠡᠭᠡᠨ ᠤ ᠦᠶᠯᠡᠳᠪᠦᠷᠢ ᠨᠢ ᠪᠥᠬᠦ ᠣᠷᠣᠨ ᠤ ᠠᠩᠬᠠᠳᠠᠭᠴᠢ ︽ᠥᠪᠥᠷ ᠮᠣᠩᠭᠤᠯ︾ ᠴᠠᠭᠠᠨ ᠢᠳᠡᠭᠡᠨ ᠤ ᠱᠣᠰᠢᠭᠠᠨ ᠤ ᠭᠡᠷᠡᠴᠢᠯᠡᠭᠡ ᠶᠢ ᠣᠯᠵᠤ᠂ ︽ᠰᠢᠯᠢ ᠶᠢᠨ ᠭᠤᠤᠯ ᠤᠨ ᠴᠠᠭᠠᠨ ᠢᠳᠡᠭᠡ︾ ᠬᠡᠮᠡᠬᠦ ᠨᠡᠷᠡᠲᠦ ᠳᠡᠮᠲᠡᠭ ᠢ ᠠᠰᠢᠭᠯᠠᠬᠤ ᠡᠷᠬᠡ ᠪᠦᠬᠦᠢ 21 ᠠᠵᠤ ᠠᠬᠤᠢ ᠶᠢᠨ ᠨᠢᠭᠡᠴᠡ ᠲᠠᠢ ᠪᠣᠯᠵᠤ᠂ ᠪᠦᠬᠦ ᠠᠶᠢᠮᠠᠭ ᠤᠨ 19 %᠎ ᠶᠢ ᠡᠵᠡᠯᠡᠪᠡ᠃ 604 ᠮᠦ ᠠᠯᠲᠠᠩᠬᠤᠸ᠎ᠠ ᠴᠡᠴᠡᠭ ᠲᠠᠷᠢᠵᠤ᠂ 12 ᠵᠦᠢᠯ ᠤᠨ 17 ᠰᠢᠨ᠎ᠡ ᠪᠦᠳᠦᠭᠡᠭᠳᠡᠭᠦᠨ ᠢ ᠡᠭᠦᠳᠦᠨ ᠪᠦᠳᠦᠭᠡᠪᠡ᠃ 1. 78 ᠲᠦᠮᠡᠨ ᠮᠥ ᠦᠨᠳᠦᠷ ᠤᠨᠠᠯᠳᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠵᠢᠯ ᠳᠤ 22. 12 ᠲᠦᠮᠡᠨ ᠮᠥ ᠠᠮᠤ ᠪᠤᠳᠠᠭ᠎ᠠ ᠲᠠᠷᠢᠵᠤ᠂ ᠤᠨᠠᠯᠲᠠ ᠨᠢ 4. 8 ᠲᠦᠮᠡᠨ ᠲᠣᠨ ᠳᠤ ᠬᠦᠷᠴᠦ᠂ 10. 6 %᠎ ᠪᠠᠷ ᠨᠡᠮᠡᠭᠳᠡᠪᠡ᠃ ᠪᠦᠬᠦ ᠵᠢᠯ ᠳᠤ 14 ᠲᠦᠮᠡᠨ ᠮᠦ ᠲᠡᠵᠢᠭᠡᠯ ᠡᠪᠡᠰᠦ ᠲᠠᠷᠢᠵᠤ᠂ 10 ᠡᠷᠦᠬᠡ ᠬᠤᠯᠢᠮᠠᠭ ᠪᠣᠷᠳᠤᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠲᠠᠢ ᠪᠣᠯᠵᠤ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 60 ᠲᠦᠮᠡᠨ ᠳᠤᠨ ᠢ ᠳᠠᠪᠠᠪᠠ᠃      ᠠᠵᠤ ᠦᠶᠯᠡᠳᠪᠦᠷᠢ ᠶᠢᠨ ᠠᠵᠤ ᠠᠬᠤᠢ ᠶᠢᠨ ᠡᠵᠡᠩᠨᠡᠯᠲᠡ ᠲᠣᠭᠲᠠᠭᠤᠨ ᠤ ᠳᠤᠮᠳᠠ ᠠᠬᠢᠯᠲᠠ ᠲᠠᠢ ᠪᠠᠶᠢᠯ᠎ᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠨᠠᠷᠲᠠᠢ ᠠᠬᠢᠭᠤᠯᠵᠤ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ 192 ᠳ᠋ᠦᠩᠰᠢᠭᠤᠷ ᠺᠢᠯᠣᠸᠠᠲ ᠴᠠᠭ ᠢ ᠳᠠᠪᠠᠪᠠ᠂ ᠡᠭᠦᠨ ᠳᠤ ᠰᠢᠨ᠎ᠡ ᠡᠨᠧᠷᠭᠢ ᠪᠠᠷ 50 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠭᠠᠷᠭᠠᠵᠤ᠂ ᠦᠶᠯᠡᠳᠬᠦᠨ ᠎ ᠤ ᠪᠥᠬᠦ ᠥᠷᠲᠡᠭ ᠨᠢ 14. 5 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠲᠡᠮᠳᠡᠭᠯᠡᠯ ᠢ ᠡᠭᠦᠳᠴᠦ᠂ ᠠᠵᠤ ᠦᠶᠯᠡᠳᠪᠦᠷᠢ ᠶᠢᠨ ᠦᠶᠯᠡᠳᠬᠦᠨ ᠤ ᠪᠥᠬᠦ ᠥᠷᠲᠡᠭ ᠨᠢ 4. 3 ᠵᠠᠭᠤᠨ ᠤ ᠬᠤᠪᠢ ᠨᠡᠮᠡᠭᠳᠡᠭᠰᠡᠨ ᠪᠠᠶᠢᠨ᠎ᠠ᠃ ᠠᠵᠤ ᠦᠢᠯᠡᠡᠰ ᠤᠨ ᠬᠦᠷᠢᠶᠡᠯᠡᠩ ᠳᠣᠲᠣᠷᠠᠬᠢ 24 ᠡᠷᠦᠬᠡ ᠠᠵᠤ ᠠᠬᠤᠶᠢᠯᠠᠯ ᠨᠢ ᠦᠶᠯᠡᠳᠪᠦᠷᠢᠯᠡᠯ ᠢᠶᠠᠨ ᠰᠡᠷᠭᠦᠭᠡᠵᠦ᠂ ᠦᠶᠯᠡᠳᠬᠦᠨ ᠤ ᠥᠷᠲᠡᠭ ᠨᠢ 61 ᠳ᠋ᠦᠩᠰᠢᠭᠤᠷ ᠲᠥᠭᠦᠷᠢᠭ ᠢ ᠳᠠᠪᠠᠵᠤ᠂ ᠲᠣᠰ ᠲᠣᠰ 33. 3 %᠂ 2. 9 %᠎ ᠪᠠᠷ ᠨᠡᠮᠡᠭᠳᠡᠭᠰᠡᠨ ᠪᠠᠶᠢᠨ᠎ᠠ᠃ ᠰᠢ ᠪᠸᠢ ᠾᠦᠢ ᠲᠦᠩ ᠮᠠᠯ ᠠᠵᠤ ᠠᠬᠤᠶ᠂ ᠰᠢᠨ ᠫᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠨᠢ 2024 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠪᠣᠬᠢᠷᠲᠤᠯ ᠥᠬᠡᠶ ᠦᠶᠯᠡᠳᠪᠦᠷᠢ︾᠎ ᠶᠢᠨ ᠵᠢᠭᠰᠠᠭᠠᠯᠲᠠ ᠶᠢ ᠣᠷᠤᠵᠤ᠂ ᠪᠣᠬᠢᠷᠲᠤᠯ ᠥᠬᠡᠶ ᠦᠶᠯᠡᠳᠪᠦᠷᠢ ᠪᠠᠶᠢᠳᠠᠭ ᠦᠭᠡᠢ ᠪᠠᠶᠢᠳᠠᠯ ᠢ ᠥᠭᠡᠷᠡᠴᠢᠯᠡᠪᠡ᠃     ᠦᠢᠯᠡᠴᠢᠯᠡᠭᠡᠨ ᠤ ᠦᠢᠯᠡᠰ ᠲᠦᠷᠭᠡᠨ ᠪᠥᠭᠡᠳ ᠯᠠᠪᠳᠠᠭᠤᠨ ᠢᠶᠠᠷ ᠬᠦᠭᠵᠢᠯ᠎ᠡ᠃ ᠠᠯᠲᠠᠩᠬᠤᠸ᠎ᠠ ᠴᠡᠴᠡᠭ ᠰᠣᠨᠢᠷᠬᠠᠬᠤ ᠨᠠᠶᠢᠷ᠂ ᠴᠠᠭᠠᠨ ᠢᠳᠡᠭᠡᠨ ᠤ ᠰᠢᠨ᠎ᠡ ᠪᠦᠲᠦᠭᠡᠭᠳᠡᠬᠦᠨ ᠤ ᠲᠠᠨᠢᠯᠴᠠᠭᠤᠯᠭ᠎ᠠ᠂ ︽ᠰᠢᠯᠤᠭᠤᠨ ᠬᠥᠬᠡ ᠶᠢᠨ ᠣᠨᠴᠠᠯᠢᠭᠲᠤ ᠦᠨᠦᠷ ᠠᠮᠲᠠ ᠶᠢ ᠪᠡᠭᠡᠵᠢᠩ ᠳᠤ ᠤᠬᠠᠭᠤᠯᠤᠨ ᠲᠠᠨᠢᠯᠴᠠᠭᠤᠯᠬᠤ︾ ᠵᠡᠷᠭᠡ 50 ᠭᠠᠷᠤᠢ ᠤᠳᠠᠭᠠᠨ ᠤ ᠰᠣᠶᠣᠯ ᠵᠢᠭᠤᠯᠴᠢᠯᠠᠯ ᠎ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠲᠥᠪ ᠲᠧᠯᠸᠢᠰ ᠎ ᠲᠤ ᠳᠡᠯᠭᠡᠨ ᠦᠵᠡᠭᠦᠯᠵᠦ᠂ ︽ᠪᠦᠷᠭᠦᠳ ᠨᠠᠮᠨᠠᠭᠰᠠᠨ ᠪᠠᠭᠠᠲᠤᠷ ᠤᠨ ᠳᠣᠮᠤᠭ᠄ ᠢᠳᠡᠲᠡᠨ ᠪᠠᠭᠠᠳᠤᠷ︾᠂ ︽ᠡᠨᠡ ᠨᠠᠰᠤᠨ ᠳᠠᠭᠠᠨ ᠵᠠᠪᠠᠯ ᠣᠴᠢᠬᠤ 100 ᠭᠠᠵᠠᠷ︾ ᠵᠡᠷᠭᠡ 15 ᠺᠢᠨᠣ᠋᠂ ᠳᠡᠯᠭᠡᠴᠡ᠂ ᠣᠬᠤᠷ ᠹᠢᠯᠢᠮ ᠨᠢ ᠰᠢᠯᠤᠭᠤᠨ ᠬᠥᠬᠡ ᠬᠤᠰᠢᠭᠤᠨ ᠳᠤ ᠵᠢᠷᠤᠭ ᠠᠪᠤᠯᠲᠠ ᠬᠢᠵᠠᠢ ᠃ ᠳ᠋ᠦᠩ ᠹᠠᠩ ᠵᠧᠨ ᠰᠢᠤᠸᠠᠨ ᠰᠢᠭᠤᠳ ᠨᠡᠪᠲᠡᠷᠡᠭᠦᠯᠭᠡ ᠶᠢᠨ ᠳᠠᠪᠴᠠᠩ ᠨᠢ ᠱᠠᠩᠳᠤ ᠨᠠᠭᠤᠷ ᠲᠤ ᠲᠤᠰᠬᠠᠢ ᠲᠠᠯᠠᠪᠠᠢ ᠰᠢᠭᠤᠳ ᠨᠡᠪᠲᠡᠷᠡᠭᠦᠯᠭᠡ ᠬᠢᠵᠦ᠂ ᠮᠧᠩ ᠮᠠᠨ ᠵᠡᠷᠭᠡ ᠮᠡᠷᠭᠡᠵᠢᠯᠲᠡᠨ ᠡᠷᠳᠡᠮᠲᠡᠨ᠂ ᠠᠯᠳᠠᠷᠲᠤ ᠵᠥᠴᠦᠭᠡᠴᠢᠨ᠂ ᠰᠦᠯᠵᠢᠶᠡᠨ ᠣᠳᠣᠳ ᠨᠢ ᠮᠠᠨ ᠤ ᠬᠤᠰᠢᠭᠤ ᠶᠢ ᠣᠯᠠᠨ᠎ᠠ ᠲᠠᠨᠢᠯᠴᠠᠭᠤᠯᠤᠭᠰᠠᠨ ᠪᠠᠶᠢᠨ᠎ᠠ᠃ ᠤᠬᠠᠭᠤᠯᠭ᠎ᠠ ᠶᠢᠨ ᠠᠷᠭ᠎ᠠ ᠪᠠᠷᠢᠯ ᠢᠶᠠᠨ ᠰᠢᠨᠡᠴᠢᠯᠡᠨ᠂ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠰᠢᠯᠢᠳᠡᠭ ᠣᠷᠣᠨ ᠨᠤᠲᠤᠭ ᠢᠶᠠᠷ ᠰᠢᠯᠭᠠᠷᠠᠵᠠᠢ᠃ ᠪᠥᠬᠦ ᠵᠢᠯ ᠳᠤ 150 ᠲᠥᠮᠡᠨ ︵ᠤᠳᠠᠭ᠎ᠠ︶ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 8. 18 ᠳ᠋ᠦᠩᠰᠢᠭᠤᠷ ᠲᠥᠭᠦᠷᠢᠭ ᠲᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠱᠠᠩᠳᠤ ᠨᠠᠭᠤᠷ ᠤᠨ ᠪᠠᠶᠢᠭᠠᠯᠢᠯᠢᠭ ᠵᠢᠭᠤᠯᠴᠢᠯᠠᠯ ᠤᠨ ᠦᠵᠡᠮᠵᠢ ᠎ ᠶᠢᠨ ᠣᠷᠣᠨ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠰᠣᠩᠭᠤᠭᠳᠠᠪᠠ᠃ ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠲᠠᠬᠠᠨ ᠤ ᠪᠠᠷᠢᠯᠭ᠎ᠠ ᠶᠢ ᠡᠬᠢᠯᠡᠬᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦ ᠮᠠᠩᠬᠠᠨ ᠤ ᠴᠡᠴᠡᠷᠯᠢᠭ᠂ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠤ ᠬᠦᠷᠢᠶᠡᠯᠡᠩ᠂ ᠮᠢᠩᠷᠤᠯ ᠰᠦᠮ᠎ᠡ ᠶᠢ ᠰᠡᠯᠪᠢᠨ ᠵᠠᠰᠠᠬᠤ ᠵᠡᠷᠭᠡ ᠳᠥᠰᠥᠯ ᠢ ᠲᠣᠭᠲᠠᠭᠤᠨ ᠢᠶᠠᠷ ᠠᠬᠢᠭᠤᠯᠪᠠ᠃ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠬᠡᠷᠡᠭᠯᠡᠭᠡ ᠶᠢ ᠠᠬᠢᠭᠤᠯᠬᠤ 310 ᠲᠠᠯᠠᠪᠤᠷ ᠠᠵᠢᠯᠯᠠᠭ᠎ᠠ ᠪᠠᠷ 5896 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ 44 % ᠎ ᠪᠠᠷ ᠨᠡᠮᠡᠭᠳᠡᠵᠡᠢ᠃ ᠴᠠᠬᠢᠮ ᠬᠤᠳᠠᠯᠳᠤᠭᠠᠨ ᠤ ᠪᠣᠷᠤᠯᠠᠭᠤᠯᠤᠯᠲᠠ 5310 ᠲᠦᠮᠡᠨ ᠲᠥᠭᠦᠷᠢᠭ ᠲᠤ ᠬᠦᠷᠴᠦ᠂ 73. 4 %᠎ ᠪᠠᠷ ᠨᠡᠮᠡᠭᠳᠡᠪᠡ᠃ ᠬᠡᠷ ᠪᠠᠶᠢᠰᠢᠩ ᠭᠠᠵᠠᠷ ᠬᠥᠷᠥᠩᠭᠡ᠂ ᠬᠤᠨᠤᠭ ᠪᠠᠭᠤᠴᠠ ᠬᠤᠭᠤᠯᠠ ᠵᠤᠭᠤᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠦᠶᠯᠡᠰ ᠤᠨ ᠨᠡᠮᠡᠭᠳᠡᠯ ᠥᠷᠲᠡᠭ ᠨᠢ ᠲᠣᠰ ᠲᠣᠰ 8. 9 %᠂ 2. 6 %᠂ 1. 7 %᠎ ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ 5 ᠠᠵᠤ ᠠᠬᠤᠶᠢᠯᠠᠯ ᠢ ᠲᠤᠭ᠎ᠠ ᠪᠦᠷᠢᠳᠬᠡᠯ ᠤᠨ ᠰᠢᠰᠲ᠋ᠧᠮ ᠳᠤ ᠣᠷᠤᠭᠤᠯᠵᠤ᠂ ᠨᠡᠶᠢᠲᠡ ᠶᠢᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠨᠢ 13. 9 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ ᠡᠮᠦᠨᠡᠭᠦᠷ ᠵᠢᠭᠰᠠᠪᠠ᠃     ᠥᠩᠭᠡᠷᠡᠭᠰᠡᠨ ᠨᠢᠭᠡ ᠵᠢᠯ ᠳᠤ ᠪᠢᠳᠡ ᠠᠵᠠ ᠲᠣᠬᠢᠶᠠᠯ ᠢ ᠠᠮᠵᠢᠨ ᠬᠥᠭᠵᠢᠯᠲᠡ ᠶᠢ ᠡᠷᠢᠯᠬᠢᠯᠡᠵᠦ᠂ ᠲᠥᠰᠦᠯ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠲᠡᠭᠲᠡᠷ ᠲᠤ ᠭᠠᠷᠭᠠᠪᠠ   ᠳᠥᠰᠥᠯ ᠤᠨ ᠪᠦᠳᠦᠭᠡᠨ ᠪᠠᠶᠢᠭᠤᠯᠤᠯᠲᠠ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠯ᠎ᠡ᠃ 42 ᠭᠤᠣᠯᠳᠠᠯᠭ᠎ᠠ ᠲᠠᠢ ᠲᠥᠰᠥᠯ ᠢ ᠪᠦᠬᠦᠨ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ᠂ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ 12 ᠰᠢᠨ᠎ᠡ ᠳᠥᠰᠥᠯ ᠢ ᠰᠠᠩ ᠬᠥᠮᠥᠷᠭᠡ ᠳᠤ ᠣᠷᠤᠭᠤᠯᠵᠤ᠂ ᠭᠦᠢᠴᠡᠳᠭᠡᠭᠰᠡᠨ ᠬᠦᠷᠦᠩᠭᠡ ᠣᠷᠤᠭᠤᠯᠤᠯᠲᠠ ᠶᠢᠨ ᠬᠡᠮᠵᠢᠶ᠎ᠡ ᠨᠢ 27 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠵᠦᠩ ᠴᠤᠸᠠᠨ 30 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠰᠠᠭᠤᠷᠢᠨ ᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠵᠦ᠂ ᠱᠧᠩ ᠯᠢ ᠠᠴᠠ ᠵᠠᠩ ᠪᠧᠢ ᠬᠦᠷᠲᠡᠯᠡᠬᠢ ᠣᠨᠴᠠ ᠥᠨᠳᠥᠷ ᠬᠦᠴᠦᠳᠡᠯᠲᠦ ᠴᠠᠬᠢᠯᠭᠠᠨ ᠱᠤᠭᠤᠮ ᠨᠢ ᠰᠢᠯᠤᠭᠤᠨ ᠬᠥᠬᠡ ᠬᠤᠰᠢᠭᠤᠨ ᠳᠤ ᠪᠦᠬᠦ ᠱᠤᠭᠤᠮ ᠢᠶᠠᠷ ᠨᠡᠪᠲᠡᠷᠡᠵᠦ᠂ ᠰᠢᠦ ᠴᠢ ᠲᠡᠮᠦᠷ ᠤᠨ ᠬᠠᠶᠢᠯᠤᠰᠢ ᠶᠢᠨ ᠴᠠᠬᠢᠯᠭᠠᠨ ᠲᠣᠣᠷ ᠤᠨ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ︵ᠨᠢᠭᠡᠳᠦᠭᠡᠷ ᠱᠠᠲᠤ ᠦᠶ᠎ᠡ︶ ᠳᠥᠰᠥᠯ ᠵᠥᠪᠰᠢᠶᠡᠷᠡᠯ ᠣᠯᠪᠠ᠃ ᠴᠣᠤ ᠵᠦᠩ ᠵᠢᠯ ᠳᠤ 10 ᠲᠦᠮᠡᠨ ᠲᠣᠨ ᠲᠡᠮᠦᠷᠯᠢᠭ ᠪᠣᠯᠪᠠᠰᠤᠷᠠᠭᠤᠯᠤᠨ ᠲᠣᠨᠣᠭᠯᠠᠯ ᠦᠶᠯᠡᠳᠪᠦᠷᠢᠯᠡᠬᠦ ᠵᠢᠴᠢ ᠰᠠᠯᠬᠢᠨ ᠴᠠᠬᠢᠯᠭᠠᠨ ᠤ ᠴᠠᠮᠬᠠᠭ ᠦᠶᠯᠡᠳᠬᠦ ᠵᠡᠷᠭᠡ ᠳᠥᠰᠥᠯ ᠤᠳ ᠢ ᠠᠮᠵᠢᠯᠲᠠ ᠲᠠᠢ ᠎ ᠪᠠᠷ ᠭᠡᠷ᠎ᠡ ᠲᠣᠭᠲᠠᠪᠠ᠃     ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠣᠨᠣᠪᠴᠢᠲᠠᠶ ᠪᠥᠭᠡᠳ ᠴᠢᠨᠠᠷᠲᠠᠢ ᠪᠡᠶᠡᠯᠡᠬᠦᠯᠦᠯ᠎ᠡ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠵᠢᠯ ᠰᠢᠨ᠎ᠡ ᠠᠬᠢᠯᠲᠠ ᠲᠠᠢ ᠪᠣᠯᠪᠠ᠃ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠤᠳᠤᠷᠢᠳᠤᠯᠭ᠎ᠠ ᠠᠴᠠ ᠬᠠᠷᠢᠭᠤᠴᠠᠵᠤ᠂ ᠵᠢᠯ ᠤᠨ ᠲᠤᠷᠰᠢ 118 ᠠᠵᠤ ᠠᠬᠤᠶᠢᠯᠠᠯ ᠲᠠᠢ ᠬᠠᠷᠢᠯᠴᠠᠵᠤ᠂ 188. 2 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠲᠠᠢ 16 ᠠᠷᠠᠯᠵᠢᠶᠠᠴᠢᠨ ᠤᠷᠢᠵᠤ ᠪᠠᠯᠠ ᠣᠷᠣᠭᠤᠯᠬᠤ ᠳᠥᠰᠥᠯ ᠳᠤ ᠭᠠᠷ ᠤᠨ ᠦᠰᠦᠭ ᠵᠢᠷᠤᠭᠰᠠᠨ ᠪᠠᠶᠢᠨ᠎ᠠ᠃ ᠶᠢᠨ ᠴᠧᠩ ᠨᠠᠰᠤᠲᠠᠶᠢᠴᠤᠳ ᠤᠨ ᠡᠷᠡᠭᠦᠯᠵᠢᠯ ᠰᠤᠪᠢᠯᠠᠯᠲᠠ ᠶᠢᠨ ᠲᠥᠪ᠂ ᠪᠠᠶ ᠶᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠮᠡᠷᠭᠡᠵᠢᠯ ᠤᠨ ᠠᠮᠢ ᠠᠬᠤᠶ ᠎ ᠶᠢᠨ ᠠᠵᠤ ᠦᠶᠯᠡᠰ ᠤᠨ ᠬᠦᠷᠢᠶᠡᠯᠡᠩ ᠵᠡᠷᠭᠡ 7 7 ᠳᠥᠰᠥᠯ ᠢ ᠲᠤᠬᠠᠶ ᠶᠢᠨ ᠵᠢᠯ ᠳᠡᠭᠡᠨ ᠭᠡᠷ᠎ᠡ ᠲᠣᠭᠲᠠᠵᠤ᠂ ᠪᠠᠷᠢᠯᠭ᠎ᠠ ᠡᠬᠢᠯᠡᠭᠦᠯᠪᠡ᠃ ᠪᠦᠬᠦ ᠵᠢᠯ ᠳᠤ 23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠠᠲᠠᠨ ᠠᠪᠴᠢᠷᠠᠵᠠᠢ᠃      ᠳᠡᠭᠡᠳᠦ ᠱᠠᠲᠤᠨ ᠠᠴᠠ ᠪᠡᠯᠡ ᠮᠥᠩᠭᠦ ᠡᠷᠡᠮᠡᠯᠵᠡᠯᠡᠨ ᠣᠯᠣᠭᠰᠠᠨ ᠲᠠᠯ᠎ᠠ ᠪᠠᠷ ᠠᠮᠵᠢᠯᠲᠠ ᠲᠠᠢ ᠪᠠᠶᠢᠯ᠎ᠠ᠃ ᠣᠯᠠᠨ ᠠᠷᠭ᠎ᠠ ᠪᠠᠷᠢᠯ ᠢᠶᠠᠷ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠯᠲᠠ︾᠎ ᠶᠢ ᠠᠳᠬᠤᠵᠤ᠂ 105 ᠵᠦᠶᠯ ᠤᠨ ᠠᠵᠢᠯ ᠡᠭᠦᠷᠭᠡ ᠶᠢ ᠪᠦᠳᠦᠮᠵᠢᠲᠡᠢ ᠨᠠᠶᠢᠳᠠᠪᠤᠷᠢᠵᠢᠭᠤᠯᠤᠨ᠂ 100 % ᠪᠡᠶᠡᠯᠡᠬᠦᠯᠪᠡ᠃ ᠪᠥᠬᠦ ᠵᠢᠯ ᠳᠤ ᠳᠡᠭᠡᠳᠦ ᠱᠠᠲᠤᠨ ᠠᠴᠠ 10. 76 ᠳ᠋ᠦᠩᠰᠢᠭᠤᠷ ᠲᠥᠭᠦᠷᠢᠭ ᠪᠠᠯᠠ ᠮᠥᠩᠭᠦ ᠡᠷᠡᠮᠡᠯᠵᠡᠯᠡᠨ ᠣᠯᠵᠤ᠂ 157 ᠳᠥᠰᠥᠯ ᠢ ᠬᠠᠮᠤᠷᠪᠠ᠃ ᠪᠦᠬᠦ ᠵᠢᠯ ᠎ ᠳᠤ 17 ᠳ᠋ᠦᠩᠰᠢᠭᠤᠷ ᠲᠥᠭᠦᠷᠢᠭ ᠤᠨ ᠳᠡᠭᠡᠳᠦ ᠱᠠᠲᠤᠨ ᠤ ᠪᠡᠯᠡ ᠮᠥᠩᠭᠦ ᠶᠢ ᠡᠷᠡᠮᠡᠯᠵᠡᠯᠡᠨ ᠣᠯᠵᠤ᠂ ᠠᠳᠠᠯᠢ ᠬᠤᠭᠤᠴᠠᠭᠠᠨ ᠤ ᠬᠢ ᠠᠴᠠ8. 5 %᠎ ᠪᠠᠷ ᠨᠡᠮᠡᠭᠳᠡᠵᠦ᠂ ᠡᠳ᠋ ᠤᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠬᠦᠯᠪᠡ᠃     ᠥᠩᠭᠡᠷᠡᠭᠰᠡᠨ ᠨᠢᠭᠡ ᠵᠢᠯ ᠳᠤ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ ᠡᠭᠦᠳᠪᠡ       ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠯ᠎ᠠ᠃ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ 42 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠪᠠ᠃ ᠰᠢᠨᠵᠢᠯᠡᠭᠡ ᠮᠡᠷᠭᠡᠵᠢᠯ ᠤᠨ ︽ᠰᠢᠪᠲᠤᠯᠤᠯᠲᠠ ᠶᠢᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠳᠤ ᠰᠠᠭᠤᠷᠢᠯᠠᠭᠰᠠᠨ 4 ᠡᠷᠦᠬᠡ ᠳᠤᠮᠳᠠ ᠪᠠᠭ᠎ᠠ ᠠᠵᠤ ᠠᠬᠤᠶᠢᠯᠠᠯ ᠢ ᠬᠦᠮᠦᠷᠭᠡ ᠳᠤ ᠣᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠠᠶᠢᠮᠠᠭ ᠤᠨ ᠲᠡᠰ ᠤᠨ 4 ᠳᠥᠰᠥᠯ ᠢ ᠭᠤᠶᠤᠴᠢᠯᠠᠨ ᠮᠡᠳᠡᠭᠦᠯᠵᠦ᠂ ᠱᠠᠲᠤᠴᠢ ᠴᠢᠨᠠᠷᠲᠠᠢ ᠠᠬᠢᠯᠲᠠ ᠲᠠᠢ ᠪᠣᠯᠪᠠ᠃ ᠠᠭᠤᠷᠬᠠᠢ ᠶᠢᠨ ᠬᠠᠶᠢᠭᠤᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠰᠢᠨᠵᠢᠯᠡᠭᠡᠨ ᠤ ᠬᠠᠶᠢᠭᠤᠯ ᠤᠨ 3 ᠳᠥᠰᠥᠯ ᠢ ᠲᠤᠬᠠᠢ ᠶᠢᠨ ᠭᠠᠵᠠᠷ ᠲᠤ ᠨᠢ ᠬᠡᠷᠡᠭᠵᠢᠬᠦᠯᠪᠡ ᠃ ᠴᠢᠯᠥᠭᠡᠲᠦ ᠠᠷᠠᠯᠵᠢᠶᠠᠨ ᠤ ᠪᠦᠰᠡ ᠪᠠᠶᠢᠭᠤᠯᠬᠤ ᠲᠥᠰᠦᠯ ᠳᠤ ᠠᠬᠢᠴᠠ ᠭᠠᠷᠴᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡᠳᠬᠡᠬᠦ ᠲᠤᠷᠰᠢᠯᠲᠠ ᠶᠢᠨ 2 ᠠᠵᠤ ᠠᠬᠤᠶᠢᠯᠠᠯ ᠢ ᠪᠠᠶᠢᠭᠤᠯᠬᠤ ᠬᠦᠰᠡᠯᠲᠡ ᠶᠢ ᠠᠮᠵᠢᠯᠲᠠ ᠲᠠᠢ ᠭᠤᠶᠣᠴᠢᠯᠠᠨ ᠮᠡᠳᠡᠭᠦᠯᠵᠦ᠂ ᠭᠠᠳᠠᠭᠠᠳᠤ ᠭᠠᠷᠭᠠᠯᠲᠠ ᠲᠠᠢ ᠪᠣᠯᠣᠭᠰᠠᠨ ᠪᠠᠶᠢᠨ᠎ᠠ᠃ ᠲᠦᠷᠥ ᠶᠢᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ 13 ᠡᠷᠦᠬᠡ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠠᠬᠢᠨ ᠡᠮᠬᠢᠯᠡᠨ ᠨᠡᠶᠢᠯᠡᠭᠦᠯᠵᠦ᠂ 2 ᠪᠦᠯᠦᠭᠯᠡᠯ ᠢ ᠵᠣᠬᠢᠶᠠᠨ ᠪᠠᠶᠢᠭᠤᠯᠤᠨ᠂ ᠣᠳᠣᠬᠢᠴᠢᠯᠠᠭᠰᠠᠨ ᠠᠵᠤ ᠠᠬᠤᠶᠢᠯᠠᠯ ᠤᠨ ᠲᠦᠷᠢᠮ ᠦᠨᠳᠦᠰᠦᠨ ᠳᠡᠭᠡᠨ ᠪᠦᠷᠢᠳᠪᠡ᠃      ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠦᠯ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠡ ᠣᠷᠤᠭᠤᠯᠤᠯᠲᠠ ᠶᠢᠨ ᠨᠣᠷᠮ᠎ᠠ 100 %᠎ ᠳᠤ ᠬᠦᠷᠴᠦ᠂ ᠵᠠᠬ᠎ᠠ ᠳᠡᠯᠭᠡᠭᠦᠷ ᠤᠨ 323 ᠡᠷᠦᠬᠡ ᠭᠤᠣᠯ ᠴᠣᠭᠴᠠ ᠶᠢᠨ ᠢᠲᠡᠭᠡᠮᠵᠢ ᠶᠢ ᠰᠡᠷᠭᠦᠭᠡᠵᠦ᠂ ᠪᠠᠭ᠎ᠠ ᠵᠢᠵᠢᠭ ᠠᠵᠤ ᠠᠬᠤᠶᠢᠯᠠᠯ ᠎ ᠳᠤ 1. 8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠳᠠᠭᠠᠨ᠂ ᠵᠠᠭᠤᠴᠢ ᠦᠶᠯᠡᠴᠢᠯᠡᠭᠡ ᠶᠢᠨ ᠦᠢᠯᠡᠰ ᠳᠥᠷᠢᠮᠵᠢᠭᠦᠨ ᠪᠣᠰᠤ ᠵᠡᠷᠭᠡ 14 ᠠᠰᠠᠭᠤᠳᠠᠯ ᠢ ᠰᠢᠶᠳᠪᠦᠷᠢᠯᠡᠵᠦ᠂ ᠵᠠᠬ᠎ᠠ ᠳᠡᠯᠭᠡᠭᠦᠷ ᠤᠨ 1195 ᠪᠡᠶᠡᠴᠢ ᠴᠣᠭᠴᠠ ᠰᠢᠨ᠎ᠡ ᠪᠠᠷ ᠨᠡᠮᠡᠭᠳᠡᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠬᠦ ᠨᠣᠷᠮ᠎ᠠ ᠨᠢ 98 . 8 %᠎ ᠳᠤ ᠬᠦᠷᠴᠦ᠂ ᠭᠤᠶᠤᠴᠢᠯᠠᠬᠤ ᠮᠠᠲ᠋ᠧᠷᠢᠶᠠᠯ᠂ ᠭᠥᠯᠢᠶᠡᠨ ᠠᠪᠴᠤ ᠰᠢᠶᠳᠪᠦᠷᠢᠯᠡᠬᠦ ᠴᠠᠭ ᠢ ᠴᠥᠮ 70 %᠎ ᠪᠠᠷ ᠪᠣᠭᠤᠨᠢᠰᠬᠠᠪᠠ᠃ 12345 ᠬᠠᠯᠠᠮᠰᠢᠯ ᠤᠲᠠᠰᠤᠨ ᠤ ᠠᠵᠢᠯ ᠤᠨ ᠵᠠᠬᠢᠶᠠᠯᠠᠭ᠎ᠠ ᠶᠢ 4477 ᠬᠤᠪᠢ ᠭᠥᠯᠢᠶᠡᠨ ᠠᠪᠴᠤ ᠰᠢᠶᠳᠪᠦᠷᠢᠯᠡᠨ᠂ ᠰᠢᠢᠳᠪᠦᠷᠢᠯᠡᠯᠲᠡ᠂ ᠭᠦᠢᠴᠡᠳᠬᠡᠯ᠂ ᠬᠠᠨᠤᠮᠵᠢ ᠶᠢᠨ ᠨᠣᠷᠮ᠎ᠠ ᠨᠢ ᠴᠥᠮ 99 %᠎ ᠠᠴᠠ ᠳᠡᠭᠡᠭᠰᠢ ᠳᠤ ᠬᠦᠷᠴᠡᠢ᠃     ᠥᠩᠭᠡᠷᠡᠭᠰᠡᠨ ᠨᠢᠭᠡ ᠵᠢᠯ ᠳᠤ ᠪᠢᠳᠡ ᠳᠤᠲᠠᠭᠳᠠᠯ ᠢᠶᠠᠨ ᠠᠩᠬᠠᠷᠤᠨ ᠴᠢᠳᠠᠮᠵᠢ ᠶᠢ ᠴᠢᠩᠭᠠᠳᠬᠠᠵᠤ᠂ ᠬᠤᠲᠠ ᠬᠥᠳᠡᠭᠡ ᠎ ᠶᠢᠨ ᠪᠠᠶᠢᠳᠠᠯ ᠳᠤ ᠰᠢᠨ᠎ᠡ ᠥᠩᠭᠡ ᠲᠥᠷᠬᠦ ᠲᠠᠢ ᠪᠣᠯᠪᠠ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠦᠬᠦᠷᠵᠢᠯ᠎ᠡ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠳᠥᠰᠥᠯ ᠢ ᠲᠣᠭᠲᠠᠭᠤᠨ ᠢᠶᠠᠷ ᠠᠬᠢᠭᠤᠯᠵᠤ᠂ ᠰᠢᠯᠤᠭᠤᠨ ᠬᠥᠬᠡ ᠬᠤᠰᠢᠭᠤ ᠥᠷᠲᠡᠭᠡ ᠪᠠ ᠰᠠᠩ ᠤᠨ ᠳᠠᠯᠠᠢ ᠬᠤᠶᠢᠲᠤ ᠥᠷᠲᠡᠭᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠡᠷᠢᠶᠡᠨ ᠠᠴᠠ ᠭᠤᠸᠠᠩᠵᠧᠦ ᠬᠦᠷᠬᠦ ᠲᠦᠷᠭᠡᠨ ᠤ ᠵᠠᠮ ᠨᠡᠪᠲᠡᠷᠡᠵᠦ᠂ ᠨᠢᠰᠬᠡᠯ ᠤᠨ ᠪᠠᠭᠤᠳᠠᠯ ᠤᠨ ᠤᠷᠢᠳᠴᠢᠯᠠᠭᠰᠠᠨ ᠰᠤᠳᠤᠯᠭᠠᠨ ᠤ ᠮᠡᠳᠡᠭᠦᠯᠦᠯᠲᠡ ᠶᠢ ᠤᠯᠤᠰ ᠲᠤ ᠮᠡᠳᠡᠭᠦᠯᠪᠡ᠃ ᠬᠤᠲᠠ ᠶᠢᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠰᠠᠶᠢᠵᠢᠷᠠᠭᠤᠯᠬᠤ 6 ᠳᠥᠰᠥᠯ ᠢ ᠬᠡᠷᠡᠭᠵᠢᠭᠦᠯᠵᠦ᠂ 2 ᠬᠠᠭᠤᠴᠢᠨ ᠰᠠᠭᠤᠭᠠᠯᠢ ᠲᠣᠭᠤᠷᠢᠭ ᠵᠢᠴᠢ 54. 5 ᠺᠢᠯᠤᠮᠧᠲᠷ ᠤᠨ ᠤᠰᠤ ᠪᠠ ᠲᠤᠯᠠᠭᠠᠯᠠᠭ᠎ᠠ ᠬᠠᠩᠭᠠᠬᠤ ᠬᠤᠭᠤᠯᠠᠢ ᠶᠢ ᠵᠠᠰᠠᠵᠤ ᠳᠠᠭᠤᠰᠬᠠᠪᠠ᠃ ᠭᠠᠯ ᠲᠣᠭᠤᠭᠠᠨ ᠤ ᠬᠤᠭ ᠬᠠᠶᠠᠭᠳᠠᠯ ᠢ ᠰᠢᠢᠳᠪᠦᠷᠢᠯᠡᠬᠦ ᠳᠥᠰᠥᠯ ᠠᠰᠢᠭᠯᠠᠯᠲᠠ ᠳᠤ ᠣᠷᠣᠵᠤ᠂ ᠪᠠᠷᠢᠯᠭ᠎ᠠ ᠎ ᠶᠢᠨ ᠬᠤᠭ ᠬᠠᠶᠠᠭᠳᠠᠯ ᠢ ᠡᠬᠢ ᠪᠠᠶᠠᠯᠢᠭᠵᠢᠭᠤᠯᠤᠨ ᠠᠰᠢᠭᠯᠠᠬᠤ ᠳᠥᠰᠥᠯ ᠢ ᠤᠷᠤᠭᠰᠢᠲᠠᠢ ᠠᠬᠢᠭᠤᠯᠵᠤ᠂ ᠣᠷᠴᠢᠨ ᠠᠬᠤᠢ ᠎ ᠶᠢᠨ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠶᠢ ᠪᠦᠲᠦᠮᠵᠢᠲᠡᠢ ᠰᠠᠶᠢᠵᠢᠷᠠᠭᠤᠯᠪᠠ᠃ 510 ᠤᠯᠤᠰ ᠤᠨ ᠵᠠᠮ ᠢ 104 ᠺᠢᠯᠤᠮᠧᠲᠷ ᠵᠠᠰᠠᠨ ᠰᠡᠯᠪᠢᠵᠤ᠂ ᠬᠥᠳᠡᠭᠡᠨ ᠤ ᠵᠠᠮ ᠢ 135 ᠺᠢᠯᠤᠮᠧᠲᠷ ᠠᠷᠠᠴᠢᠯᠠᠨ᠂ 36. 36 ᠺᠢᠯᠤᠮᠧᠲᠷ ᠤᠨ ᠬᠠᠶᠢᠷ ᠴᠢᠯᠠᠭᠤᠨ ᠵᠠᠮ ᠳᠡᠪᠢᠰᠪᠡ᠃ ᠬᠥᠳᠡᠭᠡ ᠨᠤᠲᠤᠭ ᠤᠨ ᠴᠠᠬᠢᠯᠭᠠᠨ ᠲᠣᠣᠷ ᠢ ᠪᠠᠬᠢᠵᠢᠭᠦᠯᠦᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠬᠦᠯᠵᠦ᠂ 61 ᠺᠢᠯᠤᠮᠧᠲᠷ ᠤᠨ ᠴᠠᠬᠢᠯᠭᠠᠨ ᠤᠲᠠᠰᠤ ᠲᠠᠲᠠᠪᠠ᠃ ᠠᠭᠤᠯᠠᠨ ᠦᠶᠡᠷ ᠎ ᠤᠨ ᠭᠤᠣᠯᠳᠠᠯᠭ᠎ᠠ ᠲᠠᠢ 4 ᠵᠤᠷᠪᠤᠰ ᠭᠤᠤ ᠪᠠ 3 ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠬᠡᠷᠡᠭᠵᠢᠬᠦᠯᠪᠡ᠃       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠤᠯ᠎ᠠ᠃ ᠶᠡᠭᠡ ᠬᠡᠪᠴᠢᠶ᠎ᠡ ᠪᠠᠷ ᠳᠠᠬᠢᠨ ᠶᠠᠳᠠᠭᠤᠷᠠᠬᠤ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠨ᠂ 39 ᠡᠷᠦᠬᠡ ᠶᠢᠨ 90 ᠬᠥᠮᠦᠨ ᠢ ᠬᠢᠨᠠᠨ ᠬᠡᠮᠵᠢᠯᠲᠡ ᠳᠤ ᠰᠢᠨ᠎ᠡ ᠪᠠᠷ ᠣᠷᠤᠭᠤᠯᠤᠨ᠂ 8 ᠡᠷᠦᠬᠡ ᠶᠢᠨ 22 ᠬᠥᠮᠦᠨ ᠢ ᠬᠢᠨᠠᠨ ᠬᠡᠮᠵᠢᠯᠲᠡ ᠠᠴᠠ ᠭᠠᠷᠭᠠᠪᠠ᠃ 7182. 8 ᠲᠦᠮᠡᠨ ᠲᠥᠭᠦᠷᠢᠭ ᠤᠨ ᠪᠡᠯᠡ ᠣᠷᠣᠭᠤᠯᠵᠤ᠂ 24 ᠳᠥᠰᠥᠯ ᠢ ᠬᠡᠷᠡᠭᠵᠢᠬᠦᠯᠦᠨ᠂ ᠠᠵᠤ ᠦᠢᠯᠡᠰ ᠤᠨ ᠳᠥᠰᠥᠯ ᠤᠨ ᠪᠡᠯᠡ ᠣᠷᠣᠭᠤᠯᠤᠯᠲᠠ 78 %᠎ ᠶᠢ ᠡᠵᠡᠯᠡᠵᠦ᠂ 87 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠎ ᠶᠢᠨ ᠣᠷᠣᠯᠭ᠎ᠠ 10 ᠭᠠᠷᠤᠢ ᠲᠦᠮᠡᠨ ᠲᠥᠭᠦᠷᠢᠭ ᠲᠤ ᠬᠦᠷᠪᠡ᠃ ᠶᠠᠳᠠᠭᠤ ᠠᠴᠠ ᠠᠩᠭᠢᠵᠢᠷᠠᠭᠰᠠᠨ ᠬᠦᠮᠦᠨ ︵ᠬᠢᠨᠠᠨ ᠬᠡᠮᠵᠢᠯᠲᠡ ᠳᠤ ᠪᠠᠶᠢᠭ᠎ᠠ ᠡᠷᠦᠬᠡ︶᠎ ᠳᠤ ᠵᠣᠷᠢᠭᠤᠯᠤᠨ 131 ᠨᠡᠶᠢᠲᠡ ᠶᠢᠨ ᠬᠠᠯᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠪᠠ᠃ ᠪᠠᠭ᠎ᠠ ᠲᠣᠭᠠᠨ ᠤ ᠢᠲᠡᠭᠡᠮᠵᠢᠲᠤ ᠵᠢᠭᠡᠯᠡᠯᠭᠡ ᠶᠢᠨ ᠬᠦᠦ ᠮᠥᠩᠭᠦᠨ ᠤ ᠨᠥᠬᠦᠪᠦᠷᠢ ᠪᠣᠯᠣᠨ ᠮᠠᠯ ᠤᠨ ᠪᠣᠷᠤᠯᠠᠭᠤᠯᠭ᠎ᠠ ᠪᠠ ᠬᠤᠯᠢᠮᠠᠭ ᠪᠣᠷᠳᠤᠭᠠᠨ ᠤ ᠨᠥᠬᠦᠪᠦᠷᠢ ᠮᠥᠩᠭᠦ 558 ᠲᠦᠮᠡᠨ ᠲᠥᠭᠦᠷᠢᠭ ᠪᠠᠭᠤᠯᠭᠠᠵᠠᠢ᠃ ᠨᠡᠶᠢᠲᠡ ᠎ ᠶᠢᠨ ᠲᠦᠷᠢᠶᠡᠰᠦᠨ ᠭᠡᠷ ᠤᠨ ᠲᠥᠷᠦ ᠶᠢᠨ ᠪᠣᠳᠣᠯᠭ᠎ᠠ ᠶᠢ 153 ᠡᠷᠦᠬᠡ ᠳᠤ ᠨᠠᠶᠢᠳᠠᠪᠤᠷᠢᠵᠢᠭᠤᠯᠤᠨ᠂ 11 ᠠᠶᠢᠯ ᠤᠨ ᠡᠪᠳᠡᠷᠡᠭᠰᠡᠨ ᠪᠠᠶᠢᠰᠢᠩ ᠢ ᠵᠠᠰᠠᠪᠤᠷᠢᠯᠠᠵᠤ ᠥᠭᠭᠦᠨ᠂ 374 ᠢᠵᠢ ᠤᠰᠤ ᠴᠡᠪᠡᠷᠰᠢᠭᠦᠯᠦᠭᠴᠢ ᠲᠠᠷᠬᠠᠭᠠᠵᠤ᠂ 333 ᠠᠶᠢᠯ ᠳᠤ ᠰᠢᠨ᠎ᠡ ᠵᠣᠷᠯᠤᠩ ᠪᠠᠷᠢᠵᠤ ᠥᠭᠴᠦ᠂ 44 ᠠᠶᠢᠯ ᠳᠤ ᠰᠢᠨ᠎ᠡ ᠡᠨᠧᠷᠭᠢ ᠪᠠᠷ ᠴᠠᠬᠢᠯᠭᠠᠨ ᠭᠠᠷᠠᠭᠠᠬᠤ ᠳᠥᠰᠥᠯ ᠢ ᠬᠡᠷᠡᠭᠵᠢᠭᠦᠯᠵᠦ᠂ 8952 ᠲᠣᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠬᠠᠶᠠᠭᠳᠠᠯ ᠢ ᠴᠡᠪᠡᠷᠯᠡᠭᠰᠡᠨ ᠪᠠᠶᠢᠨ᠎ᠠ᠃      ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠯ᠎ᠠ᠃ ᠡᠬᠡ ᠤᠯᠤᠰ ᠤᠨ ᠤᠮᠠᠷᠠᠳᠤ ᠳᠠᠬᠢ ᠴᠢᠬᠤᠯᠠ ᠠᠮᠢ ᠠᠬᠤᠶ ᠶᠢᠨ ᠬᠠᠯᠬᠠᠪᠴᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ᠠᠭᠤᠯᠠ ᠤᠰᠤ᠂ ᠣᠶ ᠰᠢᠭᠤᠢ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ︾᠎ ᠶᠢᠨ ᠨᠢᠭᠡᠳᠦᠯᠲᠡᠢ ᠬᠠᠮᠠᠭᠠᠯᠠᠯᠲᠠ ᠪᠠ ᠰᠢᠰᠲ᠋ᠧᠮ ᠲᠠᠢ ᠵᠠᠰᠠᠯᠲᠠ ᠶᠢ ᠠᠬᠢᠭᠤᠯᠪᠠ᠃ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠡᠨᠧᠷᠭᠢ᠂ ᠨᠠᠷᠠᠨ ᠤ ᠡᠨᠧᠷᠭᠢ ᠶᠢ ᠨᠢᠭᠡ ᠴᠣᠭᠴᠠᠵᠢᠭᠤᠯᠤᠭᠰᠠᠨ ᠳᠥᠰᠥᠯ ᠠᠮᠵᠢᠯᠲᠠᠲᠠᠢ ᠬᠡᠷᠡᠭᠵᠢᠵᠦ᠂ 23. 24 ᠲᠦᠮᠡᠨ ᠮᠥ ᠲᠠᠯᠠᠪᠠᠢ ᠪᠦᠬᠦᠢ ᠡᠯᠡᠰᠦ ᠶᠢ ᠵᠠᠰᠠᠬᠤ ᠡᠭᠦᠷᠭᠡ ᠪᠠᠨ ᠪᠡᠶᠡᠯᠡᠭᠦᠯᠵᠦ᠂ ᠡᠯᠡᠰᠦ ᠶᠢ ᠵᠠᠰᠠᠬᠤ ᠪᠠ ᠰᠠᠯᠬᠢᠨ ᠡᠨᠧᠷᠭᠢ᠂ ᠨᠠᠷᠠᠨ ᠤ ᠡᠨᠧᠷᠭᠢ ᠶᠢ ᠨᠢᠭᠡ ᠴᠣᠭᠴᠠᠵᠢᠭᠤᠯᠤᠭᠰᠠᠨ 20 ᠲᠦᠮᠡᠨ ᠺᠢᠯᠣᠸᠠᠲ ᠤᠨ ᠳᠥᠰᠥᠯ ᠢ ᠪᠤᠳᠠᠲᠠᠢ ᠬᠡᠷᠡᠭᠵᠢᠭᠦᠯᠪᠡ᠃ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ 3 ᠡᠭᠦᠷᠭᠡ ᠵᠢᠴᠢ 5 ᠬᠤᠪᠢ ᠵᠠᠭᠠᠯᠳᠤᠯᠭ᠎ᠠ ᠶᠢᠨ ᠵᠦᠢᠯ ᠢ ᠴᠠᠭ ᠲᠤᠬᠠᠢ ᠳᠤᠨᠢ ᠪᠡᠶᠡᠯᠡᠭᠦᠯᠦᠭᠰᠡᠨ ᠪᠠᠶᠢᠨ᠎ᠠ᠃ ᠠᠮᠢ ᠠᠬᠤᠢ ᠶᠢᠨ ᠨᠥᠭᠦᠴᠡᠯ ᠪᠠᠶᠢᠳᠠᠯ ᠢ ᠲᠤᠤᠱᠲᠠᠢ ᠦᠢᠯᠠᠭᠠᠵᠤ ᠂ ᠣᠷᠣᠨ ᠰᠠᠭᠤᠴᠠ ᠶᠢᠨ ᠪᠠᠶᠢᠭᠤᠯᠤᠯᠲᠠ ᠪᠠ ᠠᠮᠢ ᠠᠬᠤᠢ ᠲᠠᠢ ᠬᠤᠯᠪᠤᠭᠳᠠᠬᠤ ᠬᠠᠤᠯᠢ ᠪᠤᠰᠤ ᠶᠠᠪᠤᠳᠠᠯ ᠢ ᠨᠢᠭᠡᠳᠦᠯᠲᠡᠢ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠪᠠᠷ ᠢᠯᠡᠷᠡᠭᠦᠯᠦᠭᠰᠡᠨ 49 ᠠᠰᠠᠭᠤᠳᠠᠯ ᠢ ᠪᠦᠬᠦᠨ ᠢ ᠰᠢᠢᠳᠪᠦᠷᠢᠯᠡᠵᠡᠢ᠃ ᠡᠵᠡᠨ ᠦᠭᠡᠢ ᠬᠠᠶᠠᠭᠳᠠᠮᠠᠯ ᠠᠭᠤᠷᠬᠠᠢ ᠶᠢᠨ ᠣᠶᠢᠷ᠎ᠠ ᠲᠣᠭᠤᠷᠢᠨ ᠢ 8910 ᠲᠦᠮᠡᠨ ᠮᠥ ᠭᠠᠵᠠᠷ ᠵᠠᠰᠠᠵᠤ᠂ 12 ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠡᠭᠦᠷᠭᠡ ᠪᠠᠨ ᠪᠡᠶᠡᠯᠡᠭᠦᠯᠪᠡ᠃ ᠠᠭᠠᠷ ᠤᠨ ᠴᠢᠨᠠᠷ ᠰᠠᠶᠢᠲᠠᠢ ᠡᠳᠦᠷ ᠤᠳ ᠤᠨ ᠡᠵᠡᠯᠡᠬᠦ ᠬᠤᠪᠢ ᠨᠢ 94. 2 % ᠪᠠᠶᠢᠵᠤ᠂ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 100 %᠎ ᠳᠤ ᠬᠦᠷᠪᠡ᠃      ᠥᠩᠭᠡᠷᠡᠭᠰᠡᠨ ᠨᠢᠭᠡ ᠵᠢᠯ ᠳᠤ ᠪᠢᠳᠡ ᠠᠷᠠᠳ ᠲᠦᠮᠡᠨ ᠤ ᠠᠮᠢᠵᠢᠷᠭᠠᠨ ᠳᠤ ᠰᠡᠳᠬᠢᠯ ᠲᠠᠯᠪᠢᠵᠤ᠂ ᠨᠡᠶᠢᠭᠡᠮ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠪᠠ       ᠠᠵᠢᠯ ᠣᠯᠭᠤᠯᠲᠠ ᠶᠢᠨ ᠲᠤᠰᠠᠯᠠᠮᠵᠢ ᠶᠢ ︽ᠨᠠᠷᠢᠯᠢᠬᠵᠢᠭᠤᠯᠪᠠ︾᠃ ᠬᠤᠲᠠ ᠪᠠᠯᠭᠠᠰᠤᠨ ᠤ 902 ᠬᠥᠮᠦᠨ ᠳᠤ ᠰᠢᠨ᠎ᠡ ᠪᠠᠷ ᠠᠵᠢᠯ ᠣᠯᠭᠤᠨ᠂ 6935 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠬᠤᠶᠠᠷ ᠲᠥᠷᠥᠯ ᠤᠨ ᠭᠦᠢᠴᠡᠳᠬᠡᠯ ᠲᠤᠭ᠎ᠠ ᠨᠢ ᠪᠦᠬᠦ ᠠᠶᠢᠮᠠᠭ ᠤᠨ ᠭᠤᠷᠪᠠᠳᠤᠭᠠᠷ ᠪᠠ ᠨᠢᠭᠡᠳᠦᠭᠡᠷ ᠲᠤ ᠣᠷᠤᠵᠠᠢ᠃ ᠬᠤᠲᠠ ᠪᠠᠯᠭᠠᠰᠤᠨ ᠤ ᠪᠦᠷᠢᠳᠭᠡᠭᠳᠡᠭᠰᠡᠨ ᠠᠵᠢᠯ ᠠᠯᠳᠠᠭᠰᠠᠳ ᠤᠨ ᠨᠣᠷᠮ᠎ᠠ ᠶᠢ 3 %᠎ ᠶᠢᠨ ᠳᠣᠲᠣᠷ᠎ᠠ ᠬᠢᠵᠠᠭᠠᠷᠯᠠᠪᠠ᠃ ᠬᠤᠪᠢ ᠶᠢᠨ ᠪᠠ ᠵᠢᠵᠢᠭ ᠪᠠᠭ᠎ᠠ ᠠᠵᠤ ᠠᠬᠤᠢᠯᠠᠯ ᠤᠨ ᠪᠡᠯᠡ ᠬᠤᠷᠠᠮᠳᠤᠯ ᠤᠨ ᠠᠰᠠᠭᠤᠳᠠᠯ ᠢ ᠰᠢᠢᠳᠪᠦᠷᠢᠯᠡᠬᠦ ᠳᠤ ᠨᠢ ᠲᠤᠰᠠᠯᠠᠵᠤ᠂ 615. 5 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠣᠯᠭᠤᠭᠰᠠᠨ ᠪᠠᠶᠢᠨ᠎ᠠ᠃ ᠬᠦᠳᠡᠯᠮᠦᠷᠢ ᠪᠠᠷ ᠣᠷᠣᠯᠭ᠎ᠠ ᠡᠭᠦᠳᠬᠦ ᠬᠡᠯᠪᠡᠷᠢ ᠪᠠᠷ᠂ ᠡᠯᠡᠰᠦ ᠶᠢ ᠵᠠᠰᠠᠨ ᠮᠣᠲᠤ ᠲᠠᠷᠢᠬᠤ ᠠᠵᠢᠯ ᠳᠤ 2844 ᠮᠠᠯᠴᠢᠨ ᠲᠠᠷᠢᠶᠠᠴᠢᠨ ᠢ ᠳᠠᠶᠢᠴᠢᠯᠠᠨ᠂ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠲᠥᠮᠡ ᠭᠠᠷᠤᠢ ᠲᠥᠭᠦᠷᠢᠭ ᠢᠶᠠᠷ ᠨᠡᠮᠡᠭᠳᠡᠭᠦᠯᠦᠭᠰᠡᠨ ᠪᠠᠶᠢᠨ᠎ᠠ᠃      ᠨᠡᠶᠢᠭᠡᠮ ᠤᠨ ᠪᠠᠲᠤᠯᠠᠭ᠎ᠠ ᠶᠢ ︽ᠵᠣᠵᠠᠭᠠᠳᠬᠠᠪᠠ︾᠃ ᠡᠳ᠋ ᠤᠨ ᠵᠠᠰᠠᠭ ᠤᠨ ᠵᠠᠷᠤᠯᠭ᠎ᠠ ᠶᠢᠨ 75 % ᠭᠠᠷᠤᠢ ᠬᠤᠪᠢ ᠶᠢ ᠢᠷᠭᠡᠳ ᠤᠨ ᠠᠮᠢᠵᠢᠷᠠᠭᠠᠨ ᠳᠤ ᠵᠠᠷᠤᠴᠠᠭᠤᠯᠵᠠᠢ᠃ ᠳᠤᠯᠠᠭᠠᠯᠭ᠎ᠠ ᠶᠢᠨ 6 ᠳᠥᠰᠥᠯ ᠢ ᠬᠡᠷᠡᠭᠵᠢᠭᠦᠯᠵᠦ᠂ ᠳᠤᠯᠠᠭᠠᠯᠠᠭ᠎ᠠ ᠶᠢᠨ ᠬᠡᠷᠡᠭᠴᠡᠭᠡ ᠲᠠᠢ ᠰᠠᠭᠤᠭᠠᠯᠢ ᠲᠣᠭᠤᠷᠢᠭ ᠢ ᠵᠠᠰᠠᠵᠤ ᠰᠢᠨᠡᠳᠬᠡᠵᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠵᠡᠮᠳᠡᠭᠴᠦᠳ᠂ ᠴᠡᠷᠢᠭ ᠠᠴᠠ ᠬᠠᠯᠠᠭᠳᠠᠭᠰᠠᠳ ᠤᠨ ᠨᠥᠬᠦᠪᠥᠷᠢ ᠶᠢ 4056 ᠲᠦᠮᠡᠨ ᠲᠥᠭᠦᠷᠢᠭ ᠪᠠᠭᠤᠯᠭᠠᠵᠠᠢ᠃ ᠰᠤᠮᠤ ᠪᠠᠯᠭᠠᠰᠤ᠂ ᠭᠠᠴᠠᠭ᠎ᠠ ᠲᠣᠰᠬᠤᠨ ᠤ ᠲᠡᠰ ᠤᠨ 4 ᠰᠠᠭᠤᠷᠢ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ ︵ᠥᠷᠲᠡᠭᠡ︶᠎ ᠢ ᠪᠠᠶᠢᠭᠤᠯᠵᠤ᠂ ᠣᠨᠴᠠ ᠬᠦᠴᠢᠷᠳᠡᠯᠲᠡᠢ 71 ᠨᠠᠰᠤᠲᠠᠶᠢᠴᠤᠳ ᠤᠨ ᠭᠡᠷ ᠡᠷᠦᠬᠡ ᠳᠤᠨᠢ ᠨᠠᠰᠤᠲᠠᠨ ᠤ ᠠᠮᠢᠳᠤᠷᠠᠯ ᠬᠡᠷᠡᠭᠯᠡᠭᠡ ᠳᠤ ᠲᠣᠬᠢᠷᠠᠭᠤᠯᠤᠨ ᠵᠠᠰᠠᠨ ᠰᠡᠯᠪᠢᠪᠡ᠃ ᠨᠠᠰᠤᠨ ᠳᠤ ᠦᠯᠦ ᠬᠦᠷᠦᠭᠰᠡᠳ ᠢ ᠲᠤᠰᠠᠯᠠᠨ ᠬᠠᠮᠠᠭᠠᠯᠠᠬᠤ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠬᠠᠤᠯᠢ ᠵᠠᠷᠭᠤ ᠳᠤ ᠬᠤᠯᠪᠣᠭᠳᠠᠭᠰᠠᠨ ᠦᠭᠡᠢ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠦ ᠬᠥᠳᠡᠯᠬᠦ ᠬᠦᠷᠦᠩᠭᠡ ᠶᠢᠨ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠣᠷᠣᠨ ᠰᠠᠭᠤᠴᠠ ᠶᠢᠨ ᠦᠨᠡᠮᠯᠡᠯ ᠭᠦᠶᠴᠡᠳᠬᠡᠬᠦ ᠨᠣᠷᠮ᠎ᠠ ᠶᠢ 100 %᠎ ᠳᠤ ᠬᠦᠷᠭᠡᠵᠦ᠂ ᠬᠥᠳᠡᠭᠡ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ᠣᠷᠣᠭᠤᠯᠬᠤ ᠠᠵᠢᠯ ᠢ ᠪᠦᠬᠦ ᠠᠶᠢᠮᠠᠭ ᠲᠠᠭᠠᠨ ᠤᠷᠢᠳᠠᠵᠤ ᠪᠡᠶᠡᠯᠡᠬᠦᠯᠦᠭᠰᠡᠨ ᠪᠠᠶᠢᠨ᠎ᠠ᠃      ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ︽ᠡᠷᠴᠢᠮᠵᠢᠭᠦᠯᠪᠡ︾᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠪᠡ᠃ ᠰᠠᠭᠤᠷᠢ ᠰᠤᠷᠭᠠᠨ ᠬᠥᠮᠦᠵᠢᠯ ᠎ ᠤᠨ ᠶᠠᠰᠤ ᠴᠢᠨᠠᠷ ᠳᠡᠭᠡᠭᠰᠢᠯᠡᠯᠲᠡ ᠲᠠᠢ ᠪᠣᠯᠵᠣ᠂ ᠳᠡᠭᠡᠳᠦ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯᠰᠡᠯᠲᠡ ᠶᠢᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 3. 9 %᠎ ᠪᠠᠷ ᠨᠡᠮᠡᠭᠳᠡᠵᠦ᠂ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ 44. 4 %᠎ ᠳᠤ ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 100 %᠎ ᠳᠤ ᠬᠥᠷᠪᠡ᠃ 21 ᠪᠠᠭᠰᠢ ᠶᠢ ᠤᠷᠢᠨ ᠬᠡᠷᠡᠭᠯᠡᠪᠡ᠃ ᠡᠳ᠋ ᠤᠨ ᠵᠠᠰᠠᠭ ᠤᠨ ᠬᠦᠴᠦᠨ ᠲᠤᠶᠢᠯ ᠤᠨ ᠪᠠᠴᠢᠮ ᠪᠠᠶᠢᠳᠠᠯ ᠳᠣᠣᠷ᠎ᠠ᠂ 1. 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠳᠦᠬᠦᠷᠵᠢᠬᠦᠯᠵᠦ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠳᠠᠭᠤᠰᠬᠠᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠬᠤᠭᠤᠯᠠᠨ ᠭᠡᠷ ᠠᠰᠢᠭᠯᠠᠯᠲᠠ ᠳᠤ ᠣᠷᠣᠭᠰᠠᠨ ᠪᠠᠶᠢᠨ᠎ᠠ᠃      ᠡᠮ ᠡᠮᠨᠡᠯᠭᠡ ᠶᠢᠨ ᠦᠢᠯᠡᠴᠢᠯᠡᠭᠡ ᠶᠢ ︽ᠰᠠᠶᠢᠵᠢᠷᠠᠭᠤᠯᠪᠠ︾᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠦᠨᠡᠯᠡᠭᠡᠨ ᠤ ᠪᠠᠷᠢᠮᠵᠢᠶ᠎ᠠ ᠳᠤ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠠ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠤᠰᠬᠠᠢ 3 ᠰᠠᠯᠠᠭ᠎ᠠ ᠶᠢ ᠡᠭᠦᠳᠦᠨ ᠪᠠᠶᠢᠭᠤᠯᠵᠠᠢ᠃ ᠡᠮᠴᠢᠯᠡᠭᠡᠨ ᠤ ᠳᠤᠮᠳᠠᠴᠢ ᠵᠠᠷᠤᠳᠠᠯ ᠨᠢ ᠠᠳᠠᠯᠢ ᠬᠤᠭᠤᠴᠠᠭᠠᠨ ᠤ ᠬᠢ ᠠᠴᠠ 16 %᠎ ᠪᠠᠷ ᠪᠠᠭᠤᠷᠠᠭᠰᠠᠨ ᠪᠠᠶᠢᠨ᠎ᠠ᠃ ᠪᠡᠭᠡᠵᠢᠩ᠂ ᠥᠪᠥᠷ ᠮᠣᠩᠭᠤᠯ᠂ ᠾᠧᠪᠸᠢ᠂ ᠱᠠᠨ ᠰᠢ ᠳᠥᠷᠪᠡᠨ ᠮᠤᠵᠢ ᠶᠢᠨ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠭᠰᠠᠨ ᠰᠣᠷᠢᠯᠲᠠ ᠪᠠ ᠪᠦᠬᠦ ᠠᠶᠢᠮᠠᠭ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠤᠷᠠᠯ ᠢ ᠴᠢᠨᠠᠷᠲᠠᠢ ᠡᠷᠬᠢᠯᠡᠪᠡ᠃ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠳᠣᠲᠣᠨ᠎ᠠ ᠭᠠᠳᠠᠨᠠᠬᠢ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠤᠶᠠᠯᠳᠤᠭ᠎ᠠ ᠬᠤᠯᠪᠤᠭ᠎ᠠ ᠪᠠᠨ ᠭᠦᠨᠵᠡᠭᠡᠶᠢᠷᠡᠭᠦᠯᠵᠦ᠂ ᠲᠢᠲᠢᠮ ᠰᠤᠳᠠᠯ ᠪᠠ ᠵᠢᠷᠤᠬᠡᠨ ᠰᠤᠳᠠᠯ ᠤᠨ 421 ᠮᠡᠰᠡ ᠵᠠᠰᠠᠯ ᠢ ᠠᠮᠵᠢᠯᠲᠠ ᠲᠠᠢ ᠬᠢᠵᠦ᠂ ᠰᠢᠯᠢ ᠎ ᠶᠢᠨ ᠭᠤᠤᠯ ᠠᠶᠢᠮᠠᠭ ᠤᠨ ᠡᠮᠦᠨ᠎ᠡ ᠪᠡᠶ᠎ᠡ ᠶᠢᠨ ᠴᠡᠭᠡᠵᠢᠨ ᠬᠠᠳᠬᠤᠯᠠᠭ᠎ᠠ ᠶᠢᠨ ᠡᠮᠴᠢᠯᠡᠭᠡᠨ ᠤ ᠲᠥᠪ ᠤᠨ ᠦᠶᠯᠡᠳᠦᠯ ᠢ ᠪᠠᠳᠠᠷᠠᠭᠤᠯᠪᠠ᠃ 65᠎ ᠠᠴᠠ ᠳᠡᠭᠡᠭᠰᠢ ᠨᠠᠰᠤᠲᠠᠳ ᠲᠤ ᠦᠨ᠎ᠡ ᠳᠦᠯᠦᠪᠦᠷᠢ ᠥᠬᠡᠶ ᠪᠡᠶ᠎ᠡ ᠶᠢᠨ ᠪᠠᠶᠢᠴᠠᠭᠠᠯᠲᠠ ᠬᠢᠵᠦ᠂ ᠡᠮᠡᠭᠲᠡᠶᠢᠴᠦᠳ ᠤᠨ ︽ᠬᠤᠶᠠᠷ ᠵᠦᠢᠯ ᠤᠨ ᠬᠤᠣᠷᠲᠤ ᠬᠠᠪᠤᠳᠠᠷ︾᠎ ᠢ ᠰᠢᠭᠰᠢᠨ ᠪᠠᠶᠢᠴᠠᠭᠠᠬᠤ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠨᠢ ᠴᠥᠮ 100 %᠎ ᠳᠤ ᠬᠦᠷᠴᠡᠶ᠃      ᠰᠣᠶᠣᠯ ᠲᠠᠮᠢᠷ ᠤᠨ ᠠᠵᠢᠯ ᠢ ︽ᠴᠢᠩᠭᠠᠳᠬᠠᠪᠠ︾᠃ ᠰᠣᠶᠣᠯ ᠤᠨ ᠣᠷᠳᠣᠨ ᠨᠢ ︽ᠪᠣᠳᠠᠰ ᠤᠨ ᠪᠤᠰᠤ ᠰᠣᠶᠣᠯ ᠎ ᠤᠨ ᠥᠪ ᠢ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠶᠢᠯᠠᠭᠠᠬᠤ ᠰᠠᠭᠤᠷᠢᠨ︾᠎ ᠢᠶᠠᠷ ᠦᠨᠡᠯᠡᠭᠳᠡᠭᠰᠡᠨ ᠪᠥᠭᠡᠳ ᠴᠠᠭᠠᠨ ᠢᠳᠡᠭᠡᠨ ᠤ ᠵᠣᠭᠤᠭ ᠤᠨ ᠥᠷᠦᠭᠡ ᠨᠢ ᠠᠶᠢᠮᠠᠭ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠢᠶᠠᠷ ᠰᠢᠯᠭᠠᠷᠠᠭᠰᠠᠨ ᠪᠠᠶᠢᠨ᠎ᠠ᠃ ᠱᠠᠩᠳᠤ ᠲᠠᠮᠢᠷ ᠤᠨ ᠴᠡᠴᠡᠷᠯᠢᠭ ᠤᠨ ᠳᠥᠰᠥᠯ ᠤᠨ ᠪᠠᠷᠢᠯᠭ᠎ᠠ ᠶᠢ ᠡᠬᠢᠯᠡᠬᠦᠯᠪᠡ᠃ ᠬᠤᠯᠠᠨ ᠰᠢᠷᠭ᠎ᠠ ᠲᠠᠭ᠎ᠠ ᠶᠢᠨ ᠮᠢᠩᠭᠠᠨ ᠬᠥᠮᠦᠨ ᠤ ᠶᠠᠪᠠᠭᠠᠨ ᠠᠶᠠᠯᠠᠯ ᠵᠡᠷᠭᠡ 20 ᠭᠠᠷᠤᠢ ᠤᠳᠠᠭᠠᠨ ᠤ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠵᠣᠬᠢᠶᠠᠨ ᠪᠠᠶᠢᠭᠤᠯᠪᠠ᠃ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ ᠳᠡᠭᠡᠷ᠎ᠡ ᠰᠢᠯᠤᠭᠤᠨ ᠬᠥᠬᠡ ᠬᠤᠰᠢᠭᠤᠨ ᠤ 3 ᠲᠠᠮᠢᠷᠴᠢᠨ ᠠᠯᠲᠠᠨ ᠮᠧᠳᠠᠯ ᠲᠤᠰᠴᠠᠢ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠲᠠ ᠠᠰᠢᠭᠯᠠᠯᠲᠠ ᠶᠢᠨ ᠠᠵᠢᠯ ᠢ ᠪᠠᠲᠤᠲᠠᠢ ᠥᠷᠨᠢᠭᠦᠯᠵᠦ᠂ 9 ᠳᠥᠰᠥᠯ ᠢ ᠰᠤᠳᠤᠯᠤᠨ ᠨᠠᠶᠢᠷᠠᠭᠤᠯᠵᠠᠢ᠃ ᠪᠦᠬᠦ ᠵᠢᠯ ᠳᠤ 20 ᠭᠠᠷᠤᠢ ᠤᠳᠬ᠎ᠠ ᠤᠷᠠᠯᠢᠭ ᠤᠨ ᠪᠦᠲᠦᠭᠡᠯ ᠵᠣᠬᠢᠶᠠᠨ ᠪᠦᠲᠦᠭᠡᠵᠦ᠂ 90 ᠭᠠᠷᠤᠢ ᠤᠳᠠᠭᠠᠨ ᠤ ᠲᠣᠭᠯᠠᠯᠲᠠ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠬᠦᠯᠪᠡ᠃ ᠵᠣᠬᠢᠶᠠᠨ ᠪᠦᠳᠦᠭᠡᠭᠰᠡᠨ ︽ᠬᠤᠯᠠᠨ ᠰᠢᠷᠭ᠎ᠠ ᠲᠠᠭ᠎ᠠ︾ ᠭᠡᠬᠦ ᠳᠠᠭᠤᠯᠠᠯᠲᠤ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠎ ᠤᠨ ᠰᠣᠳᠣᠨ ᠪᠦᠲᠦᠭᠡᠯ ᠢᠶᠠᠷ ᠰᠢᠯᠭᠠᠷᠠᠭᠰᠠᠨ ᠪᠥᠭᠡᠳ ᠮᠥᠨᠴᠦ ᠲᠤᠰ ᠵᠢᠯ ᠤᠨ ᠪᠥᠬᠦ ᠠᠶᠢᠮᠠᠭ ᠤᠨ ᠴᠣᠷ ᠤᠨ ᠭᠠᠭᠴᠠ ᠰᠣᠩᠭᠤᠭᠳᠠᠭᠰᠠᠨ ᠪᠦᠲᠦᠭᠡᠯ ᠪᠣᠯᠤᠨ᠎ᠠ᠃      ᠥᠩᠭᠡᠷᠡᠭᠰᠡᠨ ᠨᠢᠭᠡ ᠵᠢᠯ ᠳᠤ ᠪᠢᠳᠡ ᠬᠦᠴᠢᠷ ᠪᠡᠷᠬᠡᠰᠢᠶᠡᠯ ᠢ ᠳᠠᠪᠠᠨ ᠲᠤᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠳᠤ ᠪᠠᠨ ᠰᠢᠨ᠎ᠡ ᠠᠮᠵᠢᠯᠲᠠ ᠡᠭᠦᠳᠪᠡ        ᠤᠯᠤᠰ ᠲᠥᠷᠥ ᠶᠢᠨ ᠪᠠᠶᠢᠭᠤᠯᠤᠯᠲᠠ ᠦᠷᠭᠦᠯᠵᠢᠯᠡᠨ ᠭᠦᠨᠵᠡᠭᠡᠶᠢᠷᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ 151 ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠣᠭᠤᠵᠣ᠂ ᠨᠠᠮ ᠤᠨ ᠰᠠᠬᠢᠯᠭ᠎ᠠ ᠪᠠᠲᠤ ᠎ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠪᠡ᠃ ᠬᠢᠨᠠᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠵᠠᠰᠠᠭ ᠤᠨ ᠣᠷᠳᠣᠨ ᠤ ᠰᠢᠰᠲ᠋ᠧᠮ ᠤᠨ ᠲᠣᠭᠤᠷᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠰᠠᠶᠢᠳᠤᠷ ᠴᠡᠭᠴᠡᠯᠡᠨ ᠵᠠᠰᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠦᠨᠳᠦᠰᠦᠨ ᠰᠠᠭᠤᠷᠢ ᠶᠢ ᠬᠠᠮᠠᠭᠠᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠬᠦᠯᠵᠦ᠂ ᠪᠦᠬᠦ ᠵᠢᠯ ᠎ ᠳᠤ 41 ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠠᠴᠠ ᠳᠤᠷᠠᠳᠤᠭᠰᠠᠨ 95 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 107 ᠬᠤᠪᠢ ᠰᠠᠨᠠᠯ ᠳᠤᠷᠠᠳᠤᠯᠭ᠎ᠠ ᠶᠢ ᠴᠢᠨᠠᠷᠲᠠᠢ ᠭᠦᠢᠴᠡᠳᠬᠡᠪᠡ᠃      ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠠᠰᠠᠭ ᠤᠨ ᠣᠷᠳᠣᠨ ᠤ ᠰᠢᠰᠲ᠋ᠧᠮ ᠤᠨ ᠦᠨᠳᠦᠰᠦᠨ ᠬᠠᠷᠢᠭᠤᠴᠠᠯᠭ᠎ᠠ ᠪᠠᠨ ᠲᠤᠤᠱᠲᠠᠢ ᠡᠭᠦᠷᠭᠡᠯᠡᠵᠦ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ ᠠᠰᠠᠭᠤᠳᠠᠯ ᠢ ᠨᠢᠭᠡᠳᠦᠯᠲᠡᠢ ᠴᠡᠭᠴᠡᠯᠡᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠦᠷᠭᠦᠯᠵᠢᠯᠡᠨ ᠪᠠᠬᠢᠵᠢᠪᠡ᠃ ᠬᠢᠨᠠᠨ ᠪᠤᠳᠤᠯᠳᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠨ᠂ ᠣᠨᠴᠠ ᠶᠢᠨ ᠱᠠᠭᠠᠷᠳᠠᠯᠭ᠎ᠠ ᠦᠭᠡᠢ ᠪᠣᠶᠣ ᠶᠡᠷᠦᠳᠡ ᠶᠢᠨ ᠵᠠᠷᠤᠯᠭ᠎ᠠ ᠶᠢ ᠦᠷᠭᠦᠯᠵᠢᠯᠡᠨ ᠪᠠᠭᠤᠷᠠᠭᠤᠯᠪᠠ᠃       ᠠᠶᠤᠯᠭᠦᠢ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠪᠠ᠃ ᠡᠬᠡ ᠤᠯᠤᠰ ᠤᠨ ᠤᠮᠠᠷᠠᠲᠤ ᠬᠢᠯᠢ ᠎ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠷᠡᠭᠦᠦ ᠶᠢᠨ ᠬᠡᠷᠡᠭ ᠢ ᠢᠯᠡᠷᠡᠭᠦᠯᠦᠭᠰᠡᠨ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 30 %᠎ ᠪᠠᠷ ᠳᠡᠭᠡᠭᠰᠢᠯᠡᠵᠦ᠂ ᠬᠤᠯᠠᠭᠠᠢ ᠳᠡᠭᠡᠷᠡᠮ ᠤᠨ ᠬᠡᠷᠡᠭ ᠢ ᠢᠯᠡᠷᠡᠭᠦᠯᠦᠭᠰᠡᠨ ᠨᠣᠷᠮ᠎ᠠ 100 %᠎ ᠳᠤ ᠬᠦᠷᠴᠦ᠂ ᠬᠤᠯᠪᠣᠭ᠎ᠠ ᠰᠦᠯᠵᠢᠶᠡᠨ ᠤ ᠮᠡᠬᠡᠯᠡᠯ ᠎ ᠲᠠᠢ ᠲᠡᠮᠡᠴᠡᠭᠰᠡᠨ ᠠᠵᠢᠯ ᠵᠢᠴᠢ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠪᠥᠬᠦ ᠠᠶᠢᠮᠠᠭ ᠲᠠᠭᠠᠨ ᠲᠡᠷᠢᠭᠦᠯᠡᠪᠡ᠃ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠠᠳᠠᠯᠢ ᠬᠤᠭᠤᠴᠠᠭᠠᠨ ᠤ ᠬᠢ ᠠᠴᠠ 56. 5 %᠎ ᠪᠠᠷ ᠪᠠᠭᠤᠷᠠᠪᠠ᠃ 98 ᠬᠤᠪᠢ ᠡᠷᠭᠦᠳᠡᠯ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠵᠦ᠂ ᠨᠡᠶᠢᠭᠡᠮ ᠤᠨ 235 ᠵᠥᠷᠢᠴᠡᠯ ᠵᠢᠭᠤᠷᠠᠭᠠᠨ ᠢ ᠰᠢᠢᠳᠪᠦᠷᠢᠯᠡᠪᠡ᠃ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠵᠢᠯ ᠤᠨ ᠲᠤᠷᠰᠢᠳᠠ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠯᠡᠨ ᠠᠷᠢᠯᠭᠠᠵᠤ᠂ ᠾᠦᠢ ᠽᠧ ᠪᠠᠩᠬᠢ ᠶᠢ ᠨᠡᠶᠢᠯᠡᠭᠦᠯᠬᠦ ᠠᠵᠢᠯ ᠢ ᠤᠷᠤᠭᠰᠢᠲᠠᠢ ᠪᠡᠶᠡᠯᠡᠭᠦᠯᠪᠡ᠃      ᠡᠭᠦᠨ ᠤ ᠬᠠᠮᠲᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠵᠡᠷᠭᠡ ᠠᠵᠢᠯ ᠤᠨ ᠲᠣᠭᠤᠷᠢᠨ ᠳᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠎ ᠤ ᠬᠤᠯᠪᠣᠭ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠴᠠᠭ ᠠᠭᠤᠷ᠂ ᠬᠤᠶᠢᠴᠢ ᠦᠶ᠎ᠡ ᠎ ᠪᠠᠨ ᠬᠠᠯᠠᠮᠵᠢᠯᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠤᠯᠪᠠ᠃      ᠲᠥᠯᠥᠭᠡᠯᠡᠭᠴᠢᠳ ᠡ᠂ ᠴᠠᠭ ᠬᠤᠭᠤᠴᠠᠭ᠎ᠠ ᠬᠦᠭᠵᠢᠯ ᠳᠠᠪᠰᠢᠯ ᠤᠨ ᠬᠤᠷᠳᠤ ᠶᠢ ᠭᠡᠷᠡᠴᠢᠯᠡᠵᠦ᠂ ᠣᠨ ᠵᠢᠯ ᠲᠡᠮᠡᠴᠡᠯ ᠤᠨ ᠤᠯᠠ ᠮᠥᠷ ᠢ ᠰᠡᠶᠢᠯᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ ᠪᠢᠳᠡ ᠬᠠᠲᠠᠭᠤ ᠪᠡᠷᠬᠡᠰᠢᠶᠡᠯ ᠤᠨ ᠳᠤᠮᠳᠠ ᠬᠢᠯᠪᠡᠷ ᠪᠣᠰᠤ ᠠᠮᠵᠢᠯᠲᠠ ᠶᠢ ᠪᠦᠳᠦᠭᠡᠵᠦ᠂ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠰᠢᠯᠤᠭᠤᠨ ᠬᠥᠬᠡ ᠬᠤᠰᠢᠭᠤᠨ ᠤ ᠠᠵᠤ ᠠᠬᠤᠶ ᠶᠢᠨ ᠬᠦᠭᠵᠢᠯ᠂ ᠠᠵᠢᠯ ᠦᠢᠯᠡᠰ ᠤᠨ ᠠᠬᠢᠯ ᠳᠠᠪᠰᠢᠯ᠂ ᠬᠤᠲᠠ ᠬᠥᠳᠡᠭᠡ ᠶᠢᠨ ᠥᠭᠡᠷᠡᠴᠢᠯᠡᠯᠲᠡ᠂ ᠣᠯᠠᠨ ᠲᠦᠮᠡᠨ ᠤ ᠰᠠᠶᠢᠨ ᠰᠠᠶᠢᠬᠠᠨ ᠨᠢᠭᠡᠪᠦᠷᠢ ᠨᠢ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠵᠢᠴᠢ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠯ ᠲᠡᠮᠡᠴᠡᠯ ᠠᠴᠠ ᠰᠠᠯᠵᠤ ᠴᠢᠳᠠᠬᠤ ᠥᠬᠡᠶ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠪᠦᠬᠦ ᠠᠷᠠᠳ ᠤᠨ ᠲᠥᠯᠥᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠠᠷᠠᠳ ᠤᠨ ᠪᠦᠯᠬᠦᠮ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠳᠠᠳᠭᠦᠪᠦᠷᠢ ᠳᠤ ᠭᠠᠷᠤᠭᠰᠠᠨ ᠠᠬᠠᠮᠠᠳ ᠺᠠᠳ᠋ᠷ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠥᠷᠭᠡᠨ ᠣᠯᠠᠨ ᠪᠡᠯᠡ ᠣᠷᠣᠭᠤᠯᠤᠭᠴᠢᠳ᠂ ᠪᠦᠲᠦᠭᠡᠨ ᠪᠠᠶᠢᠭᠤᠯᠤᠭᠴᠢᠳ᠂ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠡ᠂ ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠪᠠᠰᠠ ᠲᠤᠯᠭᠠᠷᠠᠵᠤ ᠪᠠᠶᠢᠭ᠎ᠠ ᠡᠯᠳᠡᠪ ᠵᠦᠢᠯ ᠤᠨ ᠠᠰᠠᠭᠤᠳᠠᠯ ᠢ ᠲᠠᠨᠢᠵᠤ ᠮᠠᠨ ᠤ ᠬᠤᠰᠢᠭᠤ ᠨᠢ ᠣᠳᠣᠬᠠᠨ ᠳᠤ ᠵᠠᠩᠭᠢᠯᠠᠭ᠎ᠠ ᠶᠢᠨ ᠱᠠᠲᠤᠨ ᠳᠤ ᠪᠠᠨ ᠶᠠᠪᠤᠭ᠎ᠠ ᠶᠢ ᠦᠢᠯᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠪᠣᠳᠠᠲᠤ ᠱᠠᠭᠠᠷᠳᠠᠯᠭ᠎ᠠ ᠶᠢ ᠬᠠᠩᠭᠠᠬᠤ ᠳᠤ ᠪᠠᠰᠠ ᠠᠰᠠᠭᠤᠳᠠᠯ ᠣᠷᠤᠭᠰᠢᠭᠰᠠᠭᠠᠷ ᠪᠠᠶᠢᠭ᠎ᠠ ᠶᠢ ᠮᠡᠳᠡᠬᠦ ᠶᠣᠰᠤᠲᠠᠢ᠂ ᠪᠣᠳᠠᠲᠠᠢ ᠢᠯᠡᠷᠡᠯ ᠨᠢ᠄ ᠨᠢᠭᠡ ᠳᠤ᠂ ︽ᠳᠠᠪᠰᠢᠬᠤ︾ ᠡᠷᠴᠢᠮ ᠬᠦᠴᠦ ᠰᠤᠯᠠ ᠪᠠᠶᠢᠨ᠎ᠠ᠃ ᠮᠠᠯ ᠠᠵᠤ ᠠᠬᠤᠶ ᠶᠢᠨ ᠬᠡᠪᠴᠢᠶᠡᠵᠢᠭᠰᠡᠨ ᠪᠠ ᠡᠷᠴᠢᠮᠵᠢᠭᠰᠡᠨ ᠬᠥᠭᠵᠢᠯᠲᠡ ᠶᠢᠨ ᠬᠢᠷᠢ ᠳᠥᠪᠰᠢᠨ ᠳᠣᠣᠷ᠎ᠠ ᠪᠠᠶᠢᠵᠤ᠂ ᠠᠮᠢᠳᠤ ᠮᠠᠯ ᠢ ᠭᠠᠳᠠᠭᠰᠢ ᠪᠣᠷᠤᠯᠠᠭᠤᠯᠬᠤ᠂ ᠨᠠᠷᠢᠯᠢᠭ ᠡᠳ᠋ᠰᠢᠭᠦᠯᠬᠦ ᠲᠠᠯ᠎ᠠ ᠪᠠᠷ ᠬᠠᠩᠭᠠᠯᠲᠠ ᠦᠭᠡᠢ ᠪᠠᠶᠢᠨ᠎ᠠ᠃ ᠠᠵᠤ ᠦᠶᠯᠡᠳᠪᠦᠷᠢ ᠶᠢᠨ ᠠᠵᠤ ᠦᠶᠯᠡᠰ ᠤᠨ ᠪᠦᠲᠦᠴᠡ ᠨᠢ ᠲᠠᠩ ᠴᠤᠯᠭᠤᠶ ᠪᠠᠶᠢᠵᠤ᠂ ᠬᠡᠪᠴᠢᠶᠡᠨ ᠠᠴᠠ ᠳᠡᠭᠡᠭᠰᠢᠬᠢ ᠡᠨᠧᠷᠭᠢ ᠶᠢᠨ ᠰᠤᠷᠪᠤᠯᠵᠢ ᠶᠢᠨ ᠪᠤᠰᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ ᠎ ᠨᠢ ᠵᠥᠪᠬᠡᠨ 21%᠎ ᠶᠢ ᠡᠵᠡᠯᠡᠵᠦ ᠪᠠᠶᠢᠨ᠎ᠠ᠃ ᠪᠦᠬᠦ ᠣᠷᠣᠨ ᠨᠤᠲᠤᠭ᠂ ᠪᠦᠬᠦ ᠦᠢᠯᠡᠰ᠂ ᠪᠦᠬᠦ ᠤᠯᠠᠷᠢᠯ ᠤᠨ ᠵᠢᠭᠤᠯᠴᠢᠯᠠᠯ ᠤᠨ ᠬᠡᠪ ᠵᠠᠭᠪᠤᠷ ᠬᠠᠷᠠᠬᠠᠨ ᠪᠦᠷᠢᠯᠳᠦᠭᠡᠳᠦᠶ ᠪᠠᠶᠢᠵᠤ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠎ ᠨᠢ ᠨᠡᠮᠡᠭᠳᠡᠭᠦᠯᠬᠦ ᠨᠡᠶᠢᠭᠡᠮ ᠤᠨ ᠦᠷ᠎ᠡ ᠠᠰᠢᠭ ᠮᠥᠨ ᠬᠦ ᠢᠯᠡᠷᠡᠭᠡᠳᠦᠶ ᠪᠠᠶᠢᠭᠰᠠᠭᠠᠷ᠃ ᠬᠤᠶᠠᠷ ᠲᠤ᠂ ︽ᠲᠣᠭᠲᠠᠪᠤᠷᠢᠲᠠᠢ︾ ᠰᠠᠭᠤᠷᠢ ᠪᠠᠰᠠ ᠪᠠᠲᠤ ᠪᠠᠬᠢ ᠪᠢᠰᠢ ᠪᠠᠶᠢᠭᠰᠠᠭᠠᠷ᠃ ᠥᠷᠢ ᠰᠢᠷᠢ ᠶᠢ ᠠᠷᠢᠯᠭᠠᠬᠤ ᠳᠠᠷᠤᠯᠲᠠ ᠨᠡᠮᠡᠭᠳᠡᠭᠰᠡᠭᠡᠷ ᠪᠠᠶᠢᠭ᠎ᠠ ᠪᠥᠭᠡᠳ ᠡᠳ᠋ ᠤᠨ ᠬᠦᠴᠦᠨ ᠮᠥᠨ ᠯᠡ ᠬᠦᠴᠢᠷᠲᠡᠢ ᠪᠠᠶᠢᠭᠰᠠᠭᠠᠷ᠃ ᠵᠢᠭᠠᠨ ᠰᠤᠷᠭᠠᠯᠲᠠ ᠶᠢᠨ ᠴᠢᠨᠠᠷ ᠤᠨ ᠲᠠᠯ᠎ᠠ ᠪᠠᠷ ᠪᠦᠬᠦ ᠠᠶᠢᠮᠠᠭ ᠲᠠᠭᠠᠨ ᠬᠤᠶᠢᠭᠤᠷ ᠵᠢᠭᠰᠠᠭᠠᠭᠳᠠᠵᠤ᠂ ᠦᠨᠳᠦᠰᠦᠨ ᠡᠮᠴᠢᠯᠡᠭᠡᠨ ᠤ ᠦᠶᠯᠡᠴᠢᠯᠡᠭᠡ ᠨᠢ ︽ᠣᠶᠢᠷ᠎ᠠ ᠬᠠᠪᠢ ᠳᠠᠭᠠᠨ ᠡᠮᠨᠡᠭᠦᠯᠬᠦ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠠᠶᠢᠨ᠎ᠠ᠂ ᠰᠣᠶᠣᠯ ᠤᠨ ᠲᠠᠯ᠎ᠠ ᠪᠠᠷ ᠬᠢ ᠰᠠᠭᠤᠷᠢ ᠳᠥᠬᠦᠭᠡᠷᠦᠮᠵᠢ ᠬᠠᠩᠭᠠᠯᠲᠠ ᠥᠬᠡᠶ ᠪᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ᠂ ︽ᠲᠡᠮᠡᠴᠡᠬᠦ︾ ᠡᠷᠴᠢ ᠵᠣᠷᠢᠭ ᠳᠣᠷᠤᠢ ᠪᠠᠶᠢᠨ᠎ᠠ᠃ ᠵᠠᠷᠢᠮ ᠺᠠᠳ᠋ᠷᠴᠤᠳ ᠨᠢ ᠲᠦᠷᠦ ᠶᠢᠨ ᠪᠤᠳᠤᠯᠭ᠎ᠠ ᠶᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠳᠠᠮᠠᠭᠠᠢ ᠪᠢᠰᠢ ᠪᠠᠶᠢᠵᠤ᠂ ᠰᠢᠨᠡᠴᠢᠯᠡᠯ ᠤᠨ ᠤᠬᠠᠮᠰᠠᠷ ᠪᠠ ᠠᠮᠵᠢᠯᠲᠠ ᠣᠯᠬᠤ ᠤᠬᠠᠮᠰᠠᠷ ᠰᠤᠯᠠ ᠳᠣᠣᠷ᠎ᠠ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠨᠢ ᠣᠳᠣᠬᠠᠨ ᠤ ᠰᠢᠨ᠎ᠡ ᠪᠠᠶᠢᠳᠠᠯ ᠰᠢᠨ᠎ᠡ ᠡᠭᠦᠷᠭᠡ ᠲᠠᠢ ᠵᠣᠬᠢᠴᠠᠬᠤ ᠦᠭᠡᠢ ᠪᠠᠶᠢᠨ᠎ᠠ᠃ ᠡᠨᠡ ᠲᠠᠯ᠎ᠠ ᠳᠡᠭᠡᠷ᠎ᠡ ᠪᠢᠳᠠ ᠠᠰᠠᠭᠤᠳᠠᠯ ᠳᠤ ᠴᠢᠭᠯᠡᠭᠦᠯᠦᠨ ᠵᠣᠷᠢᠯᠭ᠎ᠠ ᠪᠠᠨ ᠲᠣᠭᠲᠠᠭᠠᠵᠤ᠂ ᠦᠷ᠎ᠡ ᠳ᠋ᠦᠩ ᠳᠤ ᠴᠢᠭᠯᠡᠭᠦᠯᠦᠨ ᠬᠠᠨᠳᠤᠯᠭ᠎ᠠ ᠲᠣᠭᠲᠠᠭᠠᠨ᠂ ᠠᠩᠬᠠᠨ ᠤ ᠵᠣᠷᠢᠯᠲᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠭᠡᠵᠢᠶ᠎ᠡ ᠴᠤ ᠬᠦᠰᠡᠷᠳᠡᠭᠦᠯᠵᠦ ᠪᠣᠯᠬᠤ ᠦᠭᠡᠢ᠃ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ     2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠪᠠᠶᠢᠷᠢᠯᠠᠭᠤᠯᠣᠯᠲᠠ ᠶᠢᠨ ᠵᠢᠯ ᠪᠣᠯᠤᠨ᠎ᠠ᠃ ᠰᠢᠯᠤᠭᠤᠨ ᠬᠥᠬᠡ ᠬᠤᠰᠢᠭᠤᠨ ᠤ ᠬᠥᠭᠵᠢᠯᠲᠡ ᠶᠠᠭ ᠶᠡᠭᠡ ᠦᠶᠯᠡᠰ ᠢ ᠪᠦᠲᠦᠭᠡᠬᠦ ᠴᠢᠬᠤᠯᠠ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠪᠣᠳᠠᠲᠠᠶ ᠠᠵᠢᠯ ᠪᠣᠳᠠᠲᠤ ᠪᠦᠲᠦᠮᠵᠢ ᠪᠠᠷ ᠬᠠᠷᠢᠭᠤᠯᠲᠠ ᠥᠭᠴᠦ᠂ ᠲᠡᠮᠡᠴᠡᠯ ᠴᠢᠷᠮᠠᠶᠢᠯᠭ᠎ᠠ ᠎ ᠪᠠᠷ ᠬᠢᠯᠠᠯᠵᠠᠭᠰᠠᠨ ᠠᠮᠵᠢᠯᠲᠠ ᠣᠯᠵᠠᠭᠠᠶ᠎ᠠ᠃     ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠣᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠦᠬᠦ ᠠᠶᠢᠮᠠᠭ ᠪᠠ ᠬᠤᠰᠢᠭᠤᠨ ᠤ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠪᠣᠳᠠᠳᠠᠢ ᠬᠢᠬᠦ ᠪᠠᠷ ᠤᠷᠢᠳᠠᠯ ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠶ ᠲᠥᠯᠦᠪᠵᠢᠭᠦᠯᠦᠨ᠂ ᠥᠭᠡᠷᠡᠴᠢᠯᠡᠯᠲᠡ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠵᠤ᠂ ᠨᠢᠭᠡ ᠭᠤᠤᠯ ᠱᠤᠭᠤᠮ ᠢ ᠲᠣᠣᠱᠯᠠᠭᠤᠯᠣᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠬᠦᠯᠦᠨ᠂ ︽ᠵᠢᠷᠭᠤᠭᠠᠨ ᠠᠵᠢᠯᠯᠠᠭ᠎ᠠ︾᠎ ᠶᠢ ᠠᠬᠢᠭᠤᠯᠬᠤ ᠳᠤ ᠨᠠᠩ ᠶᠡᠭᠡ ᠠᠬᠢᠯᠲᠠ ᠲᠠᠢ ᠪᠣᠯᠵᠤ᠂ ᠨᠠᠩ ᠶᠡᠭᠡ ᠬᠤᠪᠢ ᠨᠡᠮᠡᠷᠢ ᠦᠵᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠨ᠎ᠠ᠃      ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6 %᠎ ᠠᠴᠠ ᠳᠡᠭᠡᠭᠰᠢ ᠨᠡᠮᠡᠭᠳᠡᠬᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 7 % ᠣᠷᠴᠢᠮ ᠨᠡᠮᠡᠭᠳᠡᠭᠦᠯᠦᠨ᠎ᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 % ᠣᠷᠴᠢᠮ ᠨᠡᠮᠡᠭᠳᠡᠭᠦᠯᠦᠨ᠎ᠡ᠂ ᠨᠡᠶᠢᠭᠡᠮ ᠎ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 3 %᠎ ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3 %᠎ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ᠃     ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠎ ᠲᠠᠢ ᠰᠠᠶᠢᠲᠤᠷ ᠬᠢᠨ᠎ᠡ᠄      ︵ᠨᠢᠭᠡ︶ ᠲᠥᠷᠥᠯ ᠵᠦᠶᠯ ᠢ ᠠᠳᠬᠤᠨ᠂ ᠳᠠᠯᠳᠠ ᠬᠦᠴᠦᠨ ᠢ ᠠᠭᠤᠳᠠᠯᠬᠤ ᠶᠢ ᠪᠠᠷᠢᠮᠲᠠᠯᠠᠵᠤ᠂ ︽ᠵᠢᠷᠭᠤᠭᠠᠨ ᠠᠵᠢᠯᠯᠠᠭ᠎ᠠ︾᠎ ᠶᠢ ᠪᠥᠬᠦ ᠬᠦᠴᠦᠨ ᠢᠶᠠᠷ ᠥᠷᠨᠢᠭᠦᠯᠦᠨ᠎ᠡ  ᠴᠢᠬᠤᠯᠠ ᠶᠡᠭᠡ ᠲᠥᠷᠥᠯ ᠵᠦᠢᠯ ᠢ ᠲᠥᠰᠦᠪᠯᠡᠬᠦ ᠠᠵᠢᠯᠯᠠᠭ᠎ᠠ ᠶᠢ ᠪᠦᠬᠦ ᠬᠦᠴᠦᠨ ᠢᠶᠠᠷ ᠥᠷᠨᠢᠭᠦᠯᠦᠨ᠎ᠡ᠃ ︽ᠲᠦᠷᠦᠯ ᠵᠦᠢᠯ ᠰᠦᠪᠡᠭᠴᠢᠯᠡᠨ᠂ ᠪᠡᠯᠡ ᠮᠥᠩᠭᠦ ᠡᠷᠡᠮᠡᠯᠵᠡᠯᠡᠨ᠎ᠡ︾᠃ ᠦᠷᠭᠦᠯᠵᠢᠯᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠠᠳᠬᠤᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠲᠦᠰᠦᠪᠯᠡᠬᠦ ᠬᠤᠭᠤᠴᠠᠭ᠎ᠠ ᠶᠢ ᠠᠳᠬᠤᠨ᠂ ᠤᠯᠤᠰ ᠤᠨ ︽ᠬᠤᠶᠠᠷ ᠴᠢᠬᠤᠯᠠ︾᠎ ᠳᠤ ᠬᠦᠴᠦᠯᠡᠨ᠂ ︽ᠬᠤᠶᠠᠷ ᠰᠢᠨ᠎ᠡ︾᠎ ᠶᠢ ᠥᠷᠭᠡᠳᠬᠡᠬᠦ ᠶᠢ ᠠᠬᠢᠭᠤᠯᠤᠨ᠂ ᠬᠡᠲᠦ ᠤᠷᠲᠤ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠ ᠲᠤᠰᠬᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠰᠢᠭᠲᠠᠶ ᠲᠥᠷᠥ ᠶᠢᠨ ᠪᠣᠳᠣᠯᠭ᠎ᠠ ᠶᠢ ᠠᠰᠢᠭᠯᠠᠨ᠂ ᠠᠮᠢ ᠠᠬᠤᠶ ᠶᠢᠨ ᠰᠡᠷᠭᠦᠭᠡᠯᠲᠡ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ᠂ ᠨᠡᠶᠢᠭᠡᠮ ᠤᠨ ᠦᠢᠯᠡᠰ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠡᠷᠭᠡ ᠬᠦᠷᠢᠶᠡᠨ ᠳᠤ ᠰᠢᠰᠲ᠋ᠧᠮ ᠲᠠᠢ ᠲᠥᠯᠥᠪᠯᠡᠵᠦ ᠨᠢᠭᠡ ᠪᠦᠯᠦᠭ ᠰᠠᠭᠤᠷᠢ ᠲᠠᠯᠪᠢᠵᠦ᠂ ᠳᠤᠲᠠᠭᠤᠳᠠᠯ ᠢ ᠨᠥᠬᠦᠪᠥᠷᠢᠯᠡᠬᠦ ᠠᠯᠤᠰ ᠭᠡᠳᠦ ᠳᠤ ᠠᠰᠢᠭᠲᠠᠶ ᠨᠥᠭᠡᠴᠡ ᠬᠦᠴᠦᠨ ᠢ ᠨᠡᠮᠡᠭᠳᠡᠭᠦᠯᠦᠭᠰᠡᠨ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠰᠢᠰᠲ᠋ᠧᠮ ᠲᠠᠢ ᠲᠦᠰᠦᠪᠯᠡᠨ᠂ ᠨᠥᠭᠡᠴᠡ ᠲᠥᠷᠥᠯ ᠵᠦᠢᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠬᠦᠯᠵᠦ᠂ ᠨᠥᠭᠡᠴᠡ ᠲᠦᠷᠦᠯ ᠵᠦᠢᠯ ᠢ ᠳᠠᠬᠢᠨ ᠢᠶᠠᠷ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠨᠠᠩ ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ︽ᠳᠥᠰᠥᠯ ᠤᠨ ᠲᠣᠮᠣ ᠬᠦᠮᠦᠷᠭᠡ︾᠎ ᠳᠤ ᠣᠷᠣᠭᠤᠯᠬᠤ ᠪᠠᠷ ᠴᠢᠷᠮᠠᠶᠢᠨ᠎ᠠ᠃ ︽ᠡᠬᠢᠯᠡᠭᠦᠯᠬᠦ ᠶᠢ ᠠᠳᠬᠤᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ︾᠃ 37 ᠭᠤᠣᠯᠳᠠᠯᠭ᠎ᠠ ᠲᠠᠢ ᠲᠥᠷᠥᠯ ᠵᠦᠢᠯ ᠤᠨ 55 ᠲᠥᠷᠦᠯ ᠤᠨ ᠭᠠᠷ ᠭᠦᠢᠴᠡᠳᠬᠡᠯ ᠭᠦᠢᠴᠡᠳᠬᠡᠭᠡᠳᠦᠢ ᠪᠠᠶᠢᠳᠠᠯ ᠢ ᠴᠢᠩᠭ᠎ᠠ ᠠᠩᠬᠠᠷᠴᠤ᠂ ︽ᠪᠦᠭᠦᠳᠡ ᠶᠢ ᠪᠡᠶᠡᠯᠡᠬᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 4 ᠰᠠᠷ᠎ᠠ ᠶᠢᠨ 15 ᠎ ᠤ ᠡᠳᠦᠷ ᠠᠴᠠ ᠡᠮᠦᠨ᠎ᠡ ᠭᠠᠷ ᠬᠦᠢᠴᠡᠳᠬᠡᠯ ᠢᠶᠠᠨ ᠳᠠᠭᠤᠰᠬᠠᠵᠤ ᠠᠵᠢᠯ ᠰᠡᠷᠭᠦᠭᠡᠨ᠂ ᠵᠢᠯ ᠤᠨ ᠪᠡᠯᠡ ᠣᠷᠤᠭᠤᠯᠣᠯᠲᠠ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ︽ᠦᠢᠯᠡᠴᠢᠯᠡᠭᠡ ᠶᠢ ᠴᠢᠩᠭᠠᠳᠬᠠᠵᠤ᠂ ᠪᠠᠲᠤᠯᠠᠭ᠎ᠠ ᠶᠢ ᠰᠢᠯᠢᠳᠡᠭᠵᠢᠭᠦᠯᠦᠨ᠎ᠡ︾᠃ ᠲᠥᠪᠯᠡᠷᠡᠭᠦᠯᠦᠨ ᠠᠵᠢᠯ ᠡᠬᠢᠯᠡᠭᠦᠯᠬᠦ᠂ ᠨᠠᠷᠢᠯᠢᠭ ᠳᠠᠩᠰᠠᠯᠠᠨ ᠬᠠᠮᠢᠶᠠᠷᠬᠤ᠂ ᠤᠳᠤᠷᠢᠳᠤᠯᠭ᠎ᠠ ᠠᠴᠠ ᠳᠠᠭᠠᠭᠠᠴᠢᠯᠠᠬᠤ᠂ ᠲᠤᠰᠬᠠᠶ ᠠᠩᠭᠢ ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠶᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠨ᠎ᠡ᠃ ᠱᠠᠩᠳᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠣᠬᠢᠷᠠᠭᠤᠯᠤᠯᠲᠠ ᠶᠢᠨ ᠣᠷᠤᠨ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠲᠤ ᠳᠤᠯᠠᠭᠠᠯᠠᠭ᠎ᠠ ᠬᠠᠩᠭᠠᠬᠤ᠂ ᠤᠰᠤᠨ ᠬᠤᠭᠤᠯᠠᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠣᠳᠠᠳᠠᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠨ᠎ᠠ᠃      ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠦᠬᠦ ᠬᠦᠴᠦᠨ ᠢᠶᠠᠷ ᠥᠷᠨᠢᠭᠦᠯᠦᠨ᠎ᠡ᠃ ᠠᠷᠭ᠎ᠠ ᠪᠦᠬᠦᠨ ᠢ ᠰᠥᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠭᠦᠨ᠎ᠡ᠃ ︽ᠴᠠᠭᠠᠨ ᠢᠳᠡᠭᠡᠨ ᠤ ᠪᠠᠷᠠᠭᠠᠨ ᠤ ᠭᠦᠢᠯᠭᠡᠭᠡᠨ ᠤ ᠨᠥᠬᠦᠪᠥᠷᠢ ᠶᠢᠨ ᠲᠥᠰᠦᠯ︾᠎ ᠢ ᠱᠠᠯᠠᠪᠳᠠᠨ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠥᠨᠳᠥᠷ ᠪᠠᠶᠢᠭ᠎ᠠ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠠᠵᠤ ᠠᠬᠤᠶᠢᠯᠠᠯ ᠤᠨ ᠪᠠᠷᠠᠭᠠᠨ ᠤ ᠨᠡᠮᠡᠯᠲᠡ ᠬᠦᠨᠳᠦ ᠶᠢᠨ ᠭᠦᠢᠯᠭᠡᠭᠡᠨ ᠤ ᠥᠪᠡᠷ ᠤᠨ ᠥᠷᠲᠡᠭ ᠢ 50 %᠎ ᠪᠠᠷ ᠪᠠᠭᠤᠷᠠᠭᠤᠯᠬᠤ ᠪᠠᠷ ᠴᠢᠷᠮᠠᠶᠢᠨ᠎ᠠ᠃ ᠬᠠᠢ ᠲᠠᠢ ᠰᠢᠨ᠎ᠡ ᠡᠨᠧᠷᠭᠢ ᠶᠢ ᠠᠶᠢᠮᠠᠭ ᠤᠨ ᠳᠣᠲᠣᠷᠠᠬᠢ ᠨᠠᠷᠠᠨ ᠤ ᠡᠨᠧᠷᠭᠢ ᠶᠢᠨ ᠠᠵᠤ ᠠᠬᠤᠶᠢᠯᠠᠯ ᠲᠠᠢ ᠬᠠᠷᠢᠴᠠᠵᠤ ᠬᠠᠢ ᠲᠠᠢ ᠰᠢᠨ᠎ᠡ ᠡᠨᠧᠷᠭᠢ ᠶᠢᠨ ᠺᠣᠮᠫᠠᠨᠢ ᠳᠤ ᠵᠠᠬᠢᠶᠠᠯᠠᠭ᠎ᠠ ᠣᠯᠬᠤ ᠶᠢ ᠪᠦᠬᠦ ᠬᠦᠴᠦᠨ ᠢᠶᠠᠷ ᠳᠠᠮᠵᠢᠵᠤ᠂ ᠠᠵᠤ ᠠᠬᠤᠶᠢᠯᠠᠯ ᠤᠨ ᠦᠢᠯᠡᠳᠪᠦᠷᠢ ᠶᠢ ᠠᠬᠢᠭᠤᠯᠵᠤ᠂ ᠪᠦᠬᠦ ᠵᠢᠯ ᠤᠨ ᠦᠢᠯᠡᠳᠬᠦᠨ ᠤ ᠥᠷᠲᠡᠭ ᠢ 5 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠠᠷᠠᠳ ᠤᠨ ᠡᠵᠡᠩᠨᠡᠯᠲᠡᠲᠦ ᠠᠵᠤ ᠠᠬᠤᠶᠢᠯᠠᠯ ᠎ ᠳᠤ ᠥᠷᠢᠲᠦᠵᠦ ᠪᠠᠶᠢᠭ᠎ᠠ ᠥᠷᠢ ᠰᠢᠷᠢ ᠶᠢ ᠪᠥᠬᠦ ᠲᠠᠯ᠎ᠠ ᠪᠠᠷ ᠳᠣᠲᠤᠷᠬᠠᠶᠢᠯᠠᠵᠤ᠂ ᠥᠷᠢ ᠰᠢᠷᠢ ᠶᠢ ᠰᠢᠢᠳᠪᠦᠷᠢᠯᠡᠬᠦ ᠠᠵᠢᠯ ᠢ ᠲᠦᠷᠭᠡᠳᠬᠡᠨ᠎ᠡ᠃ ᠢᠳᠡᠪᠬᠢᠲᠡᠢ ᠠᠷᠭ᠎ᠠ ᠰᠦᠪᠡᠭᠴᠢᠯᠡᠨ ᠠᠵᠤ ᠠᠬᠤᠶᠢᠯᠠᠯ ᠳᠤ ᠠᠵᠠ ᠲᠣᠬᠢᠶᠠᠯ ᠣᠯᠭᠤᠨ᠎ᠠ᠃ ᠮᠥᠩᠭᠦᠨ ᠭᠦᠢᠯᠭᠡᠭᠡ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠤᠷᠭᠠᠨᠢᠭ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠎ ᠤᠨ ᠪᠡᠯᠡ ᠬᠤᠷᠠᠮᠳᠤᠭᠤᠯᠬᠤ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠲᠦᠭᠡᠭᠳᠡᠬᠦᠨ ᠢ ᠣᠨᠣᠪᠴᠢᠲᠠᠢ ᠬᠦᠷᠭᠡᠨ᠎ᠡ᠃ ᠪᠥᠬᠦ ᠵᠢᠯ ᠳᠤ ᠵᠠᠰᠠᠭ ᠤᠨ ᠣᠷᠳᠣᠨ ᠮᠥᠩᠭᠦᠨ ᠬᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ 4 ᠤᠳᠠᠭ᠎ᠠ ᠠᠴᠠ ᠳᠡᠭᠡᠭᠰᠢ ᠥᠷᠨᠢᠬᠦᠯᠵᠦ᠂ ᠪᠠᠭ᠎ᠠ ᠵᠢᠵᠢᠭ ᠠᠵᠤ ᠠᠬᠤᠶᠢᠯᠠᠯ ᠎ ᠳᠤ ᠠᠳᠠᠭ ᠲᠤ ᠪᠠᠨ 1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠨ᠎ᠠ᠃ ᠰᠢᠨᠵᠢᠯᠡᠭᠡ ᠮᠡᠷᠭᠡᠵᠢᠯ ᠤᠨ ︽ᠰᠢᠪᠲᠤᠯᠤᠯᠲᠠ︾᠎ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠬᠡᠷᠡᠭᠵᠢᠭᠦᠯᠦᠭᠰᠡᠨ 4 ᠲᠥᠷᠥᠯ ᠵᠦᠢᠯ ᠎ ᠤᠨ ᠦᠷ᠎ᠡ ᠪᠦᠲᠦᠭᠡᠯ ᠢ ᠤᠯᠠᠷᠢᠭᠤᠯᠬᠤ ᠨᠣᠷᠮ᠎ᠠ ᠶᠢ 30 %᠎ ᠠᠴᠠ ᠳᠡᠭᠡᠭᠰᠢ ᠳᠤ ᠬᠦᠷᠭᠡᠵᠦ᠂ ᠵᠢᠯ ᠤᠨ ᠳᠣᠲᠣᠷ᠎ᠠ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠰᠢᠨᠵᠢᠯᠡᠭᠡ ᠮᠡᠷᠭᠡᠵᠢᠯ ᠤᠨ ᠲᠥᠷᠥᠯ ᠵᠦᠢᠯ ᠢ ᠠᠳᠠᠭ ᠲᠠᠭᠠᠨ  2᠎ ᠢ ᠡᠷᠡᠮᠡᠯᠵᠡᠯᠡᠨ᠎ᠡ᠃ ᠠᠷᠠᠯᠵᠢᠶᠠᠴᠢᠨ ᠤᠷᠢᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠬᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠳᠤ ᠰᠠᠭᠤᠷᠢᠯᠠᠨ᠂ ︽ᠠᠷᠠᠯᠵᠢᠶᠠᠴᠢᠨ ᠤᠷᠢᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠣᠨ︾᠎ ᠤ ᠠᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ︽ᠠᠯᠵᠠᠭᠤᠷᠠᠵᠤ ᠬᠤᠶᠢᠷᠭᠤᠰᠢᠬᠤ︾᠂ ︽ᠢᠳᠡᠵᠦ ᠠᠪᠬᠤ ᠭᠠᠴᠢᠬᠤ ᠨᠡᠬᠡᠬᠦ︾ ᠵᠡᠷᠭᠡ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠨᠥᠯᠦᠭᠡᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃ ︽ᠬᠤᠶᠠᠷ ᠥᠴᠦᠬᠡᠨ ᠴᠦ ᠭᠤᠶᠢᠪᠢᠰᠢ ᠦᠭᠡᠢ︾᠎ ᠶᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠠᠳᠠᠯᠢ ᠬᠠᠨᠳᠤᠵᠤ᠂ ᠲᠤᠮᠤ ᠳᠤᠮᠳᠠ ᠪᠠᠭ᠎ᠠ ᠠᠵᠤ ᠠᠬᠤᠶᠢᠯᠠᠯ ᠴᠥᠮ ᠡᠷᠬᠡ ᠲᠡᠭᠰᠢ ᠪᠠᠶᠢᠵᠤ᠂ ᠳᠠᠭᠠᠭᠠᠴᠢᠯᠠᠯᠲᠠ ᠦᠨᠡᠯᠡᠭᠡᠨ ᠤ ᠡᠷᠬᠡ ᠲᠡᠭᠰᠢ ᠶᠢ ᠪᠠᠲᠤᠯᠠᠵᠤ᠂ ᠠᠯᠤᠰ ᠠᠴᠠ ᠪᠣᠶᠣ ᠣᠨᠳᠣᠣ ᠭᠠᠵᠠᠷ ᠠᠴᠠ ᠳᠠᠭᠠᠭᠠᠴᠢᠯᠠᠯᠲᠠ ᠦᠨᠡᠯᠡᠭᠡ ᠬᠢᠬᠦ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠨᠡᠩ ᠡᠷᠬᠡ ᠲᠡᠭᠰᠢ ᠥᠷᠢᠰᠥᠯᠳᠦᠭᠡᠨ ᠤ ᠨᠥᠭᠦᠴᠡᠯ ᠢ ᠬᠠᠩᠭᠠᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠶᠠᠪᠤᠴᠠ ᠶᠢ ᠳᠦᠭᠦᠮᠴᠢᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ︽ᠰᠠᠭᠠᠳ ᠦᠭᠡᠢ ᠪᠠᠶᠢᠴᠠᠭᠠᠯᠲᠠ︾ ︽ᠬᠠᠮᠲᠤᠷᠠᠨ ᠪᠠᠶᠢᠴᠠᠭᠠᠬᠤ︾᠎ ᠶᠢ ᠬᠦᠴᠦᠲᠡᠢ ᠶᠠᠪᠤᠭᠳᠠᠭᠤᠯᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠠᠬᠢ ᠠᠰᠢᠭ ᠦᠭᠡᠶ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ︽ᠥᠨᠳᠥᠷ ᠪᠦᠲᠦᠮᠵᠢ ᠲᠠᠢ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ᠂ ᠠᠯᠢᠪᠠ ᠶᠠᠪᠤᠳᠠᠯ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠣᠷᠮ᠎ᠠ ᠎ ᠶᠢ 100 %᠎ ᠳᠤ ᠬᠦᠷᠭᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠥᠨᠳᠥᠷ ᠪᠦᠲᠦᠮᠵᠢ ᠲᠠᠢ ᠪᠣᠯᠭᠠᠬᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠪᠡᠯᠡ ᠣᠷᠣᠭᠤᠯᠤᠭᠴᠢᠳ ᠢ ᠰᠢᠯᠤᠭᠤᠨ ᠬᠥᠬᠡ ᠬᠤᠰᠢᠭᠤᠨ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠡᠳᠬᠢᠯ ᠠᠮᠤᠷ ᠬᠥᠭᠵᠢᠭᠦᠯᠦᠨ᠎ᠡ᠃      ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠴᠢᠳᠠᠮᠵᠢ ᠶᠢ ᠪᠦᠲᠦᠮᠵᠢᠲᠡᠶ ᠪᠠᠳᠠᠷᠠᠭᠤᠯᠤᠨ᠎ᠠ᠃ ︽ᠰᠢᠭᠤᠳ ᠨᠥᠬᠦᠪᠥᠷᠢᠯᠡᠵᠦ ᠲᠦᠷᠭᠡᠨ ᠭᠦᠢᠴᠡᠳᠬᠡᠬᠦ︾᠎ ᠶᠢ ᠠᠬᠢᠭᠤᠯᠵᠤ᠂ ᠵᠢᠯ ᠤᠨ ᠳᠣᠲᠣᠷ᠎ᠠ 550 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠨ᠎ᠠ᠃ ᠱᠠᠩᠳᠤ ᠠᠮᠢᠳᠤᠷᠠᠯ ᠤᠨ ᠠᠭᠤᠳᠠᠮ ᠲᠠᠯᠠᠪᠠᠢ ᠶᠢᠨ ᠦᠢᠯᠡᠰ ᠪᠣᠰᠬᠠᠨ ᠬᠦᠭᠵᠢᠬᠦᠯᠬᠦ ᠬᠦᠷᠢᠶᠡᠯᠡᠩ ᠎ ᠳᠤ ᠲᠦᠰᠢᠭᠯᠡᠨ᠂ ᠭᠤᠣᠯᠳᠠᠯᠭ᠎ᠠ ᠲᠠᠢ ᠣᠯᠠᠨ ᠲᠦᠮᠡᠨ ᠤ ᠦᠢᠯᠡᠰ ᠪᠣᠰᠬᠠᠬᠤ ᠶᠢ ᠠᠬᠢᠭᠤᠯᠤᠨ᠎ᠠ᠃ ︽ᠰᠢᠯᠤᠭᠤᠨ ᠬᠥᠬᠡ ᠬᠤᠰᠢᠭᠤᠨ ᠤ ᠰᠠᠭᠠᠯᠢᠴᠢᠨ︾᠂ ︽ᠴᠠᠬᠠᠷ ᠪᠣᠳᠠᠰ ᠤᠨ ᠪᠤᠰᠤ ᠰᠣᠶᠣᠯ ᠤᠨ ᠥᠪ ᠤᠨ ᠤᠷᠠᠴᠢᠨ︾᠎ ᠤ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠡᠮᠳᠡᠭ ᠤᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠴᠢᠭᠯᠡᠭᠦᠯᠦᠨ 800 ᠬᠥᠮᠦᠨ ᠤᠳᠠᠭ᠎ᠠ ᠠᠴᠠ ᠳᠡᠭᠡᠭᠰᠢ ᠲᠤᠬᠠᠶᠢᠯᠠᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠬᠦᠷᠲᠡᠭᠡᠨ᠎ᠡ᠃ ᠳᠠᠯᠳᠠ ᠬᠦᠴᠦᠨ ᠢ ᠠᠭᠤᠳᠠᠯᠠᠵᠤ ᠠᠵᠢᠯ ᠣᠯᠭᠤᠬᠤ ᠠᠷᠭ᠎ᠠ ᠵᠠᠮ ᠢ ᠥᠷᠭᠡᠵᠢᠭᠦᠯᠦᠨ᠎ᠡ᠃ 5 ᠬᠦᠳᠡᠯᠮᠦᠷᠢ ᠪᠠᠷ ᠣᠷᠣᠯᠭ᠎ᠠ ᠡᠭᠦᠳᠬᠦ ᠲᠥᠷᠥᠯ ᠵᠦᠶᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠦᠳᠦᠬᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠠᠩᠭᠠᠮᠵᠢᠲᠠᠢ ᠬᠦᠳᠡᠯᠮᠦᠷᠢ ᠬᠦᠴᠦᠨ ᠬᠠᠩᠭᠠᠨ᠎ᠠ᠂ ᠵᠢᠯ ᠤᠨ ᠳᠣᠲᠣᠷ᠎ᠠ 5000᠎ ᠠᠴᠠ ᠳᠡᠭᠡᠭᠰᠢ ᠠᠵᠢᠯ ᠤᠨ ᠪᠠᠶᠢᠷᠢ ᠪᠣᠢ ᠪᠣᠯᠭᠠᠵᠤ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠦᠮᠦᠨ ᠤ ᠲᠤᠭ᠎ᠠ ᠶᠢ 580᠎ ᠠᠴᠠ ᠳᠡᠭᠡᠭᠰᠢ ᠬᠦᠷᠭᠡᠵᠦ᠂ 5200 ᠮᠠᠯᠴᠢᠨ ᠲᠠᠷᠢᠶᠠᠴᠢᠨ ᠳᠤ ᠠᠵᠢᠯ ᠤᠨ ᠪᠠᠶᠢᠷᠢ ᠣᠯᠭᠤᠨ᠎ᠠ᠃ ᠣᠯᠠᠨ ᠵᠦᠢᠯ ᠤᠨ ᠠᠷᠭ᠎ᠠ ᠪᠣᠳᠣᠯᠭ᠎ᠠ ᠪᠠᠷ ᠠᠵᠢᠯ ᠣᠯᠭᠤᠯᠲᠠ ᠶᠢ ᠠᠬᠢᠭᠤᠯᠤᠨ᠎ᠠ᠃ ︽1131︾ ᠦᠢᠯᠡᠴᠢᠯᠡᠭᠡᠨ ᠤ ᠳᠠᠪᠴᠠᠩ ᠢᠶᠠᠷ ᠳᠣᠣᠷ᠎ᠠ ᠪᠠᠲᠤᠯᠠᠭᠠᠲᠤ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠵᠡᠮᠳᠡᠭ ᠲᠡᠭᠦᠰᠦᠭᠰᠡᠳ ᠵᠢᠴᠢ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠠᠯᠠᠭᠤᠴᠤᠳ ᠲᠤ ᠴᠢᠭᠯᠡᠭᠦᠯᠦᠨ᠂ ︽ᠨᠢᠭᠡ ᠬᠥᠮᠦᠨ ᠳᠤ ᠨᠢᠭᠡ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ︾᠎ ᠶᠢ ᠬᠡᠷᠡᠭᠵᠢᠭᠦᠯᠵᠦ᠂ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠪᠡᠶᠡᠯᠡᠭᠦᠯᠦᠨ᠎ᠡ᠃ ᠲᠣᠰ ᠵᠢᠯ ᠳᠤ ᠰᠤᠯᠠ ᠠᠵᠢᠯ ᠤᠨ ᠣᠯᠭᠤᠬᠤ ᠥᠷᠲᠡᠭᠡ ᠶᠢ 2᠎ ᠶᠢ ᠰᠢᠨ᠎ᠡ ᠪᠠᠷ ᠪᠠᠶᠢᠭᠤᠯᠤᠨ᠎ᠠ᠃ ᠶᠠᠳᠠᠭᠤ ᠠᠴᠠ ᠠᠩᠬᠢᠵᠢᠷᠠᠭᠰᠠᠨ 550 ᠭᠠᠷᠤᠢ ᠬᠦᠮᠦᠨ ᠳᠤ ᠬᠦᠯᠦᠰᠦᠨ ᠠᠵᠢᠯ ᠤᠨ ᠪᠠᠶᠢᠷᠢ ᠬᠠᠩᠭᠠᠨ᠎ᠠ᠃ ᠨᠤᠲᠤᠭ ᠪᠤᠴᠠᠭᠰᠠᠨ ᠤᠶᠤᠲᠠᠳ ᠲᠤ ᠵᠣᠷᠢᠭᠤᠯᠤᠨ ᠭᠤᠷᠪᠠᠨ ᠵᠢᠯ ᠤᠨ ᠬᠤᠭᠤᠴᠠᠭ᠎ᠠ ᠎ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 60 ᠠᠵᠢᠯ ᠤᠨ ᠪᠠᠶᠢᠷᠢ ᠶᠢ ᠭᠠᠷᠭᠠᠵᠤ᠂ ᠭᠤᠷᠪᠠ ᠶᠢ ᠳᠡᠮᠵᠢᠵᠦ ᠨᠢᠭᠡ ᠶᠢ ᠲᠡᠳᠬᠦᠬᠦ᠂ ᠨᠡᠶᠢᠭᠡᠮ ᠲᠣᠭᠤᠷᠢᠭ ᠤᠨ ᠠᠵᠢᠯᠲᠠᠨ᠂ ᠴᠢᠳᠠᠪᠤᠷᠢᠲᠠᠨ ᠤ ᠨᠥᠭᠡᠴᠡ ᠭᠡᠬᠦ ᠮᠡᠲᠦ ᠶᠢᠨ 45 ᠠᠵᠢᠯ ᠤᠨ ᠪᠠᠶᠢᠷᠢ ᠶᠢ ᠬᠠᠩᠭᠠᠨ᠎ᠠ᠃      ᠤᠰᠤ ᠠᠷᠪᠢᠯᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠥᠷᠨᠢᠬᠦᠯᠦᠨ᠎ᠡ᠃ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢ ᠠᠬᠢᠭᠤᠯᠤᠨ᠎ᠠ᠃ ︽ᠤᠰᠤᠨ ᠤ ᠬᠡᠮᠵᠢᠶ᠎ᠡ ᠪᠠᠷ ᠭᠠᠵᠠᠷ ᠲᠣᠭᠲᠠᠭᠠᠵᠤ᠂ ᠴᠢᠳᠠᠯ ᠤᠨ ᠬᠢᠷᠢ ᠪᠠᠷ ᠬᠢᠬᠦ︾ ᠵᠠᠷᠴᠢᠮ ᠢ ᠪᠠᠷᠢᠮᠲᠠᠯᠠᠨ᠂ ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 3 ᠲᠦᠮᠡᠨ ᠮᠥ ᠰᠢᠨ᠎ᠡ ᠪᠠᠷ ᠪᠠᠶᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0 . 763᠎ ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ 31 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠬᠤ ᠶᠢ ᠪᠡᠶᠡᠯᠡᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠎ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤ ᠶᠢ ᠡᠷᠴᠢᠮᠵᠢᠭᠦᠯᠦᠨ ᠠᠷᠪᠢᠯᠠᠨ᠎ᠠ᠃ ᠠᠵᠤ ᠦᠶᠯᠡᠳᠪᠦᠷᠢ ᠎ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ᠂ ᠠᠵᠤ ᠦᠶᠯᠡᠳᠪᠦᠷᠢ ᠶᠢᠨ ᠤᠷ᠎ᠠ ᠮᠡᠷᠭᠡᠰᠢᠯ ᠪᠠ ᠲᠥᠬᠦᠭᠡᠷᠦᠮᠵᠢ ᠶᠢᠨ ᠤᠰᠤ ᠠᠷᠪᠢᠯᠠᠬᠤ ᠦᠨᠡᠯᠡᠯᠲᠡ ᠬᠢᠬᠦ ᠶᠢ ᠵᠣᠷᠢᠭᠵᠢᠭᠤᠯᠵᠤ᠂ ᠠᠵᠤ ᠦᠶᠯᠡᠳᠪᠦᠷᠢ ᠶᠢᠨ ᠤᠰᠤᠨ ᠤ ᠠᠰᠢᠭᠯᠠᠮᠵᠢ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠲᠦᠮᠡᠨ ᠲᠥᠭᠦᠷᠢᠭ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 5 %᠎ ᠪᠠᠷ ᠪᠠᠭᠤᠷᠠᠭᠤᠯᠤᠨ᠎ᠠ᠃ ᠠᠵᠤ ᠦᠢᠯᠡᠳᠪᠦᠷᠢ᠂ ᠲᠠᠷᠢᠶᠠᠯᠠᠩ᠂ ᠨᠣᠭᠤᠭᠠᠷᠠᠭᠤᠯᠤᠯᠲᠠ ᠎ ᠶᠢᠨ ᠠᠵᠢᠯ ᠳᠤ ᠴᠡᠪᠡᠷᠰᠢᠬᠦᠯᠦᠭᠰᠡᠨ ᠤᠰᠤ ᠶᠢ ᠬᠡᠷᠡᠭᠯᠡᠬᠦ ᠶᠢ ᠳᠠᠮᠵᠢᠨ᠂ ᠴᠡᠪᠡᠷᠰᠢᠬᠦᠯᠦᠭᠰᠡᠨ ᠤᠰᠤ ᠶᠢ ᠠᠰᠢᠭᠯᠠᠬᠤ ᠬᠡᠮᠵᠢᠶ᠎ᠡ ᠶᠢ 200 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ ᠪᠠᠶᠢᠯᠭᠠᠨ᠂ ᠪᠣᠬᠢᠷ ᠤᠰᠤᠨ ᠤ ᠳᠠᠬᠢᠨ ᠠᠰᠢᠭᠯᠠᠯᠲᠠ ᠶᠢᠨ ᠨᠣᠷᠮ᠎ᠠ ᠶᠢ 70 %᠎ ᠠᠴᠠ ᠳᠡᠭᠡᠭᠰᠢ ᠳᠤ ᠬᠦᠷᠭᠡᠨ᠎ᠡ᠃ ᠬᠤᠪᠢ ᠶᠢᠨ ᠬᠤᠳᠳᠤᠭ ᠢ ᠪᠠᠶᠢᠴᠠᠭᠠᠬᠤ ᠠᠵᠢᠯ ᠎ ᠢ ᠵᠣᠬᠢᠶᠠᠨ ᠪᠠᠶᠢᠭᠤᠯᠵᠤ ᠥᠷᠨᠢᠭᠦᠯᠦᠨ᠂ ᠰᠠᠭᠤᠷᠢ ᠲᠤᠭ᠎ᠠ ᠶᠢ ᠳᠣᠲᠣᠯᠠᠵᠤ᠂ ᠨᠠᠷᠢᠨ ᠳᠠᠩᠰᠠᠯᠠᠨ ᠬᠠᠮᠢᠶᠠᠷᠴᠤ᠂ ᠬᠦᠷᠢᠶᠡᠯᠡᠩ ᠲᠣᠭᠤᠷᠢᠭ ᠤᠨ ᠳᠣᠲᠣᠷ᠎ᠠ ᠪᠠ ᠲᠥᠪᠯᠡᠷᠡᠩᠭᠦᠢ ᠤᠰᠤᠨ ᠬᠠᠩᠭᠠᠯᠭ᠎ᠠ ᠶᠢ ᠪᠡᠶᠡᠯᠡᠭᠦᠯᠦᠭᠰᠡᠨ ᠠᠲᠠᠯ᠎ᠠ ᠮᠥᠨ ᠬᠤᠪᠢ ᠶᠢᠨ ᠬᠤᠳᠳᠤᠭ ᠢᠶᠠᠨ ᠬᠡᠷᠡᠭᠯᠡᠵᠦ ᠪᠠᠶᠢᠬᠤ ᠪᠠᠶᠢᠳᠠᠯ ᠢ ᠬᠤᠷᠢᠭᠯᠠᠨ ᠵᠣᠭᠰᠣᠭᠠᠨ᠎ᠠ᠃ ᠪᠦᠬᠦ ᠠᠷᠠᠳ ᠢᠶᠠᠷ ᠢᠶᠠᠨ ᠤᠰᠤ ᠠᠷᠪᠢᠯᠠᠨ ᠭᠠᠮᠨᠠᠬᠤ ᠶᠢ ᠠᠬᠢᠭᠤᠯᠤᠨ᠎ᠠ᠃ ᠤᠰᠤᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠪᠠ ᠬᠠᠮᠠᠭᠠᠯᠠᠯᠲᠠ ᠎ ᠶᠢ ᠴᠢᠩᠭᠠᠳᠬᠠᠵᠤ᠂ ︽ᠨᠡᠪᠴᠢᠬᠦ ᠭᠤᠭᠤᠵᠢᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠢᠯ ᠤᠨ ᠳᠣᠲᠣᠷ᠎ᠠ 47. 7 ᠺᠢᠯᠤᠮᠧᠲᠷ ᠤᠰᠤᠨ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠵᠤ᠂ ᠬᠤᠲᠠ ᠶᠢᠨ ᠤᠰᠤᠨ ᠬᠤᠭᠤᠯᠠᠢ ᠶᠢᠨ ᠲᠣᠣᠷ ᠎ ᠤᠨ ᠭᠤᠭᠤᠵᠢᠵᠤ ᠰᠦᠢᠳᠬᠦ ᠨᠣᠷᠮ᠎ᠠ ᠶᠢ 9 %᠎ ᠪᠠᠷ ᠬᠢᠵᠠᠭᠠᠷᠯᠠᠬᠤ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠩᠭᠦᠢ ᠤᠰᠤ ᠬᠠᠩᠭᠠᠬᠤ ᠬᠡᠮᠵᠢᠯᠲᠡ ᠶᠢᠨ ᠲᠦᠭᠦᠭᠡᠷᠦᠮᠵᠢ ᠶᠢ ᠤᠭᠰᠠᠷᠠᠬᠤ ᠪᠠ ᠰᠣᠯᠢᠬᠤ ᠠᠵᠢᠯ ᠢ ᠠᠯᠬᠤᠮ ᠠᠯᠬᠤᠮ ᠢᠶᠠᠷ ᠰᠠᠶᠢᠲᠤᠷ ᠬᠢᠵᠦ᠂ ᠤᠰᠤ ᠶᠢ ᠠᠷᠪᠢᠯᠠᠨ ᠬᠡᠷᠡᠭᠯᠡᠬᠦ ᠤᠬᠠᠭᠤᠯᠭ᠎ᠠ ᠶᠢ ᠴᠢᠩᠭᠠᠳᠬᠠᠵᠤ᠂ ︽ᠤᠰᠤ ᠶᠢ ᠨᠠᠨᠳᠢᠩᠨᠠᠨ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ︾ ᠥᠨᠢᠷ ᠥᠳᠬᠡᠨ ᠠᠭᠤᠷ ᠠᠮᠢᠰᠬᠤᠯ ᠢ ᠪᠣᠶ ᠪᠣᠯᠭᠠᠨ᠎ᠠ᠃      ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠭᠠᠳᠠᠭᠠᠳᠤ ᠳᠠᠭᠠᠨ ᠬᠠᠮᠲᠤᠷᠠᠯᠴᠠᠭ᠎ᠠ ᠰᠣᠯᠢᠯᠴᠠᠭ᠎ᠠ ᠶᠢ ᠥᠷᠭᠡᠳᠬᠡᠨ᠎ᠡ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠡᠯ᠎ᠡ ᠵᠦᠶᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠤᠳᠠᠯ ᠥᠬᠡᠶ ᠨᠡᠶᠢᠲᠡᠯᠡᠬᠦ ᠪᠠᠷ ᠪᠠᠶᠢᠭ᠎ᠠ ᠭᠤᠤᠯᠳᠠᠯᠭ᠎ᠠ ᠲᠠᠢ ᠠᠵᠤ ᠦᠶᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ ᠢ ᠰᠠᠶᠢᠲᠤᠷ ᠠᠩᠬᠠᠷᠴᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠬᠤ ᠬᠦᠴᠦᠯᠡᠴᠡ ᠪᠠ ᠡᠯ᠎ᠡ ᠠᠵᠢᠯ ᠲᠥᠷᠥᠯ ᠤᠨ ᠬᠦᠷᠢᠶᠡᠨ ᠤ ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ ᠳᠠᠶᠢᠴᠢᠯᠠᠵᠤ᠂ ᠬᠡᠯᠬᠢᠶ᠎ᠡ ᠪᠠᠶᠢᠭᠤᠯᠵᠤ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠤᠷᠲᠤᠳᠬᠠᠬᠤ ᠶᠢ ᠪᠠᠷᠢᠮᠲᠠᠯᠠᠵᠤ᠂ ᠴᠢᠨᠠᠷᠵᠢᠭᠤᠨ ᠲᠥᠷᠥᠯ ᠵᠦᠶᠯ ᠢ ᠣᠷᠣᠭᠤᠯᠤᠨ ᠠᠪᠴᠢᠷᠠᠬᠤ ᠶᠢ ᠪᠠᠷᠢᠮᠳᠠᠯᠠᠵᠤ᠂ ᠪᠦᠬᠦ ᠵᠢᠯ ᠳᠤ ᠤᠷᠢᠨ ᠠᠪᠴᠢᠷᠠᠬᠤ ᠪᠡᠯᠡ ᠮᠥᠩᠭᠦ ᠶᠢ 10 % ᠎ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠲᠤᠭ᠎ᠠ ᠶᠢ 5 %᠎ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠳᠣᠲᠣᠭᠠᠳᠤ ᠳᠠᠭᠠᠨ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ ︽ᠬᠠᠷᠢᠴᠠᠭᠠᠨ ᠤ ᠲᠣᠣᠷ︾᠎ ᠢ ᠪᠠᠶᠢᠭᠤᠯᠤᠨ᠎ᠠ᠃ ᠡᠷᠭᠢᠨ ᠲᠣᠭᠤᠷᠢᠨ ᠤ ᠬᠤᠰᠢᠭᠤ ᠰᠢᠶᠠᠨ ᠯᠤᠭ᠎ᠠ ᠬᠠᠷᠢᠴᠠᠭ᠎ᠠ ᠪᠠᠨ ᠴᠢᠩᠭᠠᠳᠬᠠᠨ᠂ ᠨᠥᠬᠦᠷᠰᠡᠭ ᠢᠶᠠᠷ ᠬᠢᠯᠢ ᠳᠠᠭᠠᠤ ᠬᠤᠰᠢᠭᠤ ᠰᠢᠶᠠᠨ ᠯᠤᠭ᠎ᠠ ︽ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠲᠦᠰᠦᠪ ᠎ ᠤᠨ ᠬᠡᠯᠡᠯᠴᠡᠭᠡᠷ︾᠎ ᠢ ᠲᠣᠭᠲᠠᠵᠤ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠠᠰᠢᠭ ᠬᠦᠷᠲᠡᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠲᠠᠯ᠎ᠠ ᠪᠠᠷ᠂ ᠬᠠᠮᠲᠤᠪᠠᠷ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠢ ᠪᠣᠯᠭᠠᠵᠤ᠂ ᠰᠠᠭᠠᠳ ᠥᠬᠡᠶ ᠵᠢᠭᠤᠯᠴᠢᠯᠠᠯ ᠤᠨ ᠣᠷᠣᠨ ᠢ ᠬᠦᠴᠦᠯᠡᠨ ᠪᠠᠶᠢᠭᠤᠯᠵᠤ᠂ ᠵᠢᠭᠤᠯᠴᠢᠯᠠᠯ ᠤᠨ ᠤᠬᠠᠭᠤᠯᠭ᠎ᠠ ᠪᠠᠷ ᠪᠣᠷᠣᠯᠠᠭᠤᠯᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢ ᠴᠢᠩᠭᠠᠳᠬᠠᠵᠤ᠂ ᠬᠤᠰᠢᠭᠤ ᠰᠢᠶᠠᠨ ᠬᠠᠷᠢᠯᠴᠠᠨ ᠤᠬᠠᠭᠤᠯᠬᠤ᠂ ᠦᠵᠡᠮᠵᠢ ᠶᠢᠨ ᠣᠷᠣᠨ ᠬᠠᠷᠢᠯᠴᠠᠨ ᠨᠡᠪᠲᠡᠷᠡᠯᠴᠡᠬᠦ᠂ ᠵᠣᠴᠢᠳ ᠤᠨ ᠢᠷᠡᠯᠲᠡ ᠪᠠᠨ ᠬᠠᠷᠢᠯᠴᠠᠨ ᠰᠣᠯᠢᠯᠴᠠᠬᠤ᠂ ᠰᠣᠶᠣᠯ ᠤᠨ ᠠᠭᠤᠰᠤᠯᠴᠠᠯ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠵᠤ ᠠᠬᠤᠢ ᠶᠢᠨ ᠬᠡᠯᠪᠡᠷᠢ ᠬᠤᠪᠢᠷᠠᠯᠲᠠ ᠶᠢᠨ ᠲᠠᠯ᠎ᠠ ᠪᠠᠷ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠲᠣᠭᠤᠷᠢᠨ ᠎ ᠳᠤ ᠤᠯᠠᠨ ᠲᠠᠯ᠎ᠠ ᠶᠢᠨ ᠬᠠᠮᠲᠤᠷᠠᠯᠴᠠᠭ᠎ᠠ ᠥᠷᠨᠢᠬᠦᠯᠵᠦ᠂ ᠵᠥᠷᠢᠶᠡᠲᠦ ᠬᠥᠭᠵᠢᠯᠲᠡ᠂ ᠬᠠᠮᠲᠤ ᠪᠠᠷ ᠠᠰᠢᠭ ᠬᠦᠷᠳᠡᠬᠦ ᠠᠵᠤ ᠦᠢᠯᠡᠰ ᠤᠨ ᠬᠠᠮᠵᠢᠯᠴᠠᠭᠠᠨ ᠤ ᠪᠠᠶᠢᠷᠢᠰᠢᠯ ᠢ ᠢᠳᠡᠪᠬᠢᠲᠡᠢ ᠪᠠᠶᠢᠭᠤᠯᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠎ ᠶᠢᠨ ᠲᠠᠯ᠎ᠠ ᠪᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠢᠨᠵᠧᠨᠧᠷᠢᠩ ᠤᠨ ᠡᠯ᠎ᠡ ᠵᠦᠶᠯ ᠤᠨ ᠬᠠᠷᠠᠯᠲᠠ ᠡᠭᠦᠷᠭᠡ ᠎ ᠶᠢᠨ ᠲᠣᠭᠤᠷᠢᠨ ᠳᠤ᠂ ᠮᠡᠷᠭᠡᠵᠢᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠴᠢᠬᠢ ᠮᠣᠳᠣ ᠪᠣᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠣᠶ ᠰᠢᠭᠤᠶ ᠡᠯᠡᠰᠦᠨ ᠤ ᠠᠵᠤ ᠦᠶᠯᠡᠰ ᠤᠨ ᠬᠡᠯᠬᠢᠶ᠎ᠡ ᠶᠢ ᠬᠠᠷᠢᠯᠴᠠᠨ ᠨᠡᠪᠲᠡᠷᠡᠭᠦᠯᠬᠦ ᠪᠠᠷ ᠭᠠᠷᠳᠠᠴᠠ ᠪᠣᠯᠭᠠᠵᠤ᠂ ᠣᠷᠣᠨ ᠪᠦᠰᠡ ᠶᠢᠨ ᠣᠶ ᠰᠢᠭᠤᠶ ᠡᠪᠡᠰᠦᠨ ᠤ ᠠᠵᠤ ᠦᠶᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃      ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠥᠷᠨᠢᠬᠦᠯᠦᠨ᠎ᠡ᠃ ᠤᠬᠠᠭᠤᠯᠤᠨ ᠲᠠᠶᠢᠯᠪᠤᠷᠢᠯᠠᠯᠲᠠ ᠶᠢᠨ ᠠᠵᠢᠯ ᠢ ᠰᠠᠶᠢᠲᠤᠷ ᠬᠢᠨ᠎ᠡ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠵᠡᠷᠭᠡ ᠠᠮᠢᠳᠤᠯᠢᠭ ᠵᠢᠱᠢᠶ᠎ᠡ ᠶᠢ ᠡᠯᠰᠡᠨ ᠴᠤᠭᠯᠠᠭᠤᠯᠬᠤ ᠪᠠ ᠰᠤᠳᠤᠯᠬᠤ ᠠᠵᠢᠯ ᠢ ᠭᠦᠨᠵᠡᠭᠡᠶ ᠥᠷᠨᠢᠭᠦᠯᠵᠦ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ᠂ ᠮᠦᠽᠧᠶ᠂ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠳᠤᠷᠠᠰᠬᠠᠯ ᠤᠨ ᠣᠷᠳᠣᠨ ᠵᠡᠷᠭᠡ ᠲᠠᠯᠠᠪᠤᠷ ᠢ ᠰᠠᠶᠢᠲᠤᠷ ᠠᠰᠢᠭᠯᠠᠵᠤ᠂ ᠤᠮᠠᠷᠠᠲᠤ ᠬᠢᠵᠠᠭᠠᠷ ᠤᠨ ᠰᠣᠶᠣᠯ ᠢ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠎ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠵᠢᠯ ᠤᠨ ᠳᠣᠲᠤᠷ᠎ᠠ ᠮᠢᠩᠷᠤᠯ ᠰᠦᠮ᠎ᠡ ᠶᠢ ᠵᠠᠰᠠᠨ ᠰᠡᠯᠪᠢᠵᠤ ᠳᠠᠭᠤᠰᠬᠠᠨ᠎ᠠ᠃ ᠬᠤᠲᠠ ᠲᠣᠭᠤᠷᠢᠭ ᠤᠨ ᠵᠡᠭᠡᠯᠢ ᠭᠤᠳᠤᠮᠵᠢ᠂ ᠴᠡᠴᠡᠷᠯᠢᠭ ᠠᠭᠤᠳᠠᠮ ᠲᠠᠯᠠᠪᠠᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠡᠯ᠎ᠡ ᠲᠥᠷᠥᠯ ᠤᠨ ᠰᠠᠮᠪᠠᠷ᠎ᠠ ᠢᠯᠡᠷᠬᠡᠶᠢᠯᠡᠯ ᠳᠤ ᠶᠤᠸᠠᠨ ᠤ ᠳᠡᠭᠡᠲᠦ ᠨᠡᠶᠢᠰᠯᠡᠯ ᠤᠨ ᠪᠠᠭᠤᠷᠢ ᠶᠢᠨ ᠰᠣᠶᠣᠯ ᠠᠭᠤᠯᠤᠭᠳᠠᠬᠤᠨ ᠢ ᠰᠢᠩᠭᠡᠭᠡᠵᠦ᠂ ᠶᠤᠸᠠᠨ ᠤ ᠳᠡᠭᠡᠳᠦ ᠨᠡᠶᠢᠰᠯᠡᠯ ᠤᠨ ᠨᠡᠷ᠎ᠡ ᠠᠯᠳᠠᠷ ᠢ ᠳᠠᠭᠤᠷᠢᠰᠬᠠᠨ᠎ᠠ᠃ ᠶᠤᠸᠠᠨ ᠤ ᠳᠡᠭᠡᠲᠦ ᠨᠡᠶᠢᠰᠯᠡᠯ ᠤᠨ ᠪᠠᠭᠤᠷᠢ ᠶᠢ ᠬᠠᠮᠠᠭᠠᠯᠠᠨ ᠬᠠᠮᠢᠶᠠᠷᠴᠤ ᠬᠦᠭᠵᠢᠬᠦᠯᠦᠨ᠂ ᠤᠬᠠᠭᠤᠯᠤᠨ ᠲᠠᠶᠢᠯᠪᠤᠷᠢᠯᠠᠬᠤ 5 ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ 8 ᠲᠥᠷᠥᠯ ᠵᠦᠢᠯ ᠢ ᠲᠥᠰᠦᠪᠯᠡᠵᠦ ᠬᠡᠷᠡᠭᠵᠢᠭᠦᠯᠬᠦ ᠲᠠᠯ᠎ᠠ ᠪᠠᠷ ᠳᠡᠭᠡᠲᠦ ᠱᠠᠲᠤᠨ ᠤ ᠳᠡᠮᠵᠢᠯᠭᠡ ᠶᠢ ᠡᠷᠡᠮᠡᠯᠵᠡᠯᠡᠨ ᠣᠯᠵᠤ ᠲᠦᠷᠭᠡᠨ ᠨᠠᠶᠢᠳᠠᠪᠤᠷᠢᠵᠢᠭᠤᠯᠤᠨ᠎ᠠ᠃ ︽ᠠᠵᠠ ᠵᠢᠷᠭᠠᠯᠲᠤ ᠲᠤᠮᠳᠠᠲᠤ ᠤᠯᠤᠰ — ᠲᠤᠮᠤ ᠬᠦᠷᠦᠨ ᠤ ᠪᠠᠶᠠᠷ︾᠂ ︽ᠮᠸᠢ ᠢ ᠶᠢᠨ ᠠᠶᠠᠯᠠᠯ︾ ᠵᠡᠷᠭᠡ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠶᠠᠪᠤᠭᠳᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠎ ᠤ ᠴᠠᠭᠠᠨ ᠢᠳᠡᠭᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠪᠦᠬᠦ ᠬᠦᠴᠦᠨ ᠢᠶᠠᠷ ᠡᠭᠦᠳᠦᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ ᠰᠣᠳᠣᠨ ᠪᠦᠲᠦᠭᠡᠯ ᠵᠣᠬᠢᠶᠠᠨ ᠪᠦᠲᠦᠭᠡᠬᠦ ᠠᠵᠢᠯ ᠢ ᠰᠠᠶᠢᠲᠤᠷ ᠬᠢᠨ᠎ᠡ᠃ ᠤᠯᠠᠭᠠᠨᠮᠥ᠋ᠴᠢᠷ ᠤᠨ ︽ᠨᠡᠶᠢᠲᠡ ᠶᠢᠨ ᠬᠠᠯᠠᠮᠵᠢ + ᠵᠠᠬ᠎ᠠ ᠳᠡᠯᠭᠡᠭᠦᠷᠴᠢᠯᠡᠯᠲᠡ︾᠎ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠠᠬᠢᠭᠤᠯᠵᠤ᠂ ᠥᠷᠭᠡᠨ ᠣᠯᠠᠨ ᠤᠳᠬ᠎ᠠ ᠤᠷᠠᠯᠢᠭᠴᠢᠳ ᠢ ᠬᠦᠲᠦᠯᠦᠨ ᠳᠠᠶᠢᠴᠢᠯᠠᠵᠤ᠂ ᠰᠢᠯᠤᠭᠤᠨ ᠬᠥᠬᠡ ᠬᠤᠰᠢᠭᠤᠨ ᠤ ᠰᠠᠶᠢᠨ ᠰᠠᠶᠢᠬᠠᠨ ᠳᠦᠷᠢ ᠲᠥᠷᠬᠦ᠂ ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠢᠯᠡᠭᠦᠦ ᠬᠠᠷᠠᠭᠤᠯᠤᠭᠰᠠᠨ᠂ ᠤᠮᠠᠷᠠᠲᠤ ᠬᠢᠵᠠᠭᠠᠷ ᠤᠨ ᠰᠤᠶᠤᠯ ᠢ ᠲᠤᠳᠤᠷᠠᠭᠤᠯᠤᠭᠰᠠᠨ ᠰᠤᠳᠤᠨ ᠪᠦᠲᠦᠭᠡᠯ ᠤᠳ ᠵᠣᠬᠢᠶᠠᠨ ᠪᠦᠲᠦᠭᠡᠨ᠎ᠡ᠃ ᠵᠢᠯ ᠤᠨ ᠳᠣᠲᠤᠷ᠎ᠠ 30 ᠭᠠᠷᠤᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ 100 ᠭᠠᠷᠤᠢ ᠤᠳᠠᠭᠠᠨ ᠤ ᠲᠣᠭᠯᠠᠯᠲᠠ ᠶᠢ ᠵᠣᠬᠢᠶᠠᠨ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠠᠭᠤᠰᠤᠯᠴᠠᠯ ᠬᠠᠮᠵᠢᠯᠴᠠᠯ ᠢ ᠰᠠᠶᠢᠲᠤᠷ ᠶᠠᠪᠤᠭᠳᠠᠭᠤᠯᠤᠨ᠎ᠠ᠃ ᠲᠠᠯ᠎ᠠ ᠨᠤᠲᠤᠭ ᠤᠨ ᠬᠤᠪᠢᠰᠬᠠᠯ ᠎ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ ᠪᠣᠯᠪᠠᠰᠤᠷᠠᠭᠤᠯᠵᠤ᠂ ᠴᠠᠭᠠᠨ ᠢᠳᠡᠭᠡ᠂ ᠮᠣᠩᠭᠤᠯ ᠬᠤᠪᠴᠠᠰᠤ ᠵᠠᠰᠠᠯ᠂ ᠴᠠᠬᠠᠷ ᠪᠤᠷᠭᠠᠰᠤᠨ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠬᠤᠯᠠᠨ ᠰᠢᠷᠭ᠎ᠠ ᠲᠠᠭ᠎ᠠ ᠶᠢᠨ ᠮᠠᠩᠬᠠᠨ ᠤ ᠦᠬᠡᠷ ᠤᠨ ᠮᠢᠬ᠎ᠠ︾᠂ ︽ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡ︾᠂ ︽ᠠᠯᠲᠠᠩᠬᠤᠸ᠎ᠠ︾ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ 20 ᠭᠠᠷᠤᠢ ᠵᠦᠢᠯ ᠤᠨ ︽ᠰᠢᠯᠤᠭᠤᠨ ᠬᠥᠬᠡ ᠶᠢᠨ ᠣᠨᠴᠠᠯᠢᠭᠲᠤ ᠪᠦᠳᠦᠭᠡᠭᠳᠡᠭᠦᠨ︾᠎ ᠢ ᠨᠡᠭᠡᠭᠡᠨ ᠬᠦᠭᠵᠢᠬᠦᠯᠦᠨ᠎ᠡ᠃ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠭᠠᠳᠤᠯᠬᠤ ᠪᠠᠷᠲᠠᠭᠠᠲᠤ ᠠᠶᠠᠯᠠᠯ᠂ ᠠᠷᠠᠳ ᠤᠨ ᠰᠠᠭᠤᠴᠠ ᠬᠡᠭᠡᠷ᠎ᠡ ᠬᠤᠨᠣᠭᠯᠠᠯ ᠵᠢᠴᠢ ᠠᠮᠠᠷᠠᠯᠲᠠ᠂ ︽ᠨᠡᠭᠦᠳᠡᠯ ᠤᠨ ᠰᠢᠪᠠᠭᠤ︾ ᠮᠠᠶ᠋ᠢᠭ ᠤᠨ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ ᠵᠡᠷᠭᠡ ᠡᠯ᠎ᠡ ᠲᠥᠷᠥᠯ ᠤᠨ ᠵᠢᠭᠤᠯᠴᠢᠯᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠶᠢᠭᠤᠯᠵᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠰᠢᠯᠤᠭᠤᠨ ᠬᠥᠬᠡ ᠬᠤᠰᠢᠭᠤᠨ ᠤ ᠨᠡᠷ᠎ᠡ ᠠᠯᠳᠠᠷ ᠢ ᠳᠡᠭᠡᠭᠰᠢᠯᠡᠭᠦᠯᠦᠨ᠎ᠡ᠃      ︵ᠬᠤᠶᠠᠷ︶ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠎ ᠶᠢ ᠪᠠᠷᠢᠮᠲᠠᠯᠠᠨ᠂ ᠬᠤᠲᠠ ᠬᠥᠳᠡᠭᠡ ᠶᠢᠨ ᠠᠭᠤᠰᠤᠯᠴᠠᠯ ᠢ ᠬᠦᠴᠦᠲᠡᠢ ᠲᠦᠯᠬᠢᠨ ᠠᠬᠢᠭᠤᠯᠤᠨ᠎ᠠ      ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠳᠤ ᠬᠦᠴᠦ ᠪᠠᠨ ᠲᠥᠪᠯᠡᠷᠡᠭᠦᠯᠦᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠎ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠬᠤᠭᠤᠯᠠᠢ ᠶᠢ 40 ᠺᠢᠯᠤᠮᠧᠲᠷ ᠥᠭᠡᠷᠡᠴᠢᠯᠡᠨ ᠵᠠᠰᠠᠬᠤ ᠪᠠᠷ ᠲᠥᠯᠥᠪᠯᠡᠵᠦ ᠪᠣᠢ᠃ ᠱᠠᠩᠳᠤ ᠪᠠᠯᠭᠠᠰᠤᠨ ᠤ ᠬᠤᠭᠤᠯᠠᠨ ᠭᠡᠷ ᠤᠨ ᠬᠤᠭ ᠨᠣᠪᠰᠢ ᠵᠢᠴᠢ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ᠂ ᠤᠷᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠵᠦ ᠰᠢᠲᠠᠭᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ 41.4 ᠺᠢᠯᠤᠮᠧᠲᠷ ᠤᠨ ᠮᠠᠩᠬᠠᠨ ᠤ ᠵᠠᠰᠠᠮᠠᠯ ᠵᠠᠮ ᠢ ᠵᠠᠰᠠᠵᠤ ᠂ 150 ᠺᠢᠯᠤᠮᠧᠲᠷ ᠤᠨ ᠬᠥᠳᠡᠭᠡᠨ ᠤ ᠵᠠᠮ ᠢ ᠠᠷᠠᠴᠢᠯᠠᠨ ᠬᠠᠮᠠᠭᠠᠯᠠᠨ᠎ᠠ᠃ ᠵᠢᠭᠠᠰᠤᠲᠠᠢ ᠠᠴᠠ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠲᠠᠪᠤᠳᠤᠭᠠᠷ ᠬᠤᠪᠢᠶᠠᠷᠢ ᠲᠠᠯᠠᠪᠠᠢ ᠬᠦᠷᠲᠡᠯ᠎ᠡ ᠵᠠᠰᠠᠮᠠᠯ ᠵᠠᠮ ᠵᠠᠰᠠᠬᠤ ᠲᠦᠷᠦᠯ ᠵᠦᠢᠯ᠂ ᠨᠠᠷᠠᠲᠤ ᠰᠤᠮᠤᠨ ᠠᠴᠠ ᠵᠢᠭᠠᠰᠤᠲᠠᠢ ᠰᠤᠮᠤ ᠬᠦᠷᠬᠦ ᠵᠤᠭᠠᠴᠠᠯ ᠤᠨ ᠵᠠᠮ ᠲᠣᠣᠷ ᠢ ᠴᠢᠨᠠᠷᠵᠢᠭᠤᠯᠤᠨ ᠵᠠᠰᠠᠬᠤ ᠢᠨᠵᠧᠨᠧᠷᠢᠩ᠂ ᠶᠤᠸᠠᠨ ᠤ ᠳᠡᠭᠡᠲᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠲᠠᠬᠠᠨ ᠠᠴᠠ ᠲᠤᠯᠤᠨᠨᠠᠭᠤᠷ ᠤᠨ ᠢ ᠵᠢᠶᠠ ᠭᠤᠣᠯ ᠬᠦᠷᠬᠦ ᠵᠤᠭᠠᠴᠠᠯ ᠤᠨ ᠵᠠᠰᠠᠮᠠᠯ ᠵᠠᠮ ᠤᠨ ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠬᠤ ᠪᠠᠷ ᠴᠢᠷᠮᠠᠶᠢᠨ᠎ᠠ᠃ ᠲᠠᠶᠢᠽᠢ ᠴᠧᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠯᠤᠭᠤᠨ ᠬᠥᠬᠡ ᠬᠤᠰᠢᠭᠤ ᠥᠷᠲᠡᠭᠡ᠂ ᠰᠠᠩ ᠤᠨ ᠳᠠᠯᠠᠢ ᠬᠤᠶᠢᠲᠤ ᠥᠷᠲᠡᠭᠡ ᠶᠢᠨ ᠡᠮᠦᠨᠡᠬᠢ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡᠬᠡᠨ ᠡᠬᠢᠯᠡᠭᠦᠯᠬᠦ ᠪᠠᠷ ᠴᠢᠷᠮᠠᠶᠢᠵᠤ᠂ ᠨᠢᠰᠬᠡᠯ ᠤᠨ ᠪᠠᠭᠤᠳᠠᠯ ᠤᠨ ᠪᠡᠯᠡᠳᠬᠡᠯ ᠳᠥᠰᠥᠪ ᠢ ᠵᠥᠪᠰᠢᠶᠡᠷᠡᠭᠦᠯᠬᠦ ᠪᠠᠷ ᠴᠢᠷᠮᠠᠶᠢᠨ᠎ᠠ᠃      ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠦᠯᠬᠢᠨ ᠠᠬᠢᠭᠤᠯᠤᠨ᠎ᠠ᠃ ᠶᠠᠳᠠᠭᠤ ᠎ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠎ ᠯᠤᠭ᠎ᠠ ᠪᠦᠲᠦᠮᠵᠢᠲᠡᠶ ᠤᠶᠠᠯᠳᠤᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠡᠷᠡᠮᠵᠢᠯᠡᠨ ᠪᠠᠶᠢᠴᠠᠭᠠᠵᠤ ᠲᠡᠳᠬᠦᠬᠦ ᠶᠢ ᠪᠦᠷᠢᠨ ᠪᠦᠷᠬᠦᠭᠦᠯᠦᠨ᠂ ︽ᠭᠤᠷᠪᠠᠨ ᠪᠠᠲᠤᠯᠠᠭ᠎ᠠ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠢᠯ ᠣᠯᠭᠤᠯᠲᠠ᠂ ᠠᠵᠤ ᠦᠶᠯᠡᠰ᠂ ᠨᠡᠭᠦᠯᠭᠡᠨ ᠳᠥᠪᠬᠢᠨᠡᠭᠦᠯᠦᠭᠰᠡᠨ ᠤ ᠳᠠᠷᠠᠭᠠᠬᠢ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠡᠭᠡ ᠬᠡᠪᠴᠢᠶ᠎ᠡ ᠪᠠᠷ ᠳᠠᠬᠢᠨ ᠶᠠᠳᠠᠭᠤᠷᠠᠬᠤ ᠠᠴᠠ ᠰᠡᠷᠭᠡᠶᠢᠯᠡᠨ᠎ᠡ᠃ ᠪᠡᠯᠡ ᠮᠥᠩᠭᠦ ᠶᠢᠨ ᠦᠷ᠎ᠡ ᠠᠰᠢᠭ ᠢ ᠰᠠᠶᠢᠲᠤᠷ ᠪᠠᠳᠠᠷᠠᠭᠤᠯᠵᠤ᠂ ᠵᠢᠯ ᠤᠨ ᠳᠣᠲᠣᠷ᠎ᠠ 6512 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠬᠤ ᠎ ᠪᠠᠷ ᠲᠥᠯᠥᠪᠯᠡᠵᠦ᠂ ᠠᠵᠤ ᠦᠢᠯᠡᠰ ᠤᠨ 4 ᠲᠥᠷᠥᠯ ᠵᠦᠢᠯ ᠢ ᠬᠡᠷᠡᠭᠵᠢᠭᠦᠯᠵᠦ᠂ ᠡᠯ᠎ᠡ ᠵᠦᠢᠯ ᠤᠨ ᠪᠠᠲᠤᠯᠠᠭᠠᠨ ᠤ ᠴᠢᠨᠠᠷᠲᠠᠢ6 ᠲᠥᠷᠥᠯ ᠵᠦᠢᠯ ᠢ ᠬᠡᠷᠡᠭᠵᠢᠭᠦᠯᠦᠨ᠎ᠡ᠃ ᠦᠷ᠎ᠡ ᠠᠰᠢᠭᠯᠠᠮᠵᠢ ᠳᠣᠣᠷ᠎ᠠ ᠡᠳ᠋ ᠬᠦᠷᠦᠩᠬᠡ ᠶᠢ ᠠᠮᠢᠵᠢᠷᠠᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠲᠡᠳᠬᠦᠮᠵᠢ ᠶᠢᠨ ᠪᠡᠯᠡ ᠮᠥᠩᠭᠦ᠂ ᠳᠥᠰᠥᠯ᠂ ᠡᠳ᠋ ᠬᠦᠷᠦᠩᠭᠡ ᠶᠢ ᠨᠢᠭᠡ ᠴᠤᠬᠴᠠᠵᠢᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠮᠠᠯᠴᠢᠳ ᠢ ᠬᠤᠯᠪᠤᠭᠠᠯᠠᠨ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠵᠣᠷᠯᠣᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 292 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠨ᠎ᠠ᠃ ᠵᠢᠯ ᠤᠨ ᠳᠣᠲᠣᠷ᠎ᠠ ᠮᠠᠯ ᠤᠨ ᠦᠬᠦᠳᠡᠯ ᠰᠡᠭ ᠢ ᠪᠣᠬᠢᠷᠳᠤᠯ ᠦᠭᠡᠢ ᠪᠠᠷ ᠰᠢᠶᠳᠪᠦᠷᠢᠯᠡᠬᠦ ᠴᠡᠭ ᠢ ᠪᠠᠶᠢᠭᠤᠯᠵᠤ᠂ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠦᠷᠬᠦᠴᠡ ᠎ ᠶᠢ 90 %᠎ ᠠᠴᠠ ᠳᠡᠭᠡᠭᠰᠢ ᠪᠠᠶᠢᠯᠭᠠᠨ᠎ᠠ᠃ ᠬᠥᠳᠡᠭᠡ ᠣᠷᠣᠨ ᠤ ᠴᠢᠮᠡᠭᠡ ᠬᠤᠯᠪᠣᠭᠠᠨ ᠤ ᠪᠦᠷᠬᠦᠴᠡ ᠶᠢ ᠠᠬᠢᠭᠤᠯᠵᠤ᠂ 5 G ᠰᠦᠯᠵᠢᠶᠡᠨ ᠤ ᠰᠠᠭᠤᠷᠢ ᠥᠷᠲᠡᠭᠡ 8᠎ ᠶᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠵᠢᠯ ᠤᠨ ᠳᠣᠲᠣᠷ᠎ᠠ ᠪᠦᠬᠦ ᠬᠤᠰᠢᠭᠤᠨ ᠤ ᠬᠥᠳᠡᠭᠡ ᠲᠣᠰᠬᠤᠨ ᠤ ᠮᠠᠰᠢᠨ ᠬᠤᠳᠳᠤᠭ ᠤᠨ ᠪᠦᠷᠬᠦᠴᠡ ᠶᠢ 95 %᠎ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠶᠢ ᠪᠠᠶᠢᠩᠭᠤ ᠶᠢᠨ ᠴᠠᠬᠢᠯᠭᠠᠨ ᠢᠶᠠᠷ ᠥᠭᠡᠷᠡᠴᠢᠯᠡᠵᠦ᠂ 15 ᠮᠠᠯᠵᠢᠬᠤ ᠡᠷᠦᠭᠡ ᠎ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠦᠨ᠎ᠡ᠃ ᠬᠥᠳᠡᠭᠡ ᠣᠷᠣᠨ ᠤ ᠴᠠᠬᠢᠯᠭᠠᠨ ᠲᠣᠣᠷᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 332 ᠺᠢᠯᠤᠮᠧᠲᠷ ᠤᠨ ᠴᠠᠬᠢᠯᠭᠠᠨ ᠱᠤᠭᠤᠮ ᠢ ᠰᠢᠨ᠎ᠡ ᠪᠠᠷ ᠨᠡᠪᠲᠡᠷᠡᠭᠦᠯᠵᠦ᠂ ᠬᠥᠳᠡᠭᠡ ᠣᠷᠣᠨ ᠤ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠦᠴᠦᠯᠡᠨ ᠬᠠᠩᠭᠠᠨ᠎ᠠ᠃       ᠨᠣᠮᠢᠨ ᠲᠠᠩᠰᠤᠭ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠮᠠᠨ ᠤ ᠤᠯᠤᠰ ᠤᠨ ᠤᠮᠠᠷᠠᠲᠤ ᠎ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠡᠷᠴᠢᠮᠳᠠᠢ ᠴᠡᠭᠴᠡᠯᠡᠨ ᠵᠠᠰᠠᠬᠤ ᠪᠠᠷ ᠴᠢᠷᠮᠠᠶᠢᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠤ ᠬᠦᠴᠦ᠂ ᠨᠠᠷᠠᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠵᠤ᠂ 113.87 ᠲᠦᠮᠡᠨ ᠮᠦ ᠲᠠᠯᠠᠪᠠᠢ ᠪᠦᠬᠦᠢ ᠡᠯᠡᠰᠦ ᠶᠢ ᠵᠠᠰᠠᠵᠤ᠂ ᠬᠠᠪᠤᠷ ᠰᠠᠭᠠᠭᠳᠠᠮᠠᠭᠴᠠ ᠠᠵᠢᠯ ᠢᠶᠠᠨ ᠡᠬᠢᠯᠡᠭᠦᠯᠦᠨ᠎ᠡ᠃ ᠴᠡᠭᠴᠡᠯᠡᠨ ᠵᠠᠰᠠᠬᠤ ᠦᠷ᠎ᠡ ᠪᠦᠲᠦᠮᠵᠢ ᠪᠠᠨ ᠪᠠᠬᠢᠵᠢᠭᠦᠯᠬᠦ ᠶᠢᠨ ᠳᠠᠭᠠᠤ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯ ᠮᠠᠯᠵᠢᠬᠤ ᠶᠢ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠲᠥᠬᠦᠭᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠳᠦᠷᠢᠮ ᠠᠴᠠ ᠵᠥᠷᠢᠴᠡᠨ ᠮᠠᠯ ᠪᠡᠯᠴᠢᠭᠡᠷᠯᠡᠭᠦᠯᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠬᠦᠯᠦᠨ ᠮᠠᠯ ᠮᠠᠯᠵᠢᠬᠤ ᠶᠢ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠯᠤᠭ᠎ᠠ ᠤᠶᠠᠯᠳᠤᠭᠤᠯᠵᠤ᠂ ᠳᠦᠷᠢᠮ ᠠᠴᠠ ᠵᠥᠷᠢᠴᠡᠨ ᠪᠡᠯᠴᠢᠭᠡᠷᠯᠡᠭᠦᠯᠪᠡᠯ ᠨᠥᠬᠦᠪᠥᠷᠢ ᠮᠦᠩᠬᠦ ᠶᠢ ᠨᠢ ᠳᠠᠷᠤᠶᠢᠬᠠᠨ ᠵᠣᠭᠰᠣᠭᠠᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠲᠣᠰ ᠵᠢᠯ ᠤᠨ ᠴᠡᠭᠴᠡᠯᠡᠯᠳᠡ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠨᠢᠭᠡ ᠡᠭᠡᠯᠵᠢᠨ ᠤ ᠪᠠᠶᠢᠴᠠᠭᠠᠯᠳᠠ ᠳᠤ ᠰᠠᠶᠢᠳᠤᠷ ᠪᠡᠯᠡᠳᠬᠡᠯ ᠬᠢᠨ᠎ᠡ᠃ ᠣᠶ ᠰᠢᠭᠤᠶ᠂ ᠭᠤᠤᠯ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠥᠷᠡᠨ ᠤ ︽ᠳᠥᠷᠪᠡᠨ ᠵᠦᠢᠯ ᠢ ᠴᠡᠭᠴᠡᠯᠡᠬᠦ︾ ᠲᠤᠰᠬᠠᠶ ᠠᠵᠢᠯᠯᠠᠭ᠎ᠠ ᠎ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠱᠠᠩᠳᠤ ᠪᠠᠯᠭᠠᠰᠤᠨ ᠤ ᠥᠪᠥᠷ ᠮᠠᠩᠬ᠎ᠠ ᠤᠷᠤᠰᠬᠠᠯ ᠭᠤᠣᠯ ᠤᠨ ᠬᠥᠷᠥᠰᠥ ᠰᠢᠷᠣᠢ ᠶᠢ ᠬᠠᠮᠠᠭᠠᠯᠠᠨ ᠵᠠᠰᠠᠬᠤ ᠲᠥᠷᠥᠯ ᠵᠦᠢᠯ ᠢ ᠭᠦᠢᠴᠡᠳᠬᠡᠨ᠎ᠡ᠃ 10 ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠣᠨ ᠤ ᠡᠭᠦᠷᠭᠡ ᠶᠢ ᠪᠡᠶᠡᠯᠡᠭᠦᠯᠦᠨ᠎ᠡ᠃ ᠲᠠᠷᠢᠶᠠᠨ ᠭᠠᠵᠠᠷ ᠤᠨ ᠰᠦᠯᠢᠶᠣᠤ ᠪᠦᠷᠬᠦᠬᠦᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠪᠦᠬᠦ ᠵᠢᠯ ᠳᠤ ᠪᠦᠷᠬᠦᠭᠦᠯ ᠢ ᠬᠤᠷᠢᠶᠠᠨ ᠠᠪᠤᠭᠰᠠᠨ ᠨᠣᠷᠮ᠎ᠠ ᠶᠢ 95%᠎ ᠠᠴᠠ ᠳᠡᠭᠡᠭᠰᠢ ᠳᠤ ᠬᠦᠷᠭᠡᠨ᠎ᠡ᠃     ︵ᠭᠤᠷᠪᠠ︶ ᠲᠤᠯᠭᠠᠭᠤᠷᠢ ᠠᠵᠤ ᠦᠢᠯᠡᠰ ᠢ ᠪᠠᠬᠢᠵᠢᠬᠦᠯᠵᠦ᠂ ᠬᠡᠪᠴᠢᠶ᠎ᠡ ᠪᠠᠨ ᠥᠷᠭᠡᠳᠬᠡᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠡᠷᠴᠢᠮᠳᠠᠢ ᠠᠬᠢᠭᠤᠯᠤᠨ᠎ᠠ      ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠰᠠᠭᠤᠷᠢ ᠶᠢ ᠪᠠᠬᠢᠵᠢᠭᠦᠯᠦᠨ᠎ᠡ᠃ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠦᠬᠦ ᠵᠢᠯ ᠳᠤ ᠮᠠᠯ ᠤᠨ ᠲᠤᠭ᠎ᠠ ᠲᠣᠯᠣᠭᠠᠢ ᠶᠢ 72 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ︽ᠲᠤᠭᠤᠯ ᠢ ᠬᠠᠰᠢᠶᠠᠯᠠᠨ ᠮᠠᠯᠵᠢᠬᠤ︾ ᠪᠠ ︽ᠮᠢᠬᠠᠨ ᠤ ᠦᠬᠡᠷ ᠢ ᠨᠠᠶᠢᠳᠠᠨ ᠲᠡᠵᠢᠭᠡᠯᠭᠡᠬᠦ ᠪᠠ ᠪᠣᠷᠳᠣᠨ ᠲᠠᠷᠭᠤᠯᠠᠭᠤᠯᠬᠤ︾ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠲᠦᠭᠦᠭᠡᠷᠦᠮᠵᠢᠲᠦ ᠮᠠᠯ ᠠᠵᠤ ᠠᠬᠤᠶ ᠶᠢ ᠡᠷᠴᠢᠮᠳᠠᠢ ᠬᠥᠭᠵᠢᠭᠦᠯᠦᠨ᠎ᠡ᠃ ᠵᠢᠯ ᠤᠨ ᠳᠣᠲᠣᠷ᠎ᠠ᠂ 3 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠮᠠᠯ ᠤᠨ ᠫᠧᠩ ᠬᠤᠷᠤᠭ᠎ᠠ ᠶᠢ ᠰᠢᠨ᠎ᠡ ᠪᠠᠷ ᠪᠠᠶᠢᠭᠤᠯᠵᠤ᠂ ᠬᠠᠰᠢᠶᠠᠯᠠᠨ ᠮᠠᠯᠵᠢᠬᠤ ᠬᠡᠪᠴᠢᠶ᠎ᠡ ᠶᠢ 12.5%᠎ ᠪᠠᠷ ᠨᠡᠮᠡᠭᠳᠡᠭᠦᠯᠦᠨ᠂ 9 ᠲᠦᠮᠡᠨ ᠲᠤᠯᠤᠭᠠᠢ ᠠᠴᠠ ᠳᠡᠭᠡᠭᠰᠢ ᠳᠤ ᠬᠦᠷᠭᠡᠨ᠎ᠡ᠃ ᠥᠨᠢᠷ ᠰᠦᠷᠦᠭ ᠤᠨ ᠪᠣᠶᠢᠵᠢᠭᠤᠯᠤᠯᠲᠠ ᠶᠢᠨ ᠦᠷ᠎ᠡ ᠪᠦᠳᠦᠮᠵᠢ ᠪᠠᠨ ᠦᠷᠭᠦᠯᠵᠢᠯᠡᠨ ᠪᠠᠬᠢᠵᠢᠭᠦᠯᠵᠦ᠂ ᠦᠷ᠎ᠡ ᠶᠢᠨ ᠮᠠᠯ ᠮᠠᠯᠵᠢᠬᠤ ᠲᠠᠯᠠᠪᠠᠢ᠂ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠠᠶᠢᠮᠠᠭ ᠤᠨ ᠲᠡᠰ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢ 3᠎ ᠶᠢ ᠰᠢᠨ᠎ᠡ ᠪᠠᠷ ᠪᠠᠶᠢᠭᠤᠯᠤᠨ᠎ᠠ᠃ ᠡᠬᠡ ᠮᠠᠯ ᠤᠨ ᠴᠢᠨᠠᠷ ᠢ ᠰᠠᠶᠢᠵᠢᠷᠠᠭᠤᠯᠬᠤ ᠲᠥᠷᠥᠯ ᠵᠦᠶᠯ ᠢ ᠬᠡᠷᠡᠭᠵᠢᠭᠦᠯᠵᠦ᠂ 1712 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ 15 ᠲᠦᠮᠡᠨ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠤᠨ᠎ᠠ᠃ ᠨᠠᠷᠢᠯᠢᠭ ᠡᠳ᠋ᠰᠢᠭᠦᠯᠬᠦ ᠴᠢᠳᠠᠪᠤᠷᠢ ᠶᠢ ᠡᠷᠴᠢᠮᠳᠠᠢ ᠳᠡᠭᠡᠭᠰᠢᠯᠡᠭᠦᠯᠵᠦ᠂ ᠪᠠᠢ ᠶᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠡᠪᠡᠰᠦ ᠪᠣᠷᠳᠤᠭᠠᠨ ᠤ ᠪᠣᠯᠪᠠᠰᠤᠷᠠᠭᠤᠯᠤᠯᠲᠠ ᠶᠢᠨ ᠬᠦᠷᠢᠶᠡᠯᠡᠩ ᠤᠨ ᠲᠦᠷᠦᠯ ᠵᠦᠢᠯ ᠵᠢᠴᠢ ᠢᠳᠡᠰᠢᠨ ᠨᠣᠭᠤᠭ᠎ᠠ ᠡᠳ᠋ᠰᠢᠭᠦᠯᠬᠦ ᠲᠥᠷᠥᠯ ᠵᠦᠢᠯ᠂ ᠰᠠᠩ ᠤᠨ ᠳᠠᠯᠠᠢ ᠪᠠᠯᠭᠠᠰᠤᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠢ ᠰᠣᠷᠭᠤᠭ ᠢᠶᠠᠷ ᠡᠳ᠋ᠰᠢᠭᠦᠯᠦᠨ ᠪᠣᠷᠣᠯᠠᠭᠤᠯᠬᠤ ᠰᠠᠭᠤᠷᠢᠨ ᠭᠠᠵᠠᠷ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ᠂ ᠮᠢᠬᠠᠨ ᠤ ᠦᠬᠡᠷ ᠡᠳ᠋ᠰᠢᠭᠦᠯᠦᠨ ᠠᠰᠢᠭᠯᠠᠬᠤ ᠨᠣᠷᠮ᠎ᠠ ᠶᠢ 3 %᠎ ᠠᠴᠠ ᠳᠡᠭᠡᠭᠰᠢ ᠳᠤ ᠬᠦᠷᠭᠡᠨ᠎ᠡ᠃ ᠡᠪᠡᠰᠦ ᠪᠤᠷᠳᠤᠭᠠᠨ ᠤ ᠬᠠᠩᠭᠠᠯᠭ᠎ᠠ ᠶᠢ ᠡᠷᠴᠢᠮᠳᠠᠢ ᠪᠠᠲᠤᠯᠠᠵᠤ᠂ ᠡᠪᠡᠰᠦ ᠲᠡᠵᠢᠭᠡᠯ ᠲᠠᠷᠢᠬᠤ ᠲᠠᠯᠠᠪᠠᠢ ᠶᠢ 14 ᠲᠦᠮᠡᠨ ᠮᠦ ᠠᠴᠠ ᠳᠡᠭᠡᠭᠰᠢ ᠳᠤ ᠬᠦᠷᠭᠡᠵᠦ᠂ ᠡᠪᠡᠰᠦ ᠪᠣᠷᠳᠣᠭᠠᠨ ᠤ ᠭᠠᠷᠤᠯᠲᠠ ᠶᠢ 26 ᠲᠦᠮᠡᠨ ᠲᠣᠨ ᠳᠤ ᠬᠦᠷᠭᠡᠵᠦ᠂ ᠬᠤᠯᠢᠮᠠᠭ ᠪᠤᠷᠳᠤᠭᠠᠨ ᠤ ᠡᠳ᠋ᠰᠢᠭᠦᠯᠦᠯᠲᠡ ᠶᠢ 10 %᠎ ᠪᠠᠷ ᠳᠡᠭᠡᠭᠰᠢᠯᠡᠭᠦᠯᠬᠦ ᠶᠢ ᠪᠠᠲᠤᠯᠠᠨ᠎ᠠ᠃ ᠦᠷ᠎ᠡ ᠶᠢᠨ ᠦᠶᠯᠡᠰ ᠢ ᠬᠦᠭᠵᠢᠭᠦᠯᠬᠦ ᠠᠵᠢᠯ ᠢ ᠰᠠᠶᠢᠲᠤᠷ ᠬᠢᠵᠦ᠂ ᠬᠤᠸᠠ ᠰᠢ ᠦᠬᠡᠷ ᠤᠨ ᠡᠭᠦᠯᠳᠡᠷ ᠢ ᠥᠰᠬᠡᠨ ᠪᠣᠶᠢᠵᠢᠭᠤᠯᠬᠤ᠂ ᠲᠤᠭ᠎ᠠ ᠲᠤᠯᠤᠭᠠᠢ ᠶᠢ ᠨᠡᠮᠡᠭᠳᠡᠭᠦᠯᠬᠦ ᠠᠵᠢᠯ ᠢ ᠰᠠᠶᠢᠲᠤᠷ ᠠᠳᠬᠤᠵᠤ᠂ ᠤᠯᠤᠰ ᠤᠨ ᠲᠡᠰ ᠤᠨ ᠭᠤᠣᠯᠳᠠᠯᠭᠠᠳᠣ ᠦᠷ᠎ᠡ ᠶᠢᠨ ᠮᠠᠯ ᠤᠨ ᠲᠠᠯᠠᠪᠠᠢ ᠪᠠ ᠠᠶᠢᠮᠠᠭ ᠤᠨ ᠲᠡᠰ ᠤᠨ ᠦᠷ᠎ᠡ ᠶᠢᠨ ᠮᠠᠯ ᠤᠨ ᠲᠠᠯᠠᠪᠠᠢ ᠲᠣᠰᠪᠣᠷᠢ 1᠎ ᠶᠢ ᠡᠷᠡᠮᠡᠯᠵᠡᠯᠡᠵᠦ᠂ ᠬᠤᠸᠠ ᠰᠢ ᠦᠬᠡᠷ ᠢ 2000 ᠲᠣᠯᠣᠭᠠᠶ ᠦᠨᠡᠯᠡᠨ ᠲᠣᠭᠲᠠᠭᠠᠬᠤ ᠪᠠᠷ ᠴᠢᠷᠮᠠᠶᠢᠨ᠎ᠠ᠃ ᠲᠥᠮᠥᠰᠥ ᠶᠢ ᠲᠤᠬᠠᠢ ᠶᠢᠨ ᠭᠠᠵᠠᠷ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠵᠦᠩ ᠹᠠ ᠬᠤᠪᠢ ᠡᠵᠡᠮᠳᠡᠭᠰᠡᠨ ᠪᠦᠯᠦᠭᠯᠡᠯ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠡᠨᠡ ᠵᠢᠯ ᠳᠤ ᠲᠥᠮᠥᠰᠥ ᠶᠢᠨ ᠴᠠᠷᠳᠠᠭᠤᠯ ᠤᠨ ᠦᠢᠯᠡᠳᠪᠦᠷᠢ ᠵᠢᠴᠢ ᠡᠮᠨᠡᠯᠭᠡ ᠳᠤ ᠬᠡᠷᠡᠭᠯᠡᠬᠦ ᠬᠤᠮᠵᠢᠶ᠎ᠠ ᠶᠢᠨ ᠲᠥᠷᠥᠯ ᠵᠦᠢᠯ ᠢ ᠪᠠᠶᠢᠭᠤᠯᠤᠨ᠎ᠠ᠃ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠦᠨ ᠤ ᠦᠶᠯᠡᠰ ᠤᠨ ᠦᠶᠯᠡᠳᠪᠦᠷᠢᠯᠡᠯ ᠤᠨ ᠴᠢᠳᠠᠪᠤᠷᠢ ᠶᠢ ᠪᠦᠬᠦ ᠬᠤᠰᠢᠭᠤ ᠰᠢᠶᠠᠨ ᠳᠤ ᠳᠥᠭᠡᠮᠡᠯᠵᠢᠬᠦᠯᠬᠦ ᠳᠥᠰᠥᠯ ᠢ ᠬᠡᠷᠡᠭᠵᠢᠭᠦᠯᠵᠦ᠂ ᠵᠢᠯ ᠤᠨ ᠳᠣᠲᠣᠷ᠎ᠠ᠂ ᠰᠠᠭᠠᠯᠢ ᠶᠢᠨ ᠦᠨᠢᠶ᠎ᠡ ᠶᠢ 6.5 ᠲᠦᠮᠡᠨ ᠲᠣᠯᠣᠭᠠᠶ ᠳᠤ ᠬᠦᠷᠭᠡᠵᠦ᠂ ᠰᠦᠨ ᠤ ᠭᠠᠷᠤᠯᠲᠠ ᠶᠢ 12 ᠲᠦᠮᠡᠨ ᠲᠣᠨ ᠠᠴᠠ ᠳᠡᠭᠡᠭᠰᠢ ᠳᠤ ᠬᠦᠷᠭᠡᠨ᠎ᠡ᠃ ᠣᠨᠴᠠᠯᠢᠭᠲᠤ ᠨᠡᠷᠡᠲᠦ ᠲᠡᠮᠳᠡᠭᠲᠦ ᠶᠢ ᠡᠷᠴᠢᠮᠳᠠᠢ ᠪᠦᠳᠦᠭᠡᠨ ᠪᠠᠶᠢᠭᠤᠯᠵᠤ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠶᠠᠰᠤ ᠴᠢᠨᠠᠷ ᠢ ᠮᠥᠷᠳᠡᠬᠦ ᠰᠢᠰᠲ᠋ᠧᠮ ᠤᠨ ᠪᠦᠬᠦ ᠣᠷᠣᠨ ᠤ ᠲᠤᠷᠰᠢᠯᠲᠠ ᠶᠢᠨ ᠴᠢᠭ ᠤᠨ ᠠᠵᠢᠯ ᠢ ᠰᠠᠶᠢᠲᠤᠷ ᠬᠢᠵᠦ᠂ ︽ᠰᠢᠯᠢ ᠶᠢᠨ ᠭᠤᠣᠯ ᠤᠨ ᠴᠠᠭᠠᠨ ᠢᠳᠡᠭᠡᠨ︾᠎ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠠᠵᠤ ᠠᠬᠤᠶᠢᠯᠠᠯ ᠢ ᠰᠢᠨ᠎ᠡ ᠪᠠᠷ 5᠎ ᠶᠢ ᠨᠡᠮᠡᠭᠳᠡᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠂ ᠲᠠᠷᠢᠶᠠᠨ ᠭᠠᠵᠠᠷ ᠢ ︽ᠡᠪᠡᠰᠦᠨ ᠲᠠᠷᠢᠶ᠎ᠠ ᠶᠢ ᠪᠠᠭᠠᠰᠬᠠᠬᠤ︾᠎ ᠶᠢ ᠡᠷᠡᠰ ᠬᠤᠷᠢᠭᠯᠠᠵᠤ᠂ ᠦᠨᠳᠦᠰᠦᠨ ᠲᠠᠷᠢᠶᠠᠨ ᠭᠠᠵᠠᠷ ᠢ ︽ᠠᠮᠤ ᠲᠠᠷᠢᠶᠠᠯᠠᠩ ᠢ ᠦᠭᠡᠶᠢᠰᠬᠡᠬᠦ ︾᠎ ᠶᠢ ᠰᠡᠷᠭᠡᠶᠢᠯᠡᠨ ᠬᠤᠷᠢᠭᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 20 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠤᠨᠠᠯᠲᠠ ᠶᠢ 4 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠦᠨ᠎ᠡ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠶᠯᠡᠳᠪᠦᠷᠢ ᠶᠢᠨ ᠡᠵᠡᠩᠨᠡᠯᠲᠡ ᠶᠢ ᠰᠠᠶᠢᠲᠤᠷ ᠠᠳᠬᠤᠵᠤ᠂ ᠱᠠᠩᠳᠤ ᠴᠠᠬᠢᠯᠭᠠᠨ ᠦᠶᠯᠡᠳᠪᠦᠷᠢ ᠶᠢᠨ ᠴᠠᠬᠢᠯᠭᠠᠨ ᠭᠠᠷᠭᠠᠯᠲᠠ ᠎ ᠶᠢ 140 ᠳ᠋ᠦᠩᠰᠢᠭᠤᠷ ᠺᠢᠯᠣᠸᠠᠲ ᠴᠠᠭ ᠲᠤ ᠬᠦᠷᠭᠡᠬᠦ ᠪᠠᠷ ᠴᠢᠷᠮᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 68 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠵᠦᠩ ᠴᠤᠸᠠᠨ ᠤ 30 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠰᠠᠭᠤᠷᠢᠨ ᠭᠠᠵᠠᠷ᠂ ᠮᠧᠩ ᠰᠢᠨ ᡁᠢ ᠾᠦᠢ ᠶᠢᠨ 20 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠴᠠᠬᠢᠯᠭᠠᠨ ᠭᠠᠷᠭᠠᠵᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ 239 ᠲᠥᠮᠡᠨ ᠺᠢᠯᠣᠸᠠᠲ ᠲᠤ ᠬᠦᠷᠭᠡᠨ᠎ᠡ᠃ ᠴᠣᠤ ᠵᠦᠩ 10 ᠲᠦᠮᠡᠨ ᠲᠣᠨ ᠲᠡᠮᠦᠷᠯᠢᠭ ᠪᠣᠯᠪᠠᠰᠤᠷᠠᠭᠤᠯᠬᠤ ᠲᠣᠨᠣᠭᠯᠠᠯ ᠵᠢᠴᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠴᠠᠮᠬᠠᠭ ᠢ ᠦᠢᠯᠡᠳᠬᠦ ᠲᠥᠷᠦᠯ ᠵᠦᠢᠯ ᠢ ᠡᠬᠢᠯᠡᠨ ᠪᠠᠶᠢᠭᠤᠯᠬᠤ ᠶᠢ ᠠᠬᠢᠭᠤᠯᠤᠨ᠎ᠠ᠃ ᠰᠢᠦ ᠴᠢ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠵᠢᠯ ᠤᠨ ᠳᠣᠲᠣᠷ᠎ᠠ ᠬᠡᠷᠡᠭᠵᠢᠭᠦᠯᠦᠨ᠎ᠡ᠃ ᠰᠢᠨ᠎ᠡ ᠶᠢ ᠡᠭᠦᠳᠬᠦ ᠬᠡᠯᠪᠡᠷᠢ ᠎ ᠶᠢᠨ ᠠᠵᠤ ᠠᠬᠤᠶᠢᠯᠠᠯ᠂ ᠪᠣᠬᠢᠷᠲᠤᠯ ᠥᠬᠡᠶ ᠦᠶᠯᠡᠳᠪᠦᠷᠢ ᠶᠢ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ ᠲᠣᠰ ᠲᠣᠰ 1᠎ ᠶᠢ ᠪᠠᠶᠢᠭᠤᠯᠤᠨ᠎ᠠ᠃      ᠦᠢᠯᠡᠴᠢᠯᠡᠭᠡᠨ ᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠥᠬᠦ ᠣᠷᠣᠨ ᠪᠦᠰᠡ᠂ ᠪᠥᠬᠦ ᠦᠶᠯᠡᠰ᠂ ᠪᠥᠬᠦ ᠤᠯᠠᠷᠢᠯ ᠲᠠᠢ ᠵᠤᠬᠢᠴᠠᠯᠳᠣᠭᠤᠯᠤᠨ᠂ ᠬᠤᠪᠢᠰᠬᠠᠯᠲᠤ ᠵᠢᠭᠤᠯᠴᠢᠯᠠᠯ᠂ ᠮᠠᠩᠬᠠᠨ ᠭᠠᠵᠠᠷ ᠤᠨ ᠵᠢᠭᠤᠯᠴᠢᠯᠠᠯ᠂ ᠮᠥᠩᠭᠦᠨ ᠡᠪᠤᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠎ ᠢ ᠲᠠᠰ ᠳᠡᠪᠰᠢᠭᠦᠯᠬᠦ ᠶᠢ ᠠᠬᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠠᠳᠤᠭᠤᠨ ᠬᠦᠷᠢᠶᠡᠯᠡᠩ᠂ ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠲᠠᠬᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦ ᠮᠠᠩᠬᠠᠨ ᠤ ᠴᠡᠴᠡᠷᠯᠢᠭ᠂ ᠲᠠᠯ᠎ᠠ ᠨᠤᠲᠤᠭ ᠤᠨ ᠪᠠᠭᠤᠳᠠᠯ ᠤᠨ ᠲᠥᠷᠥᠯ ᠵᠦᠢᠯ᠂ ᠪᠡᠶ᠎ᠡ ᠲᠠᠮᠢᠷ ᠤᠨ ᠴᠡᠴᠡᠷᠯᠢᠭ᠂ ᠠᠵᠠᠲᠠᠢ ᠎ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠳᠠᠭᠤᠰᠬᠠᠬᠤ ᠶᠢ ᠪᠠᠲᠤᠯᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠠᠷᠢᠯᠭ᠎ᠠ ᠶᠢ ᠡᠬᠢᠯᠡᠭᠦᠯᠬᠦ ᠪᠠᠷ ᠴᠢᠷᠮᠠᠶᠢᠨ᠎ᠠ᠃ ᠥᠪᠥᠷ ᠮᠣᠩᠭᠤᠯ ᠤᠨ ᠲᠧᠯᠸᠢᠰ ᠬᠤᠷᠢᠶ᠎ᠠ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠯᠳᠠᠩᠬᠸ᠎ᠠ ᠴᠡᠴᠡᠭ ᠰᠣᠨᠢᠷᠬᠠᠬᠤ ᠨᠠᠶᠢᠷ᠂ ᠬᠤᠯᠠᠨ ᠰᠢᠷᠭ᠎ᠠ ᠲᠠᠭ᠎ᠠ ᠶᠢᠨ ᠮᠦᠩᠭᠦᠨ ᠡᠪᠤᠯ ᠤᠨ ᠨᠡᠶᠢᠷ ᠵᠡᠷᠭᠡ ᠨᠡᠷᠡᠲᠦ ᠲᠡᠮᠳᠡᠭᠲᠦ ᠠᠵᠢᠯᠯᠠᠭ᠎ᠠ ᠶᠢ ᠰᠠᠶᠢᠲᠤᠷ ᠡᠷᠬᠢᠯᠡᠨ ᠶᠠᠪᠤᠭᠳᠠᠭᠤᠯᠤᠨ᠎ᠠ᠃ ᠤᠨᠴᠠᠯᠢᠭᠲᠤ ᠤᠬᠠᠭᠤᠯᠭ᠎ᠠ ᠶᠢᠨ ᠠᠵᠢᠯᠯᠠᠭ᠎ᠠ ᠶᠢ ᠲᠦᠰᠦᠪᠯᠡᠨ ᠶᠠᠪᠤᠭᠳᠠᠭᠤᠯᠵᠤ᠂ ︽ᠶᠤᠸᠠᠨ ᠤ ᠳᠡᠭᠡᠳᠦ ᠨᠡᠶᠢᠰᠯᠡᠯ︾᠂ ︽ᠠᠯᠳᠠᠩᠬᠸ᠎ᠠ︾᠂ ︽ᠬᠤᠯᠠᠨ ᠰᠢᠷᠭ᠎ᠠ ᠲᠠᠭ᠎ᠠ︾ ᠵᠡᠷᠬᠡ ᠨᠡᠷᠡᠲᠦ ᠳᠡᠮᠳᠡᠭᠳᠦ ᠪᠠᠨ ᠦᠷᠭᠦᠯᠵᠢᠯᠡᠨ ᠠᠯᠳᠠᠷᠰᠢᠭᠤᠯᠤᠨ᠎ᠠ᠃ ᠪᠡᠭᠡᠵᠢᠩ ᠤᠨ ᠡᠯ᠎ᠡ ᠲᠤᠮᠤ ᠵᠢᠭᠤᠯᠴᠢᠯᠠᠯ ᠤᠨ ᠺᠣᠮᠫᠠᠨᠢ᠂ ᠬᠤᠸᠠ ᠴᠧᠩ ᠵᠡᠷᠭᠡ OTA ᠠᠵᠤ ᠠᠬᠤᠶᠢᠯᠠᠯ ᠲᠠᠢ ᠬᠠᠷᠢᠯᠴᠠᠭ᠎ᠠ ᠪᠠᠨ ᠴᠢᠩᠭᠠᠳᠬᠠᠵᠤ᠂ ︽ᠪᠡᠭᠡᠵᠢᠩ — ᠰᠢᠯᠤᠭᠤᠨ ᠬᠥᠬᠡ ᠬᠤᠰᠢᠭᠤᠨ ᠤ ᠲᠦᠮᠡᠨ ᠵᠢᠭᠤᠴᠢᠯᠠᠭᠰᠠᠳ ᠬᠠᠷᠢᠯᠴᠠᠨ ᠠᠶᠢᠯᠴᠢᠯᠠᠬᠤ︾ ᠬᠡᠯᠡᠯᠴᠡᠭᠡᠷ ᠢ ᠨᠠᠶᠢᠳᠠᠪᠤᠷᠢᠵᠢᠭᠤᠯᠤᠨ᠂ 4 ᠭᠠᠷᠤᠢ ᠵᠤᠷᠪᠤᠰ ᠰᠣᠳᠣᠨ ᠵᠢᠭᠤᠯᠴᠢᠯᠠᠯ ᠤᠨ ᠱᠤᠭᠤᠮ ᠢ ᠳᠣᠭᠲᠠᠭᠠᠨ᠎ᠠ᠃ ᠪᠦᠬᠦ ᠵᠢᠯ ᠳᠤ 180 ᠲᠦᠮᠡᠨ ᠵᠢᠭᠤᠯᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠠᠴᠠ ᠬᠡᠲᠦᠷᠡᠭᠦᠯᠦᠨ᠎ᠡ᠃ ᠣᠯᠠᠨ ᠶᠠᠩᠵᠤ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠷᠡᠭᠯᠡᠭᠡ ᠶᠢ ᠠᠬᠢᠭᠤᠯᠬᠤ᠂ ᠬᠠᠭᠤᠴᠢᠨ ᠢᠶᠠᠷ ᠰᠢᠨ᠎ᠡ ᠎ ᠶᠢ ᠰᠣᠯᠢᠬᠤ ᠠᠵᠢᠯᠯᠠᠭ᠎ᠠ ᠶᠢ 280 ᠭᠠᠷᠤᠢ ᠤᠳᠠᠭ᠎ᠠ ᠥᠷᠨᠢᠭᠦᠯᠵᠦ᠂ ᠪᠣᠷᠣᠯᠠᠭᠤᠯᠭ᠎ᠠ ᠶᠢᠨ ᠮᠦᠩᠬᠦ ᠶᠢ 5500 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠨ᠎ᠡ᠃ ᠴᠠᠬᠢᠮ ᠬᠤᠳᠠᠯᠳᠤᠭᠠᠨ ᠤ ᠰᠢᠨ᠎ᠡ ᠶᠢ ᠡᠭᠦᠳᠦᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠴᠠᠬᠢᠮ ᠬᠤᠳᠠᠯᠳᠤᠭᠠᠨ ᠤ ᠪᠤᠯᠪᠠᠰᠤᠷᠠᠯ ᠢ 6 ᠤᠳᠠᠭ᠎ᠠ ᠥᠷᠨᠢᠭᠦᠯᠵᠦ᠂ ᠪᠥᠬᠦ ᠵᠢᠯ ᠤᠨ ᠰᠦᠯᠵᠢᠶᠡᠨ ᠤ ᠪᠣᠷᠣᠯᠠᠭᠤᠯᠭ᠎ᠠ ᠶᠢ 5 %᠎ ᠠᠴᠠ ᠳᠡᠭᠡᠭᠰᠢ ᠪᠠᠷ ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠡᠷᠴᠢᠮᠳᠠᠢ ᠳᠠᠮᠵᠢᠵᠤ᠂ 3 ᠠᠵᠤ ᠠᠬᠤᠶᠢᠯᠠᠯ ᠢ ᠬᠥᠮᠥᠷᠭᠡ ᠳᠤ ᠣᠷᠣᠭᠤᠯᠤᠨ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ 4 %᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠵᠢᠯ ᠤᠨ ᠳᠣᠲᠣᠷ᠎ᠠ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠣᠳᠠᠲᠤ ᠦᠷ᠎ᠡ ᠪᠦᠳᠦᠮᠵᠢᠳᠠᠢ ᠪᠠᠶᠢᠯᠭᠠᠬᠤ ᠪᠠᠷ ᠴᠢᠷᠮᠠᠶᠢᠨ᠎ᠠ᠃      ︵ᠳᠥᠷᠪᠡ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠪᠣᠳᠠᠲᠠᠢ ᠠᠵᠢᠯ ᠬᠢᠬᠦ ᠶᠢ ᠪᠠᠷᠢᠮᠲᠠᠯᠠᠵᠤ᠂ ᠠᠷᠠᠳ ᠎ ᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ       ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠠᠳ ᠣᠯᠠᠨ ᠬᠠᠨᠤᠮᠵᠢᠲᠠᠶ ᠰᠤᠷᠭᠠᠨ ᠬᠥᠮᠦᠵᠢᠯ ᠢ ᠡᠷᠬᠢᠯᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠭᠤᠶᠢᠪᠢᠰᠢ ᠥᠬᠡᠶ ᠬᠡᠷᠡᠭᠵᠢᠭᠦᠯᠵᠦ᠂ ᠳᠤᠮᠳᠠᠳᠤ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠵᠢᠭᠠᠨ ᠰᠤᠷᠭᠠᠯᠲᠠ ᠎ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠠᠰᠠᠭᠤᠳᠠᠯ ᠎ ᠢ ᠡᠷᠴᠢᠮᠳᠠᠢ ᠰᠢᠶᠳᠪᠦᠷᠢᠯᠡᠵᠦ᠂ ︽ᠵᠢᠯ ᠳᠠᠷᠠᠭᠠᠯᠠᠨ ᠠᠮᠵᠢᠯᠲᠠ ᠪᠦᠳᠦᠮᠵᠢ ᠭᠠᠷᠭᠠᠬᠤ︾ ᠬᠠᠷᠠᠯᠲᠠ ᠶᠣᠰᠣᠭᠠᠷ᠂ ᠳᠤᠮᠳᠠᠳᠤ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠳᠦᠮᠵᠢ ᠶᠢ ᠲᠡᠭᠡᠭᠰᠢᠯᠡᠬᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠨᠡᠶᠢᠳᠡᠮ ᠳᠡᠭᠡᠨ ᠬᠤᠴᠣᠷᠤᠩᠭᠤᠶ ᠪᠠᠶᠢᠬᠤ ᠪᠠᠶᠢᠳᠠᠯ ᠢ ᠡᠷᠴᠢᠮᠳᠠᠢ ᠬᠤᠪᠢᠷᠠᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠦᠨᠡᠨ ᠪᠣᠳᠠᠲᠠᠶ ᠪᠠᠷ ᠳᠡᠮᠵᠢᠯᠭᠡ ᠦᠵᠡᠭᠦᠯᠵᠦ᠂ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠠᠷᠢᠶᠠᠳᠣ ᠲᠣᠮᠳᠠᠳᠣ ᠰᠣᠷᠭᠠᠭᠤᠯᠢ᠂ ᠳᠣᠯᠣᠨᠨᠠᠭᠤᠷ ᠰᠢᠶᠠᠨ ᠤ ᠭᠤᠷᠪᠠᠳᠣᠭᠠᠷ ᠲᠣᠮᠳᠠᠳᠣ ᠰᠣᠷᠭᠠᠭᠤᠯᠢ ᠲᠠᠢ ᠬᠠᠮᠳᠣᠷᠠᠨ ᠰᠣᠷᠭᠠᠨ ᠬᠦᠮᠦᠵᠢᠯ ᠡᠷᠬᠢᠯᠡᠬᠦ ᠬᠠᠮᠳᠣᠷᠠᠯᠴᠠᠭ᠎ᠠ ᠪᠠᠨ ᠴᠢᠩᠭᠠᠳᠬᠠᠵᠤ᠂ ᠰᠢᠯᠢᠳᠡᠭ ᠵᠠᠬᠢᠷᠤᠯ᠂ ᠰᠢᠯᠢᠳᠡᠭ ᠠᠩᠭᠢ ᠶᠢᠨ ᠡᠷᠬᠢᠯᠡᠭᠴᠢ ᠪᠠ ᠬᠢᠴᠢᠶᠡᠯ ᠲᠥᠷᠥᠯ ᠤᠨ ᠳᠠᠭᠠᠭᠤᠯᠤᠭᠴᠢ ᠶᠢ ᠬᠥᠮᠦᠵᠢᠭᠦᠯᠦᠨ ᠪᠣᠶᠢᠵᠢᠭᠤᠯᠵᠤ᠂ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ᠂ ᠮᠡᠷᠭᠡᠵᠢᠯ ᠤᠨ ᠴᠣᠯᠠ ᠲᠣᠭᠲᠠᠭᠠᠬᠤ ᠲᠠᠯ᠎ᠠ ᠪᠠᠷ ᠬᠠᠷᠠᠭᠠᠯᠵᠠᠯ ᠦᠵᠡᠭᠦᠯᠦᠨ᠎ᠡ᠃ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠶᠢᠨ ᠡᠩᠨᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠴᠢᠩᠭᠠᠳᠬᠠᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠭᠤᠷᠪᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠣᠯᠤᠨ ︽ᠰᠤᠷᠤᠭᠴᠢ ᠶᠢ ᠬᠠᠮᠠᠭᠠᠯᠠᠵᠤ ᠰᠤᠷᠭᠠᠭᠤᠯᠢ ᠶᠢᠨ ᠠᠮᠤᠷ ᠳᠥᠪᠰᠢᠨ ᠢ ᠪᠠᠲᠤᠯᠠᠬᠤ︾ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠡᠷᠴᠢᠮᠳᠠᠢ ᠪᠠᠳᠤᠯᠠᠨ᠎ᠠ᠃ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠭᠦᠯᠬᠦ ᠠᠵᠢᠯ ᠢ ᠳᠥᠷᠢᠮᠵᠢᠭᠦᠯᠦᠨ᠂ ᠪᠠᠭᠰᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃      ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮᠨᠡᠯᠭᠡ ᠶᠢᠨ ᠬᠤᠷᠢᠶᠠᠨ ᠤ ᠰᠤᠷᠠᠭ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠵᠦ᠂ ᠶᠡᠷᠦᠩᠬᠡᠶ ᠡᠮᠨᠡᠯᠭᠡ ᠶᠢᠨ ᠬᠤᠷᠢᠶᠠᠨ ᠤ ᠰᠤᠷᠠᠭ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠭᠤᠣᠯᠳᠠᠯᠭ᠎ᠠ ᠲᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠰᠠᠯᠠᠭ᠎ᠠ 1᠎ ᠶᠢ ᠡᠷᠡᠮᠡᠯᠵᠡᠯᠡᠪᠡ᠃ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ 70 %᠎ ᠶᠢᠨ ᠰᠤᠮᠤ ᠪᠠᠯᠭᠠᠰᠣᠨ ︵ᠲᠠᠯᠠᠪᠠᠢ︶᠎ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ︽ᠦᠨᠳᠦᠰᠦᠨ ᠱᠠᠲᠤᠨ ᠤ ᠰᠢᠯᠢᠳᠡᠭ ᠦᠢᠯᠡᠴᠢᠯᠡᠭᠡᠨ ᠤ ᠬᠤᠷᠢᠶ᠎ᠠ︾᠎ ᠶᠢᠨ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ᠃ ︽ᠦᠨᠳᠦᠰᠦᠨ ᠱᠠᠳᠣ — ᠡᠮᠨᠡᠯᠭᠡ ᠶᠢᠨ ᠬᠤᠷᠢᠶᠠᠨ ᠳᠤ ᠣᠷᠤᠬᠤ ᠠᠴᠠ ᠡᠮᠦᠨᠡᠬᠢ — ᠡᠮᠨᠡᠯᠭᠡ ᠶᠢᠨ ᠬᠤᠷᠢᠶᠠᠨ ᠳᠤ ᠣᠷᠣᠭᠰᠠᠨ ᠤ ᠳᠠᠷᠠᠭᠠᠬᠢ︾ ᠲᠦᠷᠭᠡᠨ ᠠᠪᠤᠷᠠᠬᠤ ᠰᠢᠰᠲ᠋ᠧᠮ ᠢ ᠪᠠᠶᠢᠭᠤᠯᠵᠤ᠂ ᠬᠦᠳᠡᠭᠡᠨ ᠤ ᠡᠪᠡᠳᠴᠢᠲᠡᠨ ᠢ ᠰᠢᠯᠵᠢᠭᠦᠯᠦᠨ ᠡᠮᠨᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠮᠴᠢᠯᠡᠬᠦ ᠠᠵᠢᠯ ᠤᠨ ᠬᠢᠨᠠᠨ ᠳᠣᠭᠳᠠᠭᠠᠯᠳᠠ ᠶᠢᠨ ᠨᠤᠷᠮ᠎ᠠ ᠶᠢ 100 %᠎ ᠳᠤ ᠬᠦᠷᠭᠡᠨ᠎ᠡ᠃      ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠪᠠᠬᠢᠵᠢᠭᠦᠯᠦᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠲᠠᠢ ᠬᠤᠯᠪᠤᠭᠳᠠᠬᠤ ᠲᠥᠷᠥᠯ ᠵᠦᠶᠯ ᠢ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠶᠳᠪᠦᠷᠢ ᠭᠠᠷᠭᠠᠬᠤ ᠳᠥᠷᠢᠮ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠨᠡᠶᠢᠭᠡᠮ ᠎ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 93 %᠎ ᠠᠴᠠ ᠳᠡᠭᠡᠭᠰᠢ ᠳᠤ ᠬᠦᠷᠭᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠪᠠᠶᠢᠩᠭᠤ ᠶᠢᠨ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 %᠎ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠨᠠᠰᠤᠵᠢᠯ ᠎ ᠤᠨ ᠦᠢᠯᠡᠴᠢᠯᠡᠭᠡᠨ ᠤ ᠶᠠᠰᠣ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠤᠮᠤ ᠪᠠᠯᠭᠠᠰᠤᠨ ᠤ ᠲᠡᠰ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 3᠂ ᠭᠠᠴᠠᠭ᠎ᠠ ᠲᠣᠰᠬᠤᠨ ᠤ ᠲᠡᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 3᠎ ᠶᠢ ᠥᠭᠡᠷᠡᠴᠢᠯᠡᠨ ᠵᠠᠰᠠᠨ᠎ᠠ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠷᠭ᠎ᠠ ᠵᠠᠮ ᠢ ᠥᠷᠭᠡᠳᠬᠡᠵᠦ᠂ ᠲᠥᠪᠬᠢᠨᠡᠭᠦᠯᠬᠦ ᠨᠣᠷᠮ᠎ᠠ ᠶᠢ 100 %᠎ ᠳᠤ ᠬᠦᠷᠭᠡᠬᠦ ᠶᠢ ᠪᠠᠲᠤᠯᠠᠨ᠎ᠠ᠃ ᠬᠡᠦᠬᠡᠳ ᠠᠰᠠᠷᠠᠨ ᠬᠦᠮᠦᠵᠢᠬᠦᠯᠬᠦ ᠦᠢᠯᠡᠴᠢᠯᠡᠭᠡ ᠶᠢ ᠲᠦᠭᠡᠮᠡᠯᠵᠢᠬᠦᠯᠵᠦ᠂ ᠮᠢᠩᠭᠠᠨ ᠬᠥᠮᠦᠨ ᠪᠦᠷᠢ ᠳᠤ 3. 7 ᠣᠷᠣᠨ ᠪᠠᠶᠢᠷᠢ ᠣᠯᠭᠤᠬᠤ ᠪᠠᠷ ᠴᠢᠷᠮᠠᠶᠢᠨ᠎ᠠ᠃ 30 ᠡᠷᠦᠬᠡ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠬᠤᠪᠢᠶᠠᠷᠢᠯᠠᠵᠤ᠂ ᠬᠥᠳᠡᠭᠡ ᠲᠣᠰᠬᠤᠨ ᠤ 25 ᠠᠶᠢᠯ ᠤᠨ ᠨᠣᠷᠠᠬᠤ ᠠᠶᠤᠯᠲᠠᠢ ᠭᠡᠷ ᠪᠠᠢᠰᠢᠩ ᠢ ᠵᠠᠰᠠᠨ ᠰᠢᠨᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠰ ᠲᠦᠷᠦᠯ ᠬᠤᠪᠢᠶᠠᠵᠤ᠂ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃     ︵ᠲᠠᠪᠤ︶ ᠠᠶᠤᠯ ᠠᠴᠠ ᠰᠡᠷᠭᠡᠶᠢᠯᠡᠵᠦ᠂ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠤᠨ᠎ᠠ       ᠠᠶᠤᠯᠭᠦᠶ ᠦᠶᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠠᠶᠤᠯᠭᠦᠶ ᠦᠶᠯᠡᠳᠪᠦᠷᠢᠯᠡᠯ ᠎ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠢ ᠦᠨᠳᠦᠰᠦᠨ ᠠᠴᠠ ᠎ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠨ᠎ᠠ᠃ ᠣᠢ ᠰᠢᠭᠤᠢ ᠶᠢᠨ ᠠᠶᠤᠯ ᠶᠡᠬᠡᠲᠡᠢ ᠣᠷᠣᠨ ᠤ ᠭᠠᠯ ᠤᠨ ᠠᠶᠤᠯ ᠢ ᠤᠰᠤ ᠪᠠᠷ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠰᠠᠩ ᠤᠨ ᠲᠠᠯᠠᠢ ᠳᠠᠬᠢ ᠲᠤᠰᠬᠠᠢ ᠭᠠᠯ ᠣᠨᠲᠠᠷᠠᠭᠠᠬᠤ ᠠᠪᠤᠷᠠᠨ ᠲᠤᠰᠠᠯᠠᠬᠤ ᠠᠩᠬᠢ ᠶᠢ ᠪᠠᠶᠢᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠮᠵᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ ᠶᠢ ᠪᠠᠬᠢᠵᠢᠭᠦᠯᠦᠨ᠎ᠡ᠃ ᠴᠠᠭ ᠠᠭᠤᠷ ᠎ ᠤᠨ ᠰᠡᠷᠡᠮᠵᠢ ᠶᠢᠨ ᠲᠤᠬᠢᠶ᠎ᠠ ᠪᠠ ᠭᠠᠮᠰᠢᠭ ᠢ ᠤᠷᠢᠳᠴᠢᠯᠠᠨ ᠮᠡᠳᠡᠭᠡᠯᠡᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠬᠦᠷᠦᠰᠦ ᠰᠢᠷᠤᠢ ᠶᠢᠨ ᠭᠠᠮᠰᠢᠭ ᠢ ᠰᠡᠷᠬᠡᠶᠢᠯᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠵᠦ᠂ ᠭᠠᠮᠰᠢᠭ ᠠᠴᠠ ᠠᠪᠤᠷᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠳᠬᠤᠨ᠎ᠠ᠃ ᠢᠳᠡᠭᠡᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠡᠮ ᠤᠨ ᠵᠦᠢᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃      ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ︽ᠳᠦᠷᠪᠡ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ︾᠎ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ᠂ ᠤᠳᠤᠷᠢᠳᠬᠤ ᠺᠠᠳ᠋ᠷ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠦᠨᠳᠦᠰᠦᠨ ᠱᠠᠳᠣᠨ ᠳᠤ ᠬᠦᠨᠵᠡᠭᠡᠶᠢᠷᠡᠬᠦ ᠶᠢ ᠪᠠᠶᠢᠩᠭᠤᠵᠢᠭᠤᠯᠬᠤ ᠶᠢ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠬᠢᠳᠠᠯ ᠰᠣᠷᠪᠤᠯᠵᠢᠯᠠᠯ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ︽ᠵᠥᠷᠢᠴᠡᠯ ᠤᠨ ᠲᠦᠭᠰᠢᠬᠦᠷᠢ ᠶᠢ ᠨᠠᠮᠳᠠᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ︽ᠣᠶᠣᠨᠴᠢᠯᠠᠭᠰᠠᠨ ᠬᠠᠤᠯᠢ ᠴᠠᠭᠠᠵᠠ︾᠎ ᠶᠢᠨ ᠲᠠᠪᠴᠠᠩ ᠪᠣᠯᠣᠨ ᠠᠷᠠᠳ ᠤᠨ ᠡᠶᠡᠳᠡᠭᠦᠯᠦᠭᠴᠢ ᠶᠢᠨ ᠦᠢᠯᠡᠳᠦᠯ ᠢ ᠪᠠᠳᠠᠷᠠᠭᠤᠯᠵᠤ᠂ ᠵᠥᠷᠢᠴᠡᠯ ᠵᠢᠭᠤᠷᠠᠭᠠᠨ ᠢ ᠦᠨᠳᠦᠰᠦᠨ ᠱᠠᠲᠤᠨ ᠳᠤᠨᠢ ᠰᠢᠶᠳᠪᠦᠷᠢᠯᠡᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠬᠤᠤᠷ ᠴᠠᠭᠠᠵᠠᠯᠠᠬᠤ ᠠᠵᠢᠯ ᠢ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠵᠦ᠂ ᠱᠠᠯᠢᠭ ᠵᠠᠪᠬᠠᠢ᠂ ᠮᠦᠷᠦᠢ ᠲᠠᠢ ᠲᠣᠭᠯᠠᠭᠠᠮ᠂ ᠬᠤᠤᠷ ᠲᠠᠲᠠᠬᠤ᠂ ᠬᠤᠯᠠᠭᠠᠢ ᠳᠡᠭᠡᠷᠡᠮ ᠂ ᠮᠡᠬᠡᠯᠡᠯ ᠤᠨ ᠶᠠᠯᠠᠲᠤ ᠬᠡᠷᠡᠭ ᠢ ᠴᠢᠩᠭ᠎ᠠ ᠪᠠᠷ ᠰᠢᠢᠳᠬᠡᠵᠦ᠂ ᠠᠮᠢ ᠠᠬᠤᠢ ᠶᠢᠨ ᠬᠠᠮᠠᠭᠠᠯᠠᠯᠲᠠ᠂ ᠢᠳᠡᠭᠡᠨ ᠤᠮᠳᠠᠭᠠᠨ᠂ ᠡᠮ ᠎ ᠤᠨ ᠵᠦᠢᠯ᠂ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠨᠠᠩ ᠪᠠᠳᠣᠳᠬᠠᠨ᠎ᠠ᠃      ᠠᠵᠤ ᠠᠬᠤᠶ ᠮᠥᠩᠭᠦᠨ ᠭᠦᠶᠯᠭᠡᠭᠡᠨ ᠤ ᠠᠮᠤᠷ ᠲᠦᠪᠰᠢᠨ ᠢ ᠬᠠᠮᠠᠭᠠᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ᠥᠷᠢ ᠰᠢᠷᠢ ᠶᠢ ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠣᠨ᠎ᠠ᠃ ᠡᠳ᠋ ᠤᠨ ᠵᠠᠰᠠᠭ ᠤᠨ ᠳᠠᠭᠠᠭᠠᠴᠠ ᠶᠢᠨ ᠴᠢᠳᠠᠪᠤᠷᠢ ᠶᠢᠨ ᠦᠨᠡᠯᠡᠨ ᠨᠣᠲᠠᠯᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠪᠡᠯᠡ ᠣᠷᠣᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠬᠠᠤᠯᠢ ᠪᠤᠰᠤ ᠮᠥᠩᠭᠦᠨ ᠭᠦᠶᠯᠭᠡᠭᠡᠨ ᠎ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠪᠠ ᠪᠠᠩᠬᠢ ᠶᠢᠨ ᠪᠠᠶᠢᠭᠤᠯᠤᠮᠵᠢ ᠲᠠᠢ ᠬᠠᠮᠵᠢᠯᠴᠠᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠶᠳᠪᠦᠷᠢᠯᠡᠬᠦ ᠠᠵᠢᠯ ᠎ ᠢ ᠰᠠᠶᠢᠲᠤᠷ ᠬᠢᠵᠦ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠲᠥᠰᠦᠪ ᠤᠨ ᠦᠷ᠎ᠡ ᠪᠦᠳᠦᠮᠵᠢ ᠶᠢᠨ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠎ ᠢ ᠳᠡᠭᠡᠭᠰᠢᠯᠡᠭᠦᠯᠦᠨ᠎ᠡ᠃ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ︽ᠠᠷᠪᠢᠴᠢ ᠭᠠᠮᠲᠠᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠳᠣᠯᠠᠬᠤ ᠭᠡᠷᠡᠭᠲᠡᠢ᠃      ᠡᠭᠦᠨ ᠤ ᠬᠠᠮᠲᠤ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠬᠤᠶᠢᠴᠢ ᠦᠶ᠎ᠡ ᠎ ᠪᠠᠨ ᠬᠠᠯᠠᠮᠵᠢᠯᠠᠬᠤ ᠵᠦᠪᠯᠡᠯ ᠵᠡᠷᠭᠡ ᠣᠯᠠᠨ ᠨᠡᠶᠢᠲᠠ ᠶᠢᠨ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠰᠠᠶᠢᠲᠤᠷ ᠪᠠᠳᠠᠷᠠᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠢᠨᠠᠨ ᠪᠣᠳᠣᠯᠲᠠ᠂ ᠲᠤᠭ᠎ᠠ ᠪᠦᠷᠢᠳᠬᠡᠯ᠂ ᠴᠠᠭ ᠠᠭᠤᠷ᠂ ᠲᠡᠦᠬᠡ ᠣᠶᠢᠯᠠᠯᠭ᠎ᠠ᠂ ᠲᠠᠩᠰᠠ ᠡᠪᠬᠡᠮᠡᠯ ᠤᠨ ᠠᠵᠢᠯ ᠢ ᠰᠠᠶᠢᠳᠣᠷ ᠠᠬᠢᠭᠤᠯᠤᠨ᠎ᠠ᠃     ︵ᠵᠢᠷᠭᠤᠭ᠎ᠠ︶ ᠠᠩᠬᠠᠨ ᠤ ᠵᠤᠷᠢᠯᠲᠠ ᠪᠠᠨ ᠮᠠᠷᠳᠠᠯ ᠦᠭᠡᠢ᠂ ᠪᠣᠳᠠᠲᠠᠢ ᠠᠵᠢᠯᠯᠠᠵᠤ᠂ ᠵᠠᠰᠠᠭ ᠤᠨ ᠣᠷᠳᠣᠨ ᠤ ᠴᠢᠳᠠᠮᠵᠢ ᠶᠢ ᠳᠡᠭᠡᠭᠰᠢᠯᠡᠭᠦᠯᠦᠨ᠎ᠡ       ᠤᠯᠤᠰ ᠲᠦᠷᠦ ᠶᠢ ᠡᠷᠬᠢᠮᠯᠡᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠎ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠰᠢᠳᠤᠷᠭᠤ ᠪᠠᠷ ᠦᠶᠯᠡᠳᠦᠯᠭᠡᠵᠢᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠡᠨᠡ ᠬᠦ ᠭᠤᠤᠯ ᠰᠢᠵᠢᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠲᠤᠤᠱᠯᠠᠭᠤᠯᠤᠨ᠎ᠠ᠃ ᠦᠵᠡᠯ ᠤᠬᠠᠮᠰᠠᠷ ᠎ ᠤᠨ ᠬᠡᠯᠪᠡᠷᠢ ᠶᠢᠨ ᠠᠵᠢᠯ ᠢ ᠦᠷᠭᠦᠯᠵᠢᠯᠡᠨ ᠴᠢᠩᠭᠠᠳᠬᠠᠨ᠎ᠠ᠃       ᠬᠠᠤᠯᠢ ᠪᠠᠷ ᠵᠠᠰᠠᠬᠤ ᠶᠢ ᠲᠤᠤᠱᠲᠠᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠎ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ᠃ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠶᠯ ᠤᠨ ᠲᠦᠷᠢᠮ︾᠎ ᠢ ᠭᠦᠨᠵᠡᠭᠡᠶ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠶᠣᠰᠣᠭᠠᠷ ᠵᠠᠰᠠᠭ ᠪᠠᠷᠢᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠪᠠᠶᠢᠭᠤᠯᠭ᠎ᠠ ᠪᠠ ᠰᠢᠬᠦᠬᠦ ᠬᠤᠷᠢᠶ᠎ᠠ ᠬᠠᠮᠲᠤᠷᠠᠨ ᠬᠥᠳᠡᠯᠦᠯᠴᠡᠬᠦ᠂ ᠵᠠᠰᠠᠭ ᠎ ᠤᠨ ᠪᠠᠶᠢᠭᠤᠯᠭ᠎ᠠ ᠪᠠ ᠪᠠᠶᠢᠴᠠᠭᠠᠬᠤ ᠬᠤᠷᠢᠶ᠎ᠠ ᠬᠠᠮᠲᠤᠷᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ᠂ ᠨᠡᠶᠢᠭᠡᠮ ᠪᠠ ᠶᠡᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠨᠠᠭᠤᠯᠭ᠎ᠠ ᠳᠤᠷᠠᠳᠤᠯᠭ᠎ᠠ ᠶᠢ ᠪᠦᠲᠦᠮᠵᠢᠲᠡᠶ ᠭᠦᠶᠴᠡᠳᠬᠡᠨ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠬᠠᠷᠢᠭᠤᠴᠠᠯᠭᠠᠳᠣ ᠣᠪᠣᠷ ᠢᠶᠠᠷ ᠨᠡᠶᠢᠭᠡᠮ ᠤᠨ ᠡᠯ᠎ᠡ ᠡᠲᠡᠭᠡᠳ ᠤᠨ ᠢᠳᠡᠭᠡᠮᠵᠢ ᠶᠢ ᠲᠡᠭᠡᠭᠰᠢᠯᠡᠬᠦᠯᠦᠨ᠎ᠡ᠃      ᠨᠠᠶᠢᠳᠠᠪᠤᠷᠢᠵᠢᠭᠤᠯᠤᠯᠲᠠ ᠶᠢ ᠠᠳᠬᠤᠵᠣ᠂ ᠬᠠᠷᠢᠭᠤᠴᠠᠯᠭ᠎ᠠ ᠡᠭᠦᠷᠭᠡᠯᠡᠯ ᠢᠶᠠᠨ ᠪᠡᠶᠡᠯᠡᠬᠦᠯᠦᠨ᠎ᠡ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠲᠥᠷᠥ ᠶᠢᠨ ᠪᠣᠳᠣᠯᠭ᠎ᠠ ᠶᠢ ᠰᠤᠷᠤᠯᠴᠠᠵᠤ᠂ ᠲᠤᠬᠠᠶᠢᠯᠠᠭᠰᠠᠨ ᠠᠵᠢᠯ ᠢ ᠡᠷᠴᠢᠮᠵᠢᠬᠦᠯᠵᠦ᠂ ᠴᠢᠳᠠᠪᠤᠷᠢ ᠪᠠᠨ ᠳᠡᠭᠡᠭᠰᠢᠯᠡᠬᠦᠯᠦᠨ᠎ᠡ᠃ ᠡᠷᠴᠢᠮᠲᠠᠢ ᠲᠣᠣᠱᠲᠠᠢ ᠠᠵᠢᠯ ᠤᠨ ᠪᠠᠶᠢᠳᠠᠯ ᠢᠶᠠᠨ ᠢᠮᠠᠭᠲᠠ ᠪᠠᠲᠤᠯᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ ᠪᠣᠯᠣᠮᠠᠭᠴᠠ ᠳᠠᠷᠤᠶ ᠲᠦᠷᠭᠡᠨ ᠨᠠᠶᠢᠳᠠᠪᠣᠷᠢᠵᠢᠭᠤᠯᠵᠤ᠂ ᠠᠵᠢᠯ ᠤᠨ ᠪᠠᠶᠢᠷᠢᠯᠠᠭᠤᠯᠤᠯᠲᠠ ᠭᠠᠷᠣᠮᠠᠭᠴᠠ ᠳᠠᠷᠤᠶᠢᠬᠠᠨ ᠴᠢᠩᠭ᠎ᠠ ᠠᠳᠬᠤᠨ ᠪᠣᠳᠠᠳᠠᠢ ᠠᠬᠢᠭᠤᠯᠵᠤ᠂ ᠠᠵᠢᠯ ᠠᠬᠢᠯᠲᠠ ᠲᠠᠢ ᠪᠣᠯ ᠲᠠᠷᠣᠶᠢᠬᠠᠨ ᠬᠠᠷᠢᠭᠤ ᠮᠡᠳᠡᠭᠦᠯᠵᠦ᠂ ᠴᠠᠭ ᠢᠮᠠᠭᠲᠠ ᠤᠷᠤᠭᠰᠢᠯᠠᠨ ᠲᠡᠷᠢᠬᠦᠯᠡᠵᠦ᠂ ᠰᠢᠯᠢᠳᠡᠭ ᠢ ᠡᠭᠦᠳᠦᠨ᠎ᠡ᠃ ᠡᠳᠦᠷ ᠤᠨ ᠠᠵᠢᠯ ᠢ ᠡᠳᠦᠷ ᠲᠤ ᠨᠢ ᠲᠠᠭᠤᠰᠬᠠᠵᠤ᠂ ᠠᠵᠢᠯ ᠢ ᠲᠠᠷᠣᠬᠤ ᠦᠬᠡᠢ᠂ ᠬᠤᠶᠢᠰᠢᠯᠠᠭᠤᠯᠵᠤ ᠣᠳᠠᠭᠠᠰᠢᠷᠠᠭᠤᠯᠬᠤ ᠦᠭᠡᠢ᠃     ᠰᠣᠷᠲᠠᠯ ᠢ ᠴᠡᠭᠴᠡᠯᠡᠨ ᠰᠠᠬᠢᠯᠭ᠎ᠠ ᠶᠢ ᠴᠢᠩᠳᠡᠯᠡᠬᠦ ᠶᠢ ᠰᠢᠨᠳᠠᠷᠠᠰᠢ ᠦᠭᠡᠢ ᠪᠠᠷᠢᠮᠳᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾᠎ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠲᠥᠪ ᠬᠤᠷᠢᠶᠠᠨ ᠤ ᠨᠠᠶᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠲᠦᠪ ᠪᠣᠰᠤ ᠰᠣᠷᠳᠠᠯ︾᠎ ᠢ ᠴᠢᠩᠭ᠎ᠠ ᠬᠦᠨᠵᠡᠭᠡᠶᠢᠷᠡᠬᠦᠯᠦᠨ ᠴᠡᠭᠴᠡᠯᠡᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ︽ᠣᠳᠠᠭᠠᠯᠢᠭ᠂ ᠪᠦᠳᠦᠭᠦᠯᠢᠭ᠂ ᠬᠡᠶᠢᠰᠪᠦᠷᠢ︾ ᠣᠪᠣᠷ ᠰᠣᠷᠳᠠᠯ ᠤᠨ ᠠᠷᠬᠠᠭ ᠢ ᠡᠷᠡᠰ ᠵᠠᠰᠠᠨ ᠵᠠᠯᠠᠷᠠᠭᠤᠯᠵᠣ᠂ ᠣᠬᠤᠷᠬᠠᠨ ᠬᠤᠷᠠᠯ ᠬᠢᠵᠦ᠂ ᠠᠪᠰᠠᠷᠬᠠᠨ ᠶᠠᠷᠢᠶ᠎ᠠ ᠲᠠᠯᠪᠢᠨ᠂ ᠬᠡᠳᠦᠷᠬᠡᠢ ᠨᠤᠷᠰᠢᠭᠤᠨ ᠦᠨᠡᠯᠡᠨ ᠲᠣᠭᠳᠠᠭᠠᠯᠲᠠ ᠶᠢ ᠪᠠᠭᠠᠰᠬᠠᠵᠤ᠂ ᠪᠣᠳᠠᠲᠠᠢ ᠠᠷᠭ᠎ᠠ ᠬᠡᠮᠵᠢᠶ᠎ᠡ ᠪᠦᠬᠦᠢ ᠪᠢᠴᠢᠭ ᠮᠠᠲ᠋ᠧᠷᠢᠶᠠᠯ ᠢ ᠲᠠᠷᠬᠠᠭᠠᠵᠤ᠂ ᠠᠰᠠᠭᠤᠳᠠᠯ ᠰᠢᠢᠳᠪᠦᠷᠢᠯᠡᠬᠦ ᠪᠠᠶᠢᠴᠠᠭᠠᠨ ᠰᠣᠳᠣᠯᠣᠯᠲᠠ ᠶᠢ ᠦᠷᠨᠢᠬᠦᠯᠦᠨ᠂ ᠡᠯ᠎ᠡ ᠬᠦᠷᠢᠶ᠎ᠡ ᠴᠠᠷᠠᠭ᠎ᠠ ᠳᠤ ᠰᠠᠶᠢᠨ ᠦᠷ᠎ᠡ ᠪᠦᠳᠦᠮᠵᠢ ᠭᠠᠷᠭᠠᠬᠤ ᠶᠢ ᠠᠬᠢᠭᠤᠯᠵᠤ᠂ ᠣᠯᠠᠨ ᠲᠦᠮᠡᠨ ᠳᠤ ᠦᠨᠡᠨ ᠪᠣᠳᠠᠲᠠᠶ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠶᠢᠳᠠᠯ ᠢ ᠬᠠᠷᠠᠭᠤᠯᠤᠨ᠎ᠠ᠃    ᠲᠥᠯᠥᠭᠡᠯᠡᠭᠴᠢᠳ ᠡ︕ ᠰᠢᠷᠭᠠᠭᠤ ᠲᠡᠮᠡᠴᠡᠵᠦ ᠬᠢᠯᠠᠯᠵᠠᠭᠰᠠᠨ ᠠᠮᠵᠢᠯᠲᠠ ᠶᠢ ᠣᠯᠵᠣ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠬᠦᠦ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠷᠡᠯᠭᠡᠭᠯᠡᠨ ᠣᠷᠣᠭᠰᠢᠯᠠᠵᠤ᠂ ᠰᠢᠷᠭᠠᠭᠤ ᠠᠵᠢᠯᠯᠠᠵᠤ᠂ ᠣᠳᠣᠬᠢᠴᠢᠯᠠᠭᠰᠠᠨ ᠰᠢᠯᠤᠭᠤᠨ ᠬᠥᠬᠡ ᠬᠤᠰᠢᠭᠤ ᠶᠢ ᠪᠦᠳᠦᠭᠡᠨ ᠪᠠᠶᠢᠭᠤᠯᠬᠤ ᠶᠢᠨ ᠲᠥᠯᠥᠭᠡ ᠲᠡᠮᠡᠴᠡᠵᠡᠭᠡᠶ᠎ᠡ︕ ᠨᠡᠷ᠎ᠡ ᠦᠭᠡᠰ ᠤᠨ ᠲᠠᠶᠢᠯᠪᠤᠷᠢ
  1. ︽ᠬᠤᠶᠠᠷ ᠶᠡᠭᠡ ᠶᠠᠪᠤᠳᠠᠯ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ
  1. ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠃
  1. 2. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ
  1. ᠰᠡᠷᠭᠡᠶᠢᠯᠡᠨ ᠵᠠᠰᠠᠬᠤ ᠪᠠ ᠰᠠᠯᠬᠢᠨ ᠤ ᠡᠨᠧᠷᠭᠢ ᠨᠠᠷᠠᠨ ᠤ ᠡᠨᠧᠷᠭᠢ ᠶᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ
  1. ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ
  1. ᠲᠧᠭᠨᠢᠭ ᠮᠡᠷᠭᠡᠵᠢᠯ ᠤᠨ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃
  1. 3. ︽ᠵᠢᠷᠭᠤᠭᠠᠨ ᠠᠵᠢᠯᠯᠠᠭ᠎ᠠ︾᠄ ᠴᠢᠬᠤᠯᠠ ᠶᠡᠭᠡ ᠲᠥᠷᠥᠯ ᠵᠦᠶᠯ ᠢ ᠰᠦᠪᠡᠭᠴᠢᠯᠡᠨ ᠲᠥᠰᠦᠪᠯᠡᠬᠦ ᠠᠵᠢᠯᠯᠠᠭ᠎ᠠ᠂ ᠠᠵᠤ
  1. ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂
  1. ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ
  1. ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ᠃
  1. 4. ︽ᠬᠤᠶᠠᠷ ᠴᠢᠬᠤᠯᠠ︾᠄ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ
  1. ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ᠃
  1. 5. ︽ᠬᠤᠶᠠᠷ ᠰᠢᠨ᠎ᠡ︾᠄ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ ᠬᠠᠭᠤᠴᠢᠨ
  1. ᠎ ᠢᠶᠠᠷ ᠰᠢᠨ᠎ᠡ ᠶᠢ ᠰᠣᠯᠢᠬᠤ᠃
  1. 6. ︽ᠬᠤᠶᠠᠷ ᠭᠤᠶᠢᠪᠢᠰᠢ ᠦᠭᠡᠶ︾᠄ ᠨᠡᠶᠢᠲᠡ ᠶᠢᠨ ᠦᠮᠴᠢᠯᠡᠯᠳᠦ ᠠᠵᠤ ᠠᠬᠤᠶ ᠶᠢ ᠭᠤᠶᠢᠪᠢᠰᠢ ᠦᠭᠡᠶ ᠪᠠᠬᠢᠵᠢᠭᠦᠯᠦᠨ
  1. ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠭᠤᠶᠢᠪᠢᠰᠢ ᠦᠭᠡᠶ
  1. ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠬᠤ᠃
  1. 7. ︽1131︾ ᠦᠢᠯᠡᠴᠢᠯᠡᠭᠡᠨ ᠤ ᠳᠠᠪᠴᠠᠩ᠄ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ
  1. ᠣᠯᠭᠤᠯᠲᠠ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ‍ ᠨᠢᠭᠡ ᠵᠦᠢᠯ
  1. ᠎ ᠤᠨ ᠦᠢᠯᠡᠴᠢᠯᠡᠭᠡ ᠪᠤᠯᠤᠨ᠎ᠠ᠃ ᠳᠠᠷᠤᠶ 1 ᠤᠳᠠᠭᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ᠂ 1
  1. ᠤᠳᠠᠭᠠᠨ ᠤ ᠠᠵᠢᠯ ᠮᠡᠷᠭᠡᠵᠢᠯ ᠤᠨ ᠵᠢᠯᠣᠭᠤᠳᠣᠯᠭ᠎ᠠ᠂ 3 ᠤᠳᠠᠭᠠᠨ ᠤ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ 1
  1. ᠤᠳᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ ᠠᠵᠢᠯ ᠣᠯᠭᠤᠯᠲᠠ ᠶᠢᠨ ᠳᠠᠳᠤᠯᠭ᠎ᠠ ᠶᠢᠨ ᠲᠣᠬᠢᠶᠠᠯ ᠢ
  1. ᠵᠢᠭᠠᠵᠣ ᠪᠤᠢ᠃
  1. 8 .︽ᠭᠤᠷᠪᠠ ᠶᠢ ᠪᠠᠲᠤᠯᠠᠬᠤ︾᠄ ᠠᠯᠪᠠᠨ ᠵᠢᠷᠤᠮ ᠤᠨ ᠰᠤᠷᠭᠠᠨ ᠬᠥᠮᠦᠵᠢᠯ ᠪᠠᠲᠤᠯᠠᠭ᠎ᠠ ᠲᠠᠢ᠂ ᠦᠨᠳᠦᠰᠦᠨ ᠡᠮ ᠡᠮᠨᠡᠯᠭᠡ
  1. ᠪᠠᠲᠤᠯᠠᠭ᠎ᠠ ᠲᠠᠢ᠂ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ᠃
  1. 9 . ︽ᠲᠦᠷᠪᠡᠨ ᠵᠦᠢᠯ ᠢ ᠴᠡᠭᠴᠡᠯᠡᠬᠦ︾᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ
  1. ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠶᠢ ᠴᠡᠭᠴᠡᠯᠡᠬᠦ᠃
  1. 10 . ︽ᠬᠤᠶᠠᠷ ᠵᠦᠶᠯ ᠤᠨ ᠨᠥᠬᠦᠪᠥᠷᠢ︾᠄ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠣᠨᠴᠠ
  1. ᠪᠡᠷᠭᠡᠰᠢᠶᠡᠯ ᠲᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠃
  1. 11 . ︽ᠳᠥᠷᠪᠡ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ︾᠄ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ
  1. ᠪᠣᠳᠣᠯᠭ᠎ᠠ ᠶᠢ ᠦᠨᠳᠦᠰᠦᠨ ᠱᠠᠲᠤᠨ ᠳᠤ ᠣᠯᠠᠮᠵᠢᠯᠠᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ
  1. ᠬᠦᠨᠵᠡᠭᠡᠶᠢᠷᠡᠬᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠨ ᠠᠪᠣᠯᠳᠠ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦ᠂
  1. ᠠᠬᠤᠢ ᠲᠠᠯᠠᠪᠠᠢ ᠳᠤ ᠬᠦᠷᠴᠦ ᠠᠵᠢᠯᠯᠠᠬᠤ ᠶᠢ ᠦᠨᠳᠦᠰᠦᠨ ᠱᠠᠲᠤᠨ ᠳᠤ ᠬᠦᠨᠵᠡᠭᠡᠶᠢᠷᠡᠬᠦᠯᠬᠦ᠃
  1. 12. ︽ᠭᠤᠷᠪᠠ ᠶᠢ ᠪᠣᠳᠠᠳᠠᠶᠢᠵᠢᠭᠤᠯᠵᠤ ᠨᠢᠭᠡ ᠶᠢ ᠰᠢᠶᠳᠪᠦᠷᠢᠯᠡᠬᠦ︾᠄ ᠣᠯᠠᠨ ᠲᠦᠮᠡᠨ ᠤ ᠵᠦᠶ ᠶᠣᠰᠣᠨ ᠤ ᠬᠦᠰᠡᠯ
  1. ᠱᠠᠭᠠᠷᠳᠠᠯᠭ᠎ᠠ ᠶᠢ ᠰᠢᠢᠳᠪᠦᠷᠢᠯᠡᠬᠦ ᠶᠢ ᠪᠣᠳᠠᠳᠠᠶᠢᠵᠢᠭᠤᠯᠬᠤ᠂ ᠶᠣᠰᠣ ᠪᠤᠰᠤ ᠬᠦᠰᠡᠯ ᠱᠠᠭᠠᠷᠳᠠᠯᠭ᠎ᠠ ᠳᠤ ᠦᠵᠡᠯ ᠰᠠᠨᠠᠭᠠᠨ ᠤ
  1. ᠬᠥᠮᠦᠵᠢᠯ ᠬᠦᠷᠳᠡᠭᠡᠬᠦ ᠶᠢ ᠪᠣᠳᠠᠳᠠᠶᠢᠵᠢᠭᠤᠯᠬᠤ᠂ ᠠᠮᠢᠳᠤᠷᠠᠯ ᠬᠦᠴᠢᠷᠳᠡᠯᠲᠡᠶ ᠶᠢ ᠨᠢ ᠬᠠᠪᠰᠤᠷᠤᠨ ᠲᠡᠳᠬᠦᠵᠦ ᠠᠪᠤᠷᠠᠨ
  1. ᠲᠤᠰᠠᠯᠠᠬᠤ ᠶᠢ ᠪᠣᠳᠠᠳᠠᠶᠢᠵᠢᠭᠤᠯᠬᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢ ᠬᠠᠤᠯᠢ ᠶᠣᠰᠣᠭᠠᠷ
  1. ᠰᠢᠢᠳᠪᠦᠷᠢᠯᠡᠬᠦ᠃
  1. 13. ︽ᠭᠤᠷᠪᠠ ᠶᠢ ᠪᠠᠲᠤᠯᠠᠬᠤ︾᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠣᠯᠭᠤᠮᠵᠢ ᠶᠢ
  1. ᠪᠠᠲᠤᠯᠠᠬᠤ᠂ ᠪᠡᠯᠡ ᠮᠦᠩᠭᠦᠨ ᠤ ᠡᠷᠭᠢᠯᠲᠡ ᠪᠠ ᠵᠠᠷᠤᠯᠭ᠎ᠠ ᠶᠢ ᠪᠠᠳᠣᠯᠠᠬᠤ᠃
  1. 14. ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠰᠢᠶᠳᠪᠦᠷᠢᠲᠦ ᠪᠣᠳᠣᠯᠭ᠎ᠠ᠂ ᠭᠤᠣᠯᠳᠠᠯᠭᠠᠲᠠᠢ ᠺᠠᠳ᠋ᠷ ᠢ
  1. ᠲᠣᠮᠢᠯᠠᠬᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠤᠨ ᠲᠣᠬᠢᠷᠠᠭᠤᠯᠤᠯᠲᠠ ᠪᠠ ᠶᠡᠭᠡ ᠬᠡᠮᠵᠢᠶᠡᠨ ᠤ ᠪᠡᠯᠡ ᠮᠥᠩᠭᠦ
  1. ᠎ ᠶᠢᠨ ᠬᠡᠷᠡᠭᠯᠡᠯᠲᠡ᠃
  1. 15. ︽ᠭᠤᠷᠪᠠᠨ ᠵᠦᠢᠯ ᠤᠨ ᠳᠦᠷᠢᠮ︾᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ
  1. ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ
  1. ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠯᠤᠯᠲᠠ ᠶᠢᠨ ᠳᠦᠷᠢᠮ᠃
2024 ᠵᠠᠰᠠᠭ ᠤᠨ ᠣᠷᠳᠣᠨ ᠤ ᠠᠵᠢᠯ ᠤᠨ ᠢᠯᠡᠳᠬᠡᠯ
  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号