ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠡᠯᠡᠳᠬᠡᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
      1 ᠰᠠᠷ᠎ᠠ ᠶᠢᠨ 11 ᠤ ᠦᠳᠡ ᠶᠢᠨ ᠬᠤᠶᠢᠨ᠎ᠠ᠂ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ  ᠤ ᠪᠡᠯᠡᠳᠭᠡᠯ ᠬᠤᠷᠠᠯ ᠬᠤᠰᠢᠭᠤ ᠬᠤᠷᠠᠯ ᠤᠨ ᠲᠥᠪ ᠲᠤ ᠬᠤᠷᠠᠯᠳᠤᠯ᠎ᠠ᠃ ᠬᠤᠰᠢᠭᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ ᠬᠤᠷᠠᠯ ᠢ ᠡᠷᠬᠢᠯᠡᠵᠦ᠂ ᠬᠤᠰᠢᠭᠤ ᠨᠠᠮ  ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠯᠢ ᠪᠢᠨ᠂ ᠪᠦᠷᠢᠨᠪᠠᠲᠤ᠂ ᠤᠷᠠᠨ᠎ᠠ᠂ ᠶᠢᠨ ᠱᠠᠨ ᠵᠡᠷᠭᠡ ᠤᠳᠤᠷᠢᠳᠤᠯᠭ᠎ᠠ ᠬᠤᠷᠠᠯ ᠳᠤ ᠤᠷᠤᠯᠴᠠᠵᠠᠢ᠃     ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 164 ᠬᠥᠮᠦᠨ ᠪᠠᠶᠢᠵᠦ᠂ ᠪᠡᠯᠡᠳᠬᠡᠯ ᠬᠤᠷᠠᠯ ᠳᠤ 150 ᠬᠥᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃     ᠬᠤᠷᠠᠯ ᠠᠴᠠ ᠶᠡᠭᠡ ᠬᠤᠷᠠᠯ ᠤᠨ ᠪᠡᠯᠡᠳᠬᠡᠯ ᠪᠠᠶᠢᠳᠠᠯ ᠤᠨ ᠲᠤᠬᠠᠶ ᠬᠤᠰᠢᠭᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠶᠢ ᠰᠣᠨᠣᠰᠴᠤ᠂ ᠶᠡᠭᠡ ᠬᠤᠷᠠᠯ ᠤᠨ ᠵᠥᠪᠯᠡᠬᠦ ᠵᠦᠶᠯ ᠵᠢᠴᠢ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠪᠣᠯᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ ᠢ ᠪᠠᠳᠤᠯᠠᠨ ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ᠂ ᠳᠡᠳ᠋ ᠳᠠᠷᠤᠭ᠎ᠠ ᠶᠢᠨ ᠨᠡᠷᠡᠰ ᠢ ᠨᠡᠶᠢᠳᠡᠯᠡᠵᠡᠢ᠃     ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠬᠠᠨ ᠹᠧᠨ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠠ ᠵᠢᠴᠢ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠦᠷ ᠴᠠᠭ ᠤᠨ ᠨᠠᠮ ᠤᠨ ᠡᠭᠦᠷ ᠪᠠᠶᠢᠭᠤᠯᠤᠭᠳᠠᠭᠰᠠᠨ ᠢ ᠵᠠᠷᠯᠠᠪᠠ᠃     ᠬᠤᠷᠠᠯ ᠠᠴᠠ ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ  ᠪᠠᠷ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠠᠶᠢᠵᠦ᠂ ᠪᠥᠬᠦ ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠃ ᠡᠨᠡ ᠤᠳᠠᠭᠠᠨ ᠤ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠪᠠ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠯ᠎ᠠ᠃     ᠬᠤᠷᠠᠯ ᠠᠴᠠ᠂ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠠᠴᠠ ᠬᠦᠷᠦᠯᠴᠡᠨ ᠢᠷᠡᠭᠰᠡᠨ ᠲᠥᠯᠥᠭᠡᠯᠡᠭᠴᠢᠳ ᠨᠢ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠨ᠂ ᠨᠡᠶᠢᠭᠡᠮ  ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠠᠴᠠ ᠨᠠᠮ  ᠳᠠᠭᠠᠨ ᠬᠠᠷᠢᠭᠤᠴᠠᠬᠤ᠂ ᠠᠷᠠᠳ ᠲᠦᠮᠡᠨ ᠳᠡᠭᠡᠨ ᠬᠠᠷᠢᠭᠤᠴᠠᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ  ᠪᠠᠷ ᠬᠤᠰᠢᠭᠤ ᠨᠠᠮ ᠤᠨ ᠬᠤᠷᠢᠶ᠎ᠠ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠳᠣᠤᠷ᠎ᠠ᠂ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠵᠥᠪᠯᠡᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠨᠠᠩ ᠥᠷᠭᠡᠨ ᠳᠡᠯᠭᠡᠷ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠨᠠᠩ ᠬᠦᠴᠦᠷᠬᠡᠭ ᠶᠡᠭᠡ ᠬᠥᠭᠵᠢᠯᠲᠡ ᠶᠢᠨ ᠬᠦᠴᠦᠨ ᠢ ᠨᠢᠭᠲᠠᠷᠠᠭᠤᠯᠵᠤ᠂ ᠶᠡᠭᠡ ᠬᠤᠷᠠᠯ ᠤᠨ ᠡᠯ᠎ᠡ ᠲᠥᠷᠥᠯ ᠤᠨ ᠵᠥᠪᠯᠡᠬᠦ ᠵᠦᠶᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ ᠦᠨᠳᠦᠰᠦᠨ ᠬᠠᠤᠯᠢ᠂ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢᠶᠠᠨ ᠦᠨᠡᠨ ᠬᠦ ᠭᠦᠶᠴᠡᠳᠬᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠪᠠ ᠠᠷᠠᠳ ᠣᠯᠠᠨ ᠤ ᠬᠦᠴᠢᠷ ᠲᠦᠪᠡᠭ ᠲᠠᠢ ᠠᠰᠠᠭᠤᠳᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ᠂ ᠰᠠᠨᠠᠯ ᠵᠥᠪᠯᠡᠯᠭᠡ ᠵᠢᠴᠢ ᠰᠠᠨᠠᠭᠤᠯᠭ᠎ᠠ ᠂ ᠰᠢᠭᠦᠮᠵᠢᠯᠡᠯ ᠢᠶᠠᠨ ᠳᠤᠷᠠᠳᠴᠤ᠂ ᠠᠷᠠᠳ ᠲᠦᠮᠡᠨ ᠤ ᠲᠥᠯᠥᠭᠡ ᠦᠭᠡ ᠬᠡᠯᠡᠨ᠂ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃     ᠬᠤᠷᠠᠯ ᠠᠴᠠ᠂ ᠲᠥᠯᠥᠭᠡᠯᠡᠭᠴᠢᠳ ᠤᠶᠤᠨ ᠤᠬᠠᠭᠠᠨ ᠢᠶᠠᠨ ᠲᠥᠪᠯᠡᠷᠡᠭᠦᠯᠦᠨ᠂ ᠶᠡᠭᠡ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠨ᠂ ᠡᠨᠡ ᠤᠳᠠᠭᠠᠨ ᠤ ᠬᠤᠷᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ᠂ ᠠᠷᠠᠳᠴᠢᠯᠠᠯ ᠪᠦᠯᠬᠦᠮᠳᠡᠯ ᠲᠠᠢ᠂ ᠰᠤᠷᠲᠠᠯ ᠴᠢᠬᠡᠴᠢ ᠣᠪᠣᠷ ᠲᠥᠪ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号