ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/1/13
      1 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠬᠤᠷᠢᠶ᠎ᠠ 2025 ᠣᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃ ᠰᠢᠯᠤᠭᠤᠨ ᠬᠥᠬᠡ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠦᠨᠳᠦᠰᠦ ᠬᠤᠷᠠᠯ ᠳᠤ ᠣᠷᠣᠯᠴᠠᠵᠤ ᠶᠠᠷᠢᠶ᠎ᠠ ᠳᠠᠯᠪᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠵᠤᠸᠠᠩ ᠬᠤᠷᠠᠯ ᠢ ᠡᠷᠬᠢᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠮᠢᠩ ᠬᠤᠸᠠ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃     ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠥᠷᠥ  ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠥᠷᠥ ᠶᠢᠨ ᠰᠢᠨᠵᠢ ᠴᠢᠨᠠᠷ ᠢ ᠭᠦᠨᠵᠡᠭᠡᠶ ᠲᠠᠨᠢᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ ᠪᠣᠯᠪᠠᠰᠤᠷᠠᠯ ᠢᠶᠠᠷ ᠳᠠᠮᠵᠢᠵᠦ ᠲᠤᠷᠰᠢᠯᠭ᠎ᠠ ᠪᠠᠨ ᠳ᠋ᠦᠩᠨᠡᠨ᠂ ᠠᠷᠭ᠎ᠠ ᠬᠡᠯᠪᠡᠷᠢ ᠪᠠᠨ ᠰᠢᠨᠡᠴᠢᠯᠡᠨ ᠲᠡᠭᠦᠯᠳᠡᠷᠵᠢᠭᠦᠯᠵᠦ᠂ ᠦᠷᠭᠦᠯᠵᠢᠯᠡᠨ ᠭᠦᠨᠵᠡᠭᠡᠢ ᠨᠠᠷᠢᠯᠢᠭ ᠠᠳᠬᠤᠵᠤ ᠂ ᠭᠡᠰᠢᠭᠦᠳ ᠤᠨ ᠡᠩᠨᠡᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠪᠣᠯᠤᠨ ᠪᠦᠬᠦᠯᠢ ᠴᠣᠭᠴᠠ  ᠶᠢᠨ ᠬᠡᠪ ᠪᠣᠯᠪᠠᠰᠤᠷᠠᠯ ᠢ ᠲᠠᠰᠤᠷᠠᠯᠳᠡ ᠦᠭᠡᠢ ᠳᠡᠭᠡᠭᠰᠢᠯᠡᠭᠦᠯᠵᠤ᠂ ᠥᠨᠳᠥᠷ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠠᠷᠠᠰᠤ ᠪᠠᠭᠰᠢ ᠶᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠶ᠎ᠡ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠠᠭᠤᠷᠢ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ ᠦᠨᠳᠦᠰᠦᠨ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠣᠯᠤᠨ ᠬᠠᠨᠳᠤᠰᠢ ᠶᠢᠨ ᠲᠣᠭᠤᠷᠢᠨ  ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠵᠢᠯᠤᠭᠤᠳᠤᠯᠭ᠎ᠠ ᠬᠢᠭᠰᠡᠨ ᠪᠠᠶᠢᠨ᠎ᠠ᠃     ᠬᠤᠷᠠᠯ ᠳᠡᠭᠡᠷ᠎ᠡ᠂ ︽ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠲᠤᠬᠠᠶ ᠮᠡᠳᠡᠭᠳᠡᠯ︾ ᠢ ᠨᠡᠶᠢᠳᠡᠯᠡᠵᠦ᠂ ︽2025 ᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ︿ᠵᠢᠷᠭᠤᠭᠠᠨ ᠨᠢᠭᠡ﹀ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠬᠢᠨᠠᠨ ᠰᠢᠯᠭᠠᠬᠤ ᠡᠭᠦᠷᠭᠡ ᠶᠢᠨ ᠪᠠᠶᠢᠳᠠᠯ︾ ᠢ ᠪᠠᠶᠢᠷᠢᠯᠠᠭᠤᠯᠵᠤ᠂ ᠤᠯᠤᠰ ᠲᠥᠷᠥ ᠶᠢᠨ ᠵᠥᠪᠯᠡᠯᠭᠡᠨ ᠠᠴᠠ ᠭᠡᠰᠢᠭᠦᠳ ᠲᠠᠢ ︽ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠠᠮᠠᠯᠠᠯᠲᠠ ᠶᠢᠨ ᠪᠢᠴᠢᠭ︾ ᠲᠤᠭᠳᠠᠵᠠᠢ᠃     ᠤᠯᠤᠰ ᠲᠥᠷᠥ ᠶᠢᠨ ᠵᠥᠪᠯᠡᠯᠭᠡᠨ ᠤ ᠰᠢᠯᠤᠭᠤᠨ ᠬᠥᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠤᠷᠤᠯᠴᠠᠬᠤ ᠪᠥᠬᠦ ᠭᠡᠰᠢᠭᠦᠳ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号