ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠥᠨᠥᠳᠦᠷ ᠨᠡᠷ᠎ᠡ ᠮᠡᠳᠡᠬᠦᠯᠦᠯ᠎ᠡ
ᠨᠡᠶᠢᠲᠡᠯᠡᠭᠰᠡᠨ ᠴᠠᠭ᠄
2025/1/13
       ᠰᠢᠯᠤᠭᠤᠨ ᠬᠥᠬᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠤᠷᠤᠯᠴᠬᠠᠤ ᠲᠥᠯᠥᠭᠡᠯᠡᠭᠴᠢᠳ 1 ᠰᠠᠷ᠎ᠠ ᠶᠢᠨ 11 ᠤ ᠡᠳᠦᠷ  ᠤᠨ ᠦᠳᠡ ᠶᠢᠨ ᠡᠮᠦᠨ᠎ᠡ ᠶᠡᠭᠡ ᠬᠤᠷᠠᠯ ᠳᠤ ᠨᠡᠷ᠎ᠡ ᠮᠡᠳᠡᠭᠦᠯᠪᠡ᠃      ᠨᠡᠷ᠎ᠡ ᠮᠡᠳᠡᠭᠦᠯᠬᠦ ᠭᠠᠵᠠᠷ ᠲᠤ᠂ ᠲᠥᠯᠥᠭᠡᠯᠡᠭᠴᠢᠳ ᠬᠠᠮᠢᠶ᠎ᠠ ᠲᠠᠢ ᠠᠵᠢᠯᠲᠠᠨ ᠤ ᠵᠢᠯᠣᠭᠤᠳᠣᠯᠭ᠎ᠠ ᠳᠣᠤᠷ᠎ᠠ ᠭᠠᠷ ᠬᠦᠢᠴᠡᠳᠭᠡᠯ ᠬᠢᠵᠦ᠂ ᠬᠤᠷᠠᠯ ᠤᠨ ᠮᠠᠲ᠋ᠧᠷᠢᠶᠠᠯ ᠢᠶᠠᠨ ᠠᠪᠤᠭᠰᠠᠨ ᠤ ᠳᠠᠷᠠᠭ᠎ᠠ ᠨᠠᠷᠢᠨ ᠬᠢᠨᠠᠮᠠᠭᠠᠶ ᠤᠩᠰᠢᠵᠤ᠂ ᠬᠤᠷᠠᠯ ᠤᠨ ᠱᠠᠭᠠᠷᠳᠠᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠡᠨᠡ ᠵᠢᠯ ᠤᠨ ᠬᠠᠯᠠᠮᠰᠢᠯ ᠰᠡᠳᠦᠪ ᠪᠣᠯᠤᠨ ᠥᠪᠡᠷ  ᠤᠨ ᠠᠩᠬᠠᠷᠴᠤ ᠪᠠᠶᠢᠭ᠎ᠠ ᠰᠠᠨᠠᠭᠤᠯᠭ᠎ᠠ ᠶᠢᠨ ᠢᠶᠠᠨ ᠲᠤᠬᠠᠢ ᠬᠠᠷᠢᠯᠴᠠᠨ ᠰᠠᠨᠠᠯ ᠢᠶᠠᠨ ᠰᠣᠯᠢᠯᠴᠠᠨ ᠶᠠᠷᠢᠯᠴᠠᠵᠦ ᠪᠠᠶᠢᠯ᠎ᠠ᠃      ᠲᠥᠯᠥᠭᠡᠯᠡᠭᠴᠢ ᠰᠣᠳᠣᠰᠠᠴᠠᠨ᠄ ︽ᠡᠨᠡ ᠤᠳᠠᠭ᠎ᠠ ᠶᠢᠨ ᠬᠤᠷᠠᠯ ᠳᠤ ᠪᠢ ᠡᠯᠡᠰᠦ ᠶᠢ ᠵᠠᠰᠠᠵᠤ ᠠᠮᠢ ᠠᠬᠤᠢ  ᠶᠢ ᠬᠠᠮᠠᠭᠠᠯᠠᠬᠤ᠂ ᠮᠠᠯ ᠲᠡᠵᠢᠭᠡᠪᠦᠷᠢ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠬᠠᠶᠢᠷ ᠴᠢᠯᠠᠭᠤᠨ ᠵᠠᠮ ᠢ ᠠᠷᠠᠴᠢᠯᠠᠨ ᠬᠠᠮᠠᠭᠠᠯᠠᠬᠤ ᠵᠡᠷᠭᠡ ᠲᠠᠯ᠎ᠠ ᠶᠢᠨ ᠰᠠᠨᠠᠭᠤᠯᠭ᠎ᠠ ᠲᠤᠷᠠᠳᠬᠤ ᠪᠠᠷ ᠪᠤᠢ︾ ᠬᠡᠯ᠎ᠡ᠃      ᠠᠷᠠᠳ ᠤᠨ ᠲᠥᠯᠥᠭᠡᠯᠡᠭᠴᠢ ᠲᠤᠤ ᠶᠤᠸᠠᠢ ᠭᠤᠸᠠᠩ᠄ ︽ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ  ᠠᠴᠠ ᠤᠷᠤᠯᠴᠠᠵᠤ ᠪᠠᠶᠢᠭ᠎ᠠ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠭᠤᠤᠯᠳᠠᠭᠤ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠳᠤ ᠠᠩᠬᠠᠷᠤᠯ ᠢᠶᠠᠨ ᠬᠠᠨᠳᠤᠭᠤᠯᠵᠤ ᠪᠠᠶᠢᠨ᠎ᠠ᠃ ᠡᠨᠡ ᠵᠢᠯ᠂ ᠲᠣᠰ ᠭᠠᠵᠠᠷ ᠣᠷᠣᠨ ᠤ ᠳᠠᠪᠠᠭᠤᠯᠢᠭ ᠲᠠᠭᠠᠨ ᠰᠠᠭᠤᠷᠢᠯᠠᠵᠤ ᠤᠨᠴᠠᠯᠢᠭᠳᠤ ᠲᠠᠷᠢᠮᠠᠯ ᠪᠠ ᠳᠡᠵᠢᠭᠡᠪᠦᠷᠢ ᠶᠢᠨ ᠦᠶᠯᠡᠰ ᠢ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠬᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠬᠤ᠂ ᠡᠵᠡᠩᠨᠡᠯᠲᠡ ᠶᠢᠨ ᠠᠰᠢᠭ ᠣᠷᠣᠯᠭ᠎ᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠲᠤᠷᠠᠳᠬᠤ ᠪᠣᠯᠤᠨ᠎ᠠ︾ ᠬᠡᠯ᠎ᠡ᠃      ᠢᠷᠡᠬᠦ ᠬᠤᠶᠠᠷ ᠬᠤᠨᠤᠭ ᠲᠤ᠂ ᠲᠦᠯᠦᠭᠡᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠣᠯ ᠢᠶᠠᠷ ᠶᠡᠭᠡ ᠬᠤᠷᠠᠯ ᠳᠤ ᠤᠷᠤᠯᠴᠠᠨ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠥᠬᠡᠶ ᠪᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ  ᠪᠠᠨ ᠭᠦᠶᠴᠡᠳᠬᠡᠵᠦ᠂ ᠡᠯ᠎ᠡ ᠵᠦᠶᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠣᠨ ᠢᠳᠡᠪᠬᠢᠲᠡᠶ ᠬᠢᠨᠠᠨ ᠵᠦᠪᠯᠡᠵᠦ᠂ ᠬᠠᠮᠲᠤ ᠪᠠᠷ ᠰᠢᠯᠤᠭᠤᠨ ᠬᠥᠬᠡ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠭᠡᠷᠡᠭᠵᠢᠬᠦᠯᠦᠭᠦᠰᠢᠳᠡᠢ ᠠᠷᠭ᠎ᠠ ᠪᠣᠳᠣᠯᠭ᠎ᠠ ᠳᠡᠪᠰᠢᠬᠦᠯᠬᠦ ᠪᠣᠯᠤᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号