| | 1 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ ᠵᠡᠷᠭᠡ ᠬᠤᠰᠢᠭᠤ ᠤᠳᠤᠷᠢᠳᠤᠯᠭ᠎ᠠ ᠰᠢᠯᠤᠭᠤᠨ ᠬᠥᠬᠡ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ ᠳᠤ ᠤᠷᠤᠯᠴᠠᠬᠤ ᠲᠥᠯᠥᠭᠡᠯᠡᠭᠴᠢᠳ ᠢ ᠪᠣᠯᠭᠤᠭᠠᠨ ᠦᠵᠡᠵᠦ᠂ ᠳᠡᠳᠡᠨ ᠤ ᠨᠢᠭᠡ ᠵᠢᠯ ᠤᠨ | ᠲᠤᠷᠰᠢ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ | ᠰᠡᠳᠬᠢᠯᠭᠡ ᠪᠠᠨ ᠢᠯᠡᠳᠭᠡᠯ᠎ᠡ᠃ | ᠰᠣᠶᠣᠯᠲᠤ ᠢᠯᠡᠷᠬᠡᠶᠢᠯᠡᠬᠦ ᠳᠡᠭᠡᠨ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯᠴᠢ ᠶᠢᠨ ᠵᠢᠯ᠂ ᠮᠥᠨ ᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ | ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠲᠥᠯᠥᠭᠡᠯᠡᠭᠴᠢᠳ | ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ ᠥᠬᠡᠶ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ | ᠭᠦᠶᠴᠡᠳᠬᠡᠵᠦ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠣᠯᠠᠨ ᠲᠦᠮᠡᠨ ᠤ ᠰᠠᠶᠢᠨ ︽ | ᠣᠷᠣᠯᠠᠨ ᠥᠭᠦᠯᠡᠭᠴᠢ︾ ᠪᠣᠯᠵᠣ᠂ ᠡᠯ᠎ᠡ ᠲᠥᠷᠥᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ | ᠵᠥᠪᠯᠡᠵᠦ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠬᠦ ᠶᠢ ᠬᠦᠰᠡᠵᠦ ᠪᠠᠶᠢᠨ᠎ᠠ ᠬᠡᠯᠡ᠃ | ᠰᠣᠶᠣᠯᠳᠣ ᠪᠠᠰᠠ ᠪᠥᠬᠦ ᠲᠥᠯᠥᠭᠡᠯᠡᠭᠴᠢᠳ ᠢ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠬᠡᠵᠢᠯᠡᠨ᠂ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠰᠢᠯᠤᠭᠤᠨ ᠬᠥᠬᠡ | ᠬᠤᠰᠢᠭᠤᠨ ᠤ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠵᠢᠷᠣᠠᠠᠯᠠᠬᠤ ᠢ | ᠵᠤᠷᠢᠭᠵᠢᠭᠤᠯᠵᠠᠢ᠃ | ᠲᠥᠯᠥᠭᠡᠯᠡᠭᠴᠢᠳ᠂ ᠡᠭᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠵᠦ᠂ ᠠᠷᠠᠳ ᠲᠦᠮᠡᠨ ᠠᠴᠠ | ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠲᠥᠪ ᠴᠢᠩᠭ᠎ᠠ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ | ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠶᠡᠭᠡ | ᠬᠤᠷᠠᠯ ᠳᠤ ᠢᠳᠡᠪᠬᠢᠳᠡᠢ ᠤᠷᠤᠯᠴᠠᠨ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠰᠢᠯᠤᠭᠤᠨ | ᠬᠥᠬᠡ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ | ᠭᠡᠵᠦ ᠢᠯᠡᠳᠬᠡᠵᠡᠭᠡᠪᠡ᠃ | ᠬᠤᠰᠢᠭᠤ ᠤᠳᠤᠷᠢᠳᠤᠯᠭ᠎ᠠ ᠬᠥᠭᠵᠢᠯᠲᠦ᠂ ᠵᠠᠩ ᠯᠢ ᠪᠢᠨ᠂ ᠪᠦᠷᠢᠨᠪᠠᠲᠤ᠂ ᠤᠷᠠᠨ᠎ᠠ᠂ ᠶᠢᠨ ᠱᠠᠨ ᠨᠠᠷ | ᠣᠷᠣᠯᠴᠠᠵᠠᠢ᠃ | |