| | | 1 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠰᠢᠭᠤᠨ ᠤ ᠬᠡᠰᠡᠭ ᠤᠳᠤᠷᠢᠳᠤᠯᠭ᠎ᠠ ᠳᠤᠮᠳᠠᠳᠤ ᠤᠯᠤᠰ | ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠤᠷᠤᠯᠴᠠᠬᠤ ᠪᠠᠷ ᠪᠠᠶᠢᠭ᠎ᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠪᠤᠯᠭᠤᠭᠠᠨ ᠦᠵᠡᠯ᠎ᠡ᠃ | ᠬᠡᠰᠢᠬᠦᠳ ᠤᠨ ᠰᠠᠭᠤᠭ᠎ᠠ ᠭᠠᠵᠠᠷ ᠲᠤ᠂ ᠬᠤᠰᠢᠭᠤ ᠤᠳᠤᠷᠢᠳᠤᠯᠭ᠎ᠠ ᠭᠡᠰᠢᠭᠦᠳ ᠲᠠᠢ ᠭᠠᠷ ᠠᠳᠬᠤᠨ | ᠳᠣᠲᠣᠨᠣ ᠪᠠᠷ ᠶᠠᠷᠢᠯᠴᠠᠵᠤ᠂ ᠲᠡᠳᠡᠨ ᠤ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠦᠵᠡᠭᠦᠯᠦᠭᠰᠡᠨ | ᠢᠳᠡᠪᠬᠢᠲᠡᠶ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠦᠭᠡᠳ᠂ ᠥᠩᠭᠡᠷᠡᠭᠰᠡᠨ ᠨᠢᠭᠡ ᠵᠢᠯ ᠳᠤ | ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠯᠠᠪᠳᠠᠭᠤᠨ ᠪᠠᠲᠤᠲᠠᠶ ᠰᠢᠷᠭᠠᠭᠤ ᠠᠵᠢᠯᠯᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷ ᠤᠨ | ᠠᠵᠢᠯ ᠤᠨ ᠬᠡᠪᠴᠢᠶᠠᠨ ᠳᠤ ᠪᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠢᠳᠡᠪᠬᠢᠲᠡᠶ ᠪᠠᠷ ᠵᠠᠰᠠᠭ ᠤᠨ | ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠰᠦᠪᠡᠭᠴᠢᠯᠡᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠬᠦᠨᠵᠡᠭᠡᠢ | ᠢᠯᠡᠷᠡᠭᠦᠯᠦᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯ ᠡᠯ᠎ᠡ ᠠᠵᠢᠯ ᠲᠦᠷᠦᠯ ᠠᠴᠠ | ᠤᠷᠤᠯᠴᠠᠵᠤ ᠪᠠᠶᠢᠭ᠎ᠠ ᠲᠥᠯᠥᠭᠡᠯᠡᠭᠴᠢ ᠤᠴᠢᠷ ᠠᠴᠠ ᠡᠯ᠎ᠡ ᠡᠲᠡᠭᠡᠳ ᠤᠨ ᠤᠯᠠᠨ ᠲᠦᠮᠡᠨ ᠤ ᠪᠤᠳᠤᠯ ᠰᠠᠨᠠᠯ ᠢ | ᠲᠤᠰᠬᠠᠬᠤ᠂ ᠪᠦᠬᠦ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠬᠦᠨᠳᠦ ᠡᠭᠦᠷᠭᠡ ᠶᠢ ᠡᠭᠦᠷᠭᠡᠯᠡᠵᠦ | ᠪᠠᠶᠢᠳᠠᠭ᠃ ᠤᠯᠠᠨ ᠢᠶᠠᠷ ᠢᠶᠠᠨ ᠲᠤᠰ ᠤᠳᠠᠭᠠᠨ ᠤ ᠬᠤᠶᠠᠷ ᠬᠤᠷᠠᠯ ᠳᠡᠭᠡᠷ᠎ᠡ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠪᠦᠬᠦ ᠬᠤᠰᠢᠭᠤᠨ ᠤ ᠭᠤᠣᠯ ᠠᠵᠢᠯ ᠳᠤ ᠠᠩᠬᠠᠷᠤᠯ | ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠭᠦᠨᠵᠡᠭᠡᠢ ᠰᠤᠳᠤᠯᠤᠨ | ᠶᠠᠷᠢᠯᠴᠠᠵᠤ᠂ ᠴᠢᠩ ᠦᠨᠡᠨᠴᠢ ᠪᠠᠷ ᠰᠠᠨᠠᠯ ᠰᠠᠨᠠᠭᠤᠯᠭ᠎ᠠ ᠲᠤᠷᠠᠳᠤᠨ᠂ ᠨᠡᠩ ᠠᠯᠤᠰ ᠬᠡᠳᠦ ᠶᠢᠨ᠂ ᠬᠠᠨᠳᠤᠯᠭᠠᠲᠤ | ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ ᠭᠡᠯᠡ᠃ | ᠭᠡᠰᠢᠭᠦᠳ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ | ᠲᠥᠪ ᠴᠢᠩᠭ᠎ᠠ ᠠᠵᠢᠯ ᠤᠨ ᠣᠪᠣᠷ ᠢᠶᠠᠷ᠂ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠳᠤ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠣᠷᠣᠯᠴᠠᠵᠤ᠂ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ | ᠶᠠᠷᠢᠯᠴᠠᠨ᠂ ᠢᠳᠡᠪᠬᠢᠲᠡᠢ ᠪᠠᠷ ᠵᠠᠠᠰᠭ ᠤᠨ ᠶᠠᠪᠤᠳᠠᠯ ᠳᠤ ᠣᠷᠣᠯᠴᠠᠨ ᠵᠥᠪᠯᠡᠵᠦ᠂ ᠠᠷᠠᠳ ᠤᠯᠠᠨ ᠤ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠭᠡᠯ᠎ᠡ᠃ | ᠬᠤᠰᠢᠭᠤ ᠤᠳᠤᠷᠢᠳᠤᠯᠭ᠎ᠠ ᠬᠥᠭᠵᠢᠯᠲᠦ᠂ ᠶᠢᠨ ᠳᠠᠯᠠᠢ᠂ ᠦᠨᠳᠦᠰᠦ᠂ ᠼᠦᠢ ᠮᠢᠩ ᠬᠤᠸᠠ᠂ ᠢᠦᠢ ᠵᠤᠸᠠᠩ | ᠨᠠᠷ ᠤᠷᠤᠯᠴᠠᠵᠠᠢ᠃ | |