| | | | 1 ᠰᠠᠷ᠎ᠠ ᠶᠢᠨ 11 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠬᠤᠰᠢᠭᠤ ᠬᠤᠷᠠᠯ ᠤᠨ ᠲᠥᠪ ᠲᠤ | ᠦᠪᠡᠳᠡᠭᠰᠢ ᠡᠬᠢᠯᠡᠯ᠎ᠡ᠃ ᠪᠦᠬᠦ ᠬᠤᠰᠢᠭᠤᠨ ᠤ ᠡᠯ᠎ᠡ ᠠᠵᠢᠯ ᠲᠦᠷᠦᠯ ᠠᠴᠠ ᠬᠦᠷᠦᠯᠴᠡᠨ ᠢᠷᠡᠭᠰᠡᠨ ᠭᠡᠰᠢᠭᠦᠳ | ᠠᠷᠠᠳ ᠤᠯᠠᠨ ᠤ ᠬᠦᠰᠡᠯ ᠡᠷᠡᠮᠡᠯᠵᠡᠯ ᠢ ᠡᠪᠦᠷᠯᠡᠵᠦ ᠨᠢᠭᠡᠨ ᠲᠠᠩᠬᠢᠮ ᠳᠤ ᠴᠤᠭᠯᠠᠷᠠᠵᠠᠭᠠᠨ᠂ ᠡᠭᠦᠷᠭᠡ ᠬᠠᠷᠢᠭᠤᠴᠠᠯᠭ᠎ᠠ | ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ ᠤᠨ ᠶᠠᠪᠤᠳᠠᠯ ᠢ ᠵᠦᠪᠯᠡᠨ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠪᠤᠳᠤᠯᠭ᠎ᠠ ᠰᠦᠪᠡᠭᠴᠢᠯᠡᠬᠦ ᠪᠠᠷ ᠴᠤᠭ ᠪᠠᠳᠠᠷᠠᠩᠭᠤᠢ ᠤᠶᠤᠨ | ᠰᠠᠨᠠᠭᠠᠨ ᠤ ᠳᠦᠷᠰᠦ ᠪᠠᠶᠢᠳᠠᠯ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠬᠤᠷᠠᠯ ᠳᠠᠭᠠᠨ ᠤᠷᠤᠯᠴᠠᠵᠠᠭᠠᠯᠠ᠃ | ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠳᠠᠷᠤᠭ᠎ᠠ ᠯᠢᠦ ᠰᠢᠶᠣᠤ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ | ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠠᠩᠪᠦ᠋ᠬᠡ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠡᠷᠬᠢᠮ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠳᠡᠳ᠋ ᠱᠦᠵᠢ᠂ ᠳᠡᠳ᠋ ᠲᠡᠷᠢᠭᠦᠯᠡᠭᠴᠢ ᠦᠨᠳᠦᠰᠦ᠂ ᠳᠡᠳ᠋ ᠲᠡᠷᠢᠭᠦᠯᠡᠭᠴᠢ ᠼᠦᠢ ᠮᠢᠩ ᠬᠤᠸᠠ᠂ ᠢᠦᠢ ᠵᠤᠸᠠᠩ᠂ | ᠳ᠋ᠢᠩ ᠬᠤᠩ ᠬᠤᠷᠠᠯ ᠳᠤ ᠤᠷᠤᠯᠴᠠᠭᠰᠠᠨ ᠪᠠᠶᠢᠨ᠎ᠠ᠃ | ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 135 ᠬᠥᠮᠦᠨ ᠪᠠᠶᠢᠵᠦ᠂ ᠪᠣᠳᠠᠲᠠᠶ | 121 ᠬᠥᠮᠦᠨ ᠤᠷᠤᠯᠴᠠᠨ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠵᠡᠢ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ | ᠳᠡᠳ᠋ ᠲᠡᠷᠢᠭᠦᠯᠡᠭᠴᠢ ᠦᠨᠳᠦᠰᠦ ᠶᠡᠭᠡ ᠬᠤᠷᠠᠯ ᠢ ᠡᠷᠭᠢᠯᠡᠨ ᠡᠬᠢᠯᠡᠯᠳᠡ ᠶᠢ ᠵᠠᠷᠯᠠᠵᠤ᠂ ᠦᠳᠡ ᠶᠢᠨ ᠡᠮᠦᠨᠡᠬᠢ 9 ᠴᠠᠭ | ᠲᠤ ᠶᠡᠭᠡ ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ ᠡᠬᠢᠯᠡᠯ᠎ᠡ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠶᠡᠭᠡ ᠬᠤᠷᠠᠯ ᠳᠤ ᠤᠯᠤᠰ ᠲᠥᠷᠥ | ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ | ᠶᠢᠨ ᠬᠤᠷᠢᠶᠠᠨ ᠤ ᠠᠵᠢᠯ ᠤᠨ ᠢᠯᠡᠳᠬᠡᠯ ᠬᠢᠬᠦ ᠳᠡᠭᠡᠨ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠥᠩᠭᠡᠷᠡᠭᠰᠡᠨ | ᠨᠢᠭᠡ ᠵᠢᠯ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠠᠶᠢᠮᠠᠭ ᠤᠨ ᠤᠯᠤᠰ ᠲᠥᠷᠥ | ᠶᠢᠨ ᠵᠥᠪᠯᠡᠯᠭᠡᠨ ᠤ ᠨᠠᠷᠢᠨ ᠨᠢᠮᠪᠠᠶ ᠵᠢᠯᠣᠭᠤᠳᠤᠯᠭ᠎ᠠ ᠵᠢᠴᠢ ᠬᠤᠰᠢᠭᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ | ᠪᠤᠯᠤᠨ ᠡᠯ᠎ᠡ ᠰᠠᠯᠠᠭ᠎ᠠ ᠮᠥᠴᠢᠷ ᠤᠨ ᠢᠳᠡᠪᠬᠢᠲᠡᠶ ᠬᠠᠮᠵᠢᠯᠴᠠᠭ᠎ᠠ ᠳᠣᠤᠷ᠎ᠠ᠂ ᠰᠢᠯᠤᠭᠤᠨ ᠬᠥᠬᠡ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ | ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠦᠵᠡᠯ ᠰᠠᠨᠠᠭ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠯᠬᠦᠮᠳᠡᠯ ᠪᠠ | ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠳᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ | ᠳᠤ ᠠᠩᠬᠠᠷᠤᠯ ᠢᠶᠠᠨ ᠲᠦᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ | ᠢᠳᠡᠪᠬᠢᠲᠡᠶ ᠲᠦᠯᠬᠢᠨ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠠᠬᠢᠭᠤᠯᠤᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠳᠠᠯᠠᠵᠤ᠂ ᠠᠷᠭ᠎ᠠ ᠤᠬᠠᠭᠠᠨ ᠰᠦᠪᠡᠭᠴᠢᠯᠡᠨ ᠵᠠᠰᠠᠭ ᠲᠤ ᠲᠤᠰᠠᠯᠠᠬᠤ ᠪᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠬᠤᠤᠰ ᠴᠢᠭᠯᠡᠯ ᠢᠶᠠᠷ ᠴᠢᠷᠮᠠᠶᠢᠨ᠂ ᠠᠷᠪᠠᠨ ᠨᠢᠭᠡᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ | ᠲᠠᠢ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠢ ᠰᠢᠨ᠎ᠡ ᠱᠠᠳᠤᠨ ᠳᠤ | ᠠᠬᠢᠭᠤᠯᠤᠨ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠯ᠎ᠠ᠃ | ᠭᠠᠩᠪᠦ᠋ᠬᠡ ᠲᠠᠪᠤᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠲᠤᠷᠰᠢᠬᠢ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠳ᠋ᠦᠩᠨᠡᠬᠦ ᠳᠡᠭᠡᠨ᠂ ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠭᠯᠡᠯ ᠢᠶᠠᠨ | ᠪᠠᠲᠤ ᠡᠵᠡᠮᠳᠡᠨ᠂ ᠬᠠᠮᠲᠤ ᠶᠢᠨ ᠦᠵᠡᠯ ᠰᠠᠨᠠᠭ᠎ᠠ ᠶᠢ ᠪᠠᠲᠤᠳᠬᠠᠭᠰᠠᠨ ᠰᠠᠭᠤᠷᠢᠨ ᠳᠡᠭᠡᠷ᠎ᠡ ᠤᠯᠤᠰ ᠲᠦᠷᠦ ᠶᠢᠨ | ᠵᠥᠪᠯᠡᠯᠭᠡᠨ ᠤ ᠬᠠᠷᠢᠭᠤᠴᠠᠯᠭ᠎ᠠ ᠶᠢ ᠬᠦᠢᠴᠡᠳ ᠢᠯᠡᠷᠡᠭᠦᠯᠵᠡᠢ︔ ︵ᠬᠤᠶᠠᠷ︶ ᠭᠤᠣᠯ ᠠᠵᠢᠯ ᠤᠨ ᠲᠣᠭᠤᠷᠢᠨ ᠳᠤ | ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ | ᠤᠯᠤᠰ ᠲᠦᠷᠦ ᠶᠢᠨ ᠵᠥᠪᠯᠡᠯᠭᠡᠨ ᠤ ᠦᠢᠯᠡᠳᠦᠯ ᠢᠶᠠᠨ ᠬᠦᠢᠴᠡᠳ ᠪᠠᠳᠠᠷᠠᠭᠤᠯᠪᠠ︔ ︵ᠭᠤᠷᠪᠠ︶ ᠠᠷᠠᠳ ᠤᠨ | ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠵᠤ᠂ | ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢ | ᠦᠨᠡᠨᠬᠦ ᠢᠯᠡᠷᠡᠭᠦᠯᠪᠡ︔ ︵ᠲᠦᠷᠪᠡ︶ ᠠᠷᠠᠳᠴᠢᠯᠠᠯ ᠢ ᠪᠠᠳᠠᠷᠠᠭᠤᠯᠤᠨ ᠪᠦᠯᠬᠦᠮᠳᠡᠯ ᠢ ᠴᠢᠩᠭᠠᠳᠬᠠᠬᠤ ᠶᠢ | ᠪᠠᠷᠢᠮᠲᠠᠯᠠᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠠᠯ᠎ᠠ ᠳᠤ ᠤᠯᠤᠰ ᠲᠦᠷᠦ | ᠶᠢᠨ ᠵᠥᠪᠯᠡᠯᠭᠡᠨ ᠤ ᠬᠦᠴᠦᠨ ᠢ ᠪᠠᠳᠠᠷᠠᠭᠤᠯᠪᠠ︔ ︵ᠳᠠᠪᠤ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ | ᠂ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠠᠮᠢᠵᠢᠷᠠᠯ ᠤᠨ ᠬᠦᠴᠦᠨ ᠢ ᠬᠦᠢᠴᠡᠳ | ᠢᠯᠡᠷᠡᠭᠦᠯᠪᠡ ᠭᠡᠯᠡ᠃ | ᠭᠠᠩᠪᠦ᠋ᠬᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ ᠵᠢᠯ ᠪᠦᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠳᠡ ᠶᠢᠨ | ᠵᠢᠯ ᠪᠤᠯᠬᠤ ᠤᠴᠢᠷ ᠠᠴᠠ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠃ 2025 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠨᠢ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ | ᠢᠶᠠᠨ ᠲᠦᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠡᠷᠡᠭᠵᠢᠬᠦᠯᠦᠨ᠂ ︽ᠵᠢᠷᠭᠤᠭᠠᠨ ᠠᠵᠢᠯᠯᠠᠭ᠎ᠠ︾ ᠶᠢ | ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ | ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠲᠣᠭᠤᠷᠢᠨ ᠳᠤ ᠪᠦᠯᠬᠦᠮᠳᠡᠯ ᠢ ᠪᠠᠷᠢᠮᠳᠠᠯᠠᠨ ᠲᠤᠰᠬᠠᠶ ᠵᠥᠪᠯᠡᠬᠦ ᠪᠠᠶᠢᠭᠤᠯᠤᠮᠵᠢ ᠶᠢᠨ | ᠦᠶᠯᠡᠳᠦᠯ ᠢ ᠪᠠᠳᠠᠷᠠᠭᠤᠯᠵᠤ᠂ ᠤᠯᠤᠰ ᠲᠥᠷᠥ ᠳᠤ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ | ᠶᠠᠪᠤᠳᠠᠯ ᠳᠤ ᠣᠷᠣᠯᠴᠠᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠢᠳᠡᠪᠬᠢᠳᠡᠢ ᠬᠦᠢᠴᠡᠳᠭᠡᠭᠰᠡᠨ ᠪᠠᠶᠢᠨ᠎ᠠ᠃ ᠪᠥᠬᠦ | ᠬᠤᠰᠢᠭᠤᠨ ᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠭ ᠰᠠᠨᠠᠭ᠎ᠠ ᠪᠠᠨ ᠮᠠᠷᠳᠠᠯ ᠦᠭᠡᠢ ᠯᠠᠪᠳᠠᠭᠤᠨ ᠪᠠᠲᠤᠲᠠᠶ | ᠤᠷᠤᠭᠰᠢᠯᠠᠬᠤ ᠬᠡᠷᠡᠭᠲᠡᠶ︔ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ︔ | ᠬᠠᠷᠢᠭᠤᠴᠠᠯᠭ᠎ᠠ ᠪᠠᠨ ᠬᠦᠢᠴᠡᠳᠭᠡᠵᠦ ᠡᠷᠡᠮᠡᠬᠡᠶᠢᠯᠡᠨ ᠤᠷᠤᠭᠰᠢᠯᠠᠬᠤ᠂ ᠪᠣᠳᠠᠲᠠᠶ ᠠᠵᠢᠯᠯᠠᠵᠤ ᠦᠷ᠎ᠡ ᠪᠦᠲᠦᠮᠵᠢ | ᠭᠠᠷᠭᠠᠬᠤ ᠲᠠᠯ᠎ᠠ ᠪᠠᠷ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠭᠦ ᠬᠡᠷᠡᠭᠲᠡᠶ︔ ᠲᠣᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠤᠯᠤᠰ ᠲᠥᠷᠥ ᠶᠢᠨ | ᠵᠥᠪᠯᠡᠯᠭᠡᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠳᠤᠮᠳᠠᠳᠤ ᠤᠯᠤᠰ ᠤᠨ ᠣᠳᠣᠬᠢᠴᠢᠯᠠᠭᠰᠠᠨ | ᠰᠢᠯᠤᠭᠤᠨ ᠬᠥᠬᠡ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠤᠰ ᠲᠥᠷᠥ ᠶᠢᠨ | ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ ᠶᠡᠭᠡ | ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ | ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠬᠦ | ᠳᠡᠭᠡᠨ᠂ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠳᠡᠭᠡᠷ᠎ᠡ ᠨᠡᠶᠢᠲᠡ 125 ᠬᠤᠪᠢ | ᠰᠠᠨᠠᠯ ᠵᠥᠪᠯᠡᠯᠭᠡ ᠶᠢ ᠬᠦᠯᠢᠶᠡᠨ ᠠᠪᠴᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠠᠴᠠ ᠬᠢᠨᠠᠨ | ᠪᠠᠶᠢᠴᠠᠭᠠᠭᠰᠠᠨ ᠤ ᠳ᠋ᠦᠩ ᠳᠤ 107 ᠬᠤᠪᠢ ᠰᠠᠨᠠᠯ ᠵᠥᠪᠯᠡᠯᠭᠡ ᠨᠢ ᠳᠠᠩᠰᠠᠯᠠᠬᠤ ᠨᠥᠬᠦᠴᠡᠯ ᠳᠤ ᠬᠦᠷᠴᠦ᠂ 18 | ᠬᠤᠪᠢ ᠰᠠᠨᠠᠯ ᠵᠥᠪᠯᠡᠯᠭᠡ ᠨᠢ ᠳᠠᠩᠰᠠᠯᠠᠬᠤ ᠨᠥᠬᠦᠴᠡᠯ ᠳᠤ ᠨᠡᠶᠢᠴᠡᠬᠦ ᠦᠭᠡᠶ᠃ 3 ᠰᠠᠷ᠎ᠠ ᠶᠢᠨ 5 ᠤ ᠡᠳᠦᠷ᠂ | ᠬᠤᠰᠢᠭᠤ ᠵᠠᠰᠠᠭ ᠤᠨ ᠣᠷᠳᠣᠨ ᠪᠠ ᠤᠯᠤᠰ ᠲᠥᠷᠥ ᠶᠢᠨ ᠵᠥᠪᠯᠡᠯᠭᠡᠨ ᠬᠠᠮᠲᠤᠷᠠᠨ ᠰᠠᠨᠠᠯ ᠳᠤᠷᠠᠳᠤᠯᠭ᠎ᠠ ᠶᠢ | ᠲᠤᠰᠢᠶᠠᠨ ᠰᠢᠶᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ 107 ᠬᠤᠪᠢ ᠰᠠᠨᠠᠯ ᠳᠤᠷᠠᠳᠤᠯᠭ᠎ᠠ ᠶᠢ 23 ᠨᠢᠭᠡᠴᠢ | ᠳᠤ ᠲᠤᠰᠢᠶᠠᠨ ᠥᠭᠴᠦ ᠰᠢᠶᠳᠪᠦᠷᠢᠯᠡᠭᠦᠯᠦᠨ᠂ 8 ᠰᠠᠷ᠎ᠠ ᠶᠢᠨ 20 ᠤ ᠡᠳᠦᠷ ᠠᠴᠠ ᠡᠮᠦᠨ᠎ᠡ ᠨᠢᠭᠡᠨᠲᠡ ᠭᠡᠰᠢᠭᠦᠳ | ᠲᠤ ᠬᠠᠷᠢᠭᠤᠯᠲᠠ ᠦᠭᠴᠡᠢ᠃ ᠡᠳᠡᠭᠡᠷ ᠰᠠᠨᠠᠯ ᠵᠥᠪᠯᠡᠯᠭᠡ ᠨᠢ ᠭᠤᠤᠯᠳᠠᠭᠤ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠣᠷᠴᠢᠨ ᠠᠬᠤᠶ ᠶᠢᠨ | ᠬᠠᠮᠠᠭᠠᠯᠠᠯᠲᠠ ᠵᠡᠷᠭᠡ ᠲᠠᠯ᠎ᠠ ᠳᠤ ᠬᠤᠯᠪᠤᠭᠳᠠᠵᠤ ᠪᠤᠢ ᠭᠡᠯᠡ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠭᠠᠯᠠᠭᠤ᠂ ᠯᠢᠦ ᠴᠠᠩ᠂ ᠮᠠ ᠰᠢᠶᠣᠤ ᠯᠢᠶᠠᠨ᠂ | ᠶᠠᠩ ᠯᠢ ᠨᠠᠷ ᠶᠡᠭᠡ ᠬᠤᠷᠠᠯ ᠳᠡᠭᠡᠷ᠎ᠡ ᠢᠯᠡᠳᠭᠡᠯ ᠬᠢᠭᠰᠡᠨ ᠪᠠᠶᠢᠨ᠎ᠠ᠃ | ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠤᠰᠢᠭᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ | ᠤᠷᠤᠯᠴᠠᠵᠠᠢ᠃ | |