| | 1 ᠰᠠᠷ᠎ᠠ ᠶᠢᠨ 11 ᠤ ᠦᠳᠡ ᠶᠢᠨ ᠬᠤᠶᠢᠨ᠎ᠠ᠂ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠯ᠎ᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠪᠥᠸᠧ ᠹᠧᠩ᠂ | ᠯᠢᠦ ᠰᠢᠶᠤᠤ ᠮᠢᠨ᠂ ᠰᠣᠶᠣᠯᠲᠤ᠂ ᠹᠧᠩ ᠵᠢᠶᠠᠨ ᠵᠢᠶᠦ᠋ᠨ᠂ ᠵᠠᠩ ᠯᠢ ᠪᠢᠨ᠂ ᠪᠦᠷᠢᠨᠪᠠᠲᠤ᠂ ᠤᠷᠠᠨ᠎ᠠ᠂ ᠶᠢᠨ ᠱᠠᠨ | ᠵᠢᠴᠢ ᠪᠤᠰᠤᠳ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠬᠤᠷᠠᠯ ᠳᠤ ᠤᠷᠤᠯᠴᠠᠵᠤ᠂ ᠰᠣᠶᠣᠯᠲᠤ ᠬᠤᠷᠠᠯ | ᠢ ᠡᠷᠬᠢᠯᠡᠵᠡᠢ᠃ | ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ 25 ᠬᠥᠮᠦᠨ ᠪᠠᠶᠢᠵᠦ᠂ | 23 ᠬᠥᠮᠦᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ | ᠨᠡᠷᠡᠰ᠂ ᠭᠦᠶᠴᠡᠳᠬᠡᠭᠴᠢ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ᠂ ᠬᠤᠷᠠᠯ ᠤᠨ ᠳᠠᠷᠠᠭᠠᠯᠠᠯ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠵᠢᠴᠢ | ᠰᠢᠶᠳᠪᠦᠷᠢ ᠪᠠ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠬᠡᠯᠪᠡᠷᠢ ᠶᠢ ᠪᠠᠲᠤᠯᠠᠵᠤ᠂ ᠬᠤᠷᠠᠯ ᠠᠴᠠ ᠰᠣᠩᠭᠤᠭᠤᠯᠢ | ᠶᠢᠨ ᠠᠷᠭ᠎ᠠ ︵ᠲᠥᠰᠦᠯ︶᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠳᠤ ᠪᠢᠯᠧᠲ ᠥᠭᠬᠦ ᠠᠷᠭ᠎ᠠ ︵ᠲᠥᠰᠦᠯ︶ ᠶᠢ ᠪᠠᠳᠤᠯᠠᠭᠰᠠᠨ | ᠪᠠᠶᠢᠨ᠎ᠠ᠃ | ᠪᠠᠲᠤᠯᠠᠭᠰᠠᠨ ᠤ ᠳᠠᠷᠠᠭᠠᠬᠢ ᠰᠣᠩᠭᠤᠭᠤᠯᠢ ᠶᠢᠨ ᠠᠷᠭ᠎ᠠ ︵ᠲᠥᠰᠦᠯ︶᠂ ᠪᠢᠯᠧᠲ ᠥᠭᠬᠦ ᠠᠷᠭ᠎ᠠ ︵ᠲᠥᠰᠦᠯ︶ | ᠶᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠶᠠᠷᠢᠯᠴᠠᠭᠤᠯᠪᠠ᠃ | |