ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠨᠥᠳᠦᠷ ᠨᠡᠷ᠎ᠡ ᠮᠡᠳᠡᠬᠦᠯᠦᠯ᠎ᠡ
ᠨᠡᠶᠢᠲᠡᠯᠡᠭᠰᠡᠨ ᠴᠠᠭ᠄
2025/1/13
       ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠯᠤᠭᠤᠨ ᠬᠦᠬᠡ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ ᠤᠷᠤᠯᠴᠠᠬᠤ ᠭᠡᠰᠢᠭᠦᠳ ᠪᠦᠬᠦ ᠬᠤᠰᠢᠭᠤᠨ ᠤ ᠠᠷᠠᠳ ᠤᠯᠠᠨ ᠤ ᠬᠦᠰᠡᠯ ᠨᠠᠶᠢᠳᠠᠯᠭ᠎ᠠ ᠶᠢ ᠡᠭᠦᠷᠭᠡᠯᠡᠨ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠦ ᠤᠷᠬᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ 1 ᠰᠠᠷ᠎ᠠ ᠶᠢᠨ 10 ᠤ ᠦᠳᠡ ᠶᠢᠨ ᠡᠮᠦᠨ᠎ᠡ ᠶᠡᠭᠡ ᠬᠤᠷᠠᠯ ᠳᠤ ᠨᠡᠷ᠎ᠡ ᠮᠡᠳᠡᠬᠦᠯᠦᠯ᠎ᠡ᠃     ᠨᠡᠷ᠎ᠡ ᠮᠡᠳᠡᠬᠦᠯᠬᠦ ᠭᠠᠵᠠᠷ ᠲᠤ᠂ ᠭᠡᠰᠢᠭᠦᠳ ᠬᠠᠮᠢᠶ᠎ᠠ ᠲᠠᠢ ᠠᠵᠢᠯᠲᠠᠨ ᠤ ᠵᠢᠯᠣᠭᠤᠳᠣᠯᠭ᠎ᠠ ᠳᠣᠤᠷ᠎ᠠ ᠭᠠᠷ ᠭᠦᠶᠴᠡᠳᠬᠡᠯ ᠢᠶᠠᠨ ᠬᠢᠵᠦ᠂ ᠬᠤᠷᠠᠯ ᠤᠨ ᠪᠢᠴᠢᠭ ᠮᠠᠲ᠋ᠧᠷᠢᠶᠠᠯ᠂ ᠭᠡᠷᠡᠴᠢ ᠳᠡᠮᠳᠡᠭ ᠢᠶᠠᠨ ᠪᠦᠷᠢᠳᠦᠭᠦᠯᠦᠨ᠂ ᠬᠤᠷᠠᠯ  ᠤᠨ ᠳᠠᠷᠠᠭᠠᠯᠠᠯ᠂ ᠪᠠᠶᠢᠷᠢᠯᠠᠭᠤᠯᠤᠯᠳᠠ ᠵᠡᠷᠭᠡ ᠶᠢ ᠨᠢᠮᠪᠠᠢ ᠤᠩᠰᠢᠵᠦ᠂ ᠬᠤᠷᠠᠯ ᠳᠤ ᠤᠷᠤᠯᠴᠠᠬᠤ ᠪᠡᠯᠡᠳᠭᠡᠯ ᠢᠶᠠᠨ ᠬᠢᠵᠡᠭᠡᠨ᠎ᠡ᠃     ᠤᠯᠠᠨ ᠢᠶᠠᠷ ᠢᠶᠠᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠪᠤᠯᠤᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠰᠠᠨᠠᠯ ᠪᠤᠳᠤᠯ ᠢ ᠳᠠᠮᠵᠢᠭᠤᠯᠤᠨ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠦᠪᠯᠡᠬᠦ ᠢᠳᠡᠭᠡᠯ ᠳᠡᠭᠦᠯᠳᠡᠷ ᠪᠠᠶᠢᠯ᠎ᠠ᠃     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠧᠦ ᠡᠾᠦ᠋ᠢ ᠯᠠᠢ᠄ ︽ᠲᠤᠰ ᠤᠳᠠᠭᠠᠨ ᠤ ᠶᠡᠭᠡ ᠬᠤᠷᠠᠯ ᠳᠤ ᠪᠢ ︿ᠮᠠᠯᠵᠢᠬᠤ ᠲᠠᠷᠢᠶᠠᠯᠠᠬᠤ ᠣᠷᠣᠨ ᠤ ᠲᠡᠷᠭᠡ ᠤᠨᠤᠭᠠᠨ ᠤ ᠠᠮᠤᠷ ᠲᠦᠪᠰᠢᠨ ᠢ ᠴᠢᠩᠭᠠᠳᠬᠠᠬᠤ﹀ ᠲᠠᠯ᠎ᠠ ᠶᠢᠨ ᠰᠠᠨᠠᠯ ᠳᠤᠷᠠᠳᠤᠯᠭ᠎ᠠ ᠳᠡᠪᠰᠢᠬᠦᠯᠬᠦ ᠪᠠᠷ ᠪᠤᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ  ᠳᠤ᠂ ᠪᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠮᠠᠨ ᠤ ᠬᠤᠰᠢᠭᠤᠨ ᠤ ᠢᠷᠡᠭᠡᠳᠦᠶ ᠶᠢᠨ ᠰᠠᠶᠢᠨ ᠰᠠᠶᠢᠬᠠᠨ ᠬᠥᠭᠵᠢᠯᠲᠡ ᠳᠤ ᠠᠷᠭ᠎ᠠ ᠤᠬᠠᠭᠠᠨ ᠰᠦᠪᠡᠭᠴᠢᠯᠡᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳ ᠪᠠᠳᠠᠷᠠᠭᠤᠯᠤᠨ᠎ᠠ︾ ᠭᠡᠯ᠎ᠡ᠃     ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠠᠷᠠᠨᠭᠡᠷᠡᠯ᠄ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠡᠨᠡ ᠤᠳᠠᠭ᠎ᠠ ᠶᠢᠨ ᠬᠤᠷᠠᠯ ᠳᠤ ᠪᠢ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠳᠤ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠠᠷ ᠪᠤᠢ︾ ᠭᠡᠯ᠎ᠡ᠃     ᠢᠷᠡᠬᠦ ᠬᠤᠶᠠᠷ ᠬᠤᠨᠤᠭ ᠲᠤ᠂ ᠭᠡᠰᠢᠭᠦᠳ ᠵᠠᠰᠠᠭ ᠤᠨ ᠶᠠᠪᠤᠳᠠᠯ ᠢ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠪᠥᠬᠦ ᠬᠤᠰᠢᠭᠤᠨ ᠤ ᠭᠤᠤᠯ ᠠᠵᠢᠯ  ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠰᠦᠪᠡᠭᠴᠢᠯᠡᠵᠦ᠂ ᠦᠨᠳᠦᠰᠦᠨ ᠱᠠᠲᠤᠨ ᠤ ᠪᠠᠶᠢᠳᠠᠯ ᠪᠣᠯᠤᠨ ᠠᠷᠠᠳ ᠣᠯᠠᠨ ᠤ ᠬᠦᠰᠡᠯ ᠡᠷᠡᠮᠡᠯᠵᠡᠯ ᠢ ᠬᠤᠷᠠᠯ ᠳᠤ ᠳᠠᠮᠵᠢᠭᠤᠯᠵᠤ᠂ ᠰᠢᠯᠤᠭᠤᠨ ᠬᠥᠬᠡ ᠬᠤᠰᠢᠭᠤᠨ ᠤ ᠰᠠᠶᠢᠨ ᠰᠠᠶᠢᠬᠠᠨ ᠬᠥᠭᠵᠢᠯᠲᠡ ᠶᠢᠨ ᠵᠢᠷᠤᠭ ᠲᠥᠰᠦᠪ ᠢ ᠬᠠᠮᠲᠤ ᠪᠠᠷ ᠵᠢᠷᠤᠭᠯᠠᠬᠤ ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号