| | | 1 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ 123 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ | ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ | ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠡᠯ᠎ᠡ | ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ︵ | ᠠᠵᠢᠯᠯᠠᠬᠤ︶ ᠤᠨ ᠬᠤᠷᠢᠶᠠᠨ ᠤ ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ | ᠶᠢ ᠠᠳᠬᠤᠭᠰᠠᠨ ᠲᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ | ᠶᠢ ᠤᠯᠠᠮᠵᠢᠯᠠᠨ ᠰᠤᠷᠤᠯᠴᠠᠵᠤ᠂ ︽ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ︾ | ᠢ ᠬᠢᠨᠠᠨ ᠵᠥᠪᠯᠡᠵᠦ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠶᠠᠷᠢᠯᠴᠠᠨ᠂ ᠬᠠᠮᠢᠶ᠎ᠠ ᠲᠠᠢ ᠠᠵᠢᠯ ᠢ | ᠪᠠᠶᠢᠷᠢᠯᠠᠭᠤᠯᠤᠭᠰᠠᠨ ᠪᠠᠶᠢᠨ᠎ᠠ᠃ | ᠬᠤᠷᠠᠯ ᠠᠴᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠳᠥᠷᠪᠡᠳᠦᠭᠡᠷ ᠪᠦᠬᠦᠳᠠ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ | ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ | ᠠᠵᠢᠯ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠠᠰᠠᠭᠤᠳᠠᠯ ᠢ ᠦᠨᠡᠨ ᠬᠦ ᠪᠣᠳᠠᠲᠠᠶ | ᠰᠢᠶᠳᠪᠦᠷᠢᠯᠡᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠲᠤᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠢ ᠣᠨᠣᠪᠴᠢᠲᠠᠶ ᠡᠵᠡᠮᠳᠡᠨ᠂ ᠬᠤᠷᠠᠯ ᠤᠨ ᠡᠯ᠎ᠡ | ᠭᠤᠭᠴᠤᠭᠠᠨ ᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ 2024 ᠣᠨ ᠤ ᠠᠷᠠᠳᠴᠢᠯᠠᠯ ᠤᠨ ᠠᠮᠢᠳᠤᠷᠠᠯ | ᠤᠨ ᠬᠤᠷᠠᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠤᠷᠠᠯᠳᠤᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | |